︽ᠤᠷᠳᠤᠰ ᠬᠤᠳᠠ ᠶᠢᠨ ᠪᠤᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠲᠤᠭᠳᠠᠭᠠᠯ︾ ᠳᠤ ᠵᠠᠮ | ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠵᠤ᠂ ᠠᠮᠤᠷ ᠲᠦᠪᠰᠢᠨ ᠢᠶᠠᠷ ᠶᠠᠪᠤᠵᠤ ᠰᠠᠭᠤᠬᠤ ᠳᠠᠭᠠᠨ ᠲᠤᠤᠷᠠᠬᠢ | ᠲᠣᠭᠲᠠᠭᠠᠯ ᠢ ᠵᠢᠷᠤᠮᠯᠠᠬᠤ ᠬᠡᠷᠡᠭᠳᠡᠢ ᠬᠡᠵᠤ ᠰᠠᠨᠠᠭᠤᠯᠪᠠ᠄ | | | | ︵ᠨᠢᠭᠡ︶ ᠮᠠᠰᠢᠨ ᠵᠢᠯᠣᠭᠤᠳᠬᠤ ᠳᠠᠭᠠᠨ ᠶᠠᠪᠠᠭᠠᠨ ᠬᠥᠮᠦᠨ ᠵᠠᠮ ᠬᠦ᠋ᠨᠳᠡᠯᠢᠰᠦᠨ ᠥᠩᠭᠡᠷᠡᠬᠦ ᠲᠠᠢ | ᠬᠠᠷᠭᠤᠪᠠᠯ ᠬᠤᠷᠳᠤᠴᠠ ᠪᠠᠨ ᠪᠠᠭᠠᠰᠬᠠᠬᠤ ᠬᠡᠷᠡᠭᠲᠡᠶ᠂ ᠶᠠᠪᠠᠭᠠᠨ ᠬᠥᠮᠦᠨ ᠳᠤ ᠲᠡᠷᠭᠡ ᠵᠣᠭᠰᠣᠵᠤ ᠵᠠᠮ ᠵᠠᠶᠢᠯᠠᠵᠤ | ᠦᠭᠬᠦ ᠬᠡᠷᠡᠭᠲᠡᠶ᠃ | ︵ᠬᠤᠶᠠᠷ︶ ᠮᠠᠰᠢᠨ ᠵᠢᠯᠣᠭᠤᠳᠬᠤ ᠪᠤᠶᠤ ᠲᠡᠷᠭᠡᠨ ᠳᠤ ᠰᠠᠭᠤᠬᠤ ᠳᠠᠭᠠᠨ ᠲᠡᠷᠭᠡᠨ ᠭᠠᠳᠠᠨ᠎ᠠ ᠶᠠᠭᠤᠮ᠎ᠠ | ᠬᠠᠶᠠᠵᠤ ᠠᠰᠬᠠᠵᠤ ᠪᠣᠯᠬᠤ ᠦᠭᠡᠢ᠃ | ︵ᠭᠤᠷᠪᠠ︶ ᠶᠠᠪᠠᠭᠠᠨ ᠬᠥᠮᠦᠨ ᠵᠠᠮ ᠤᠨ ᠠᠭᠤᠯᠵᠠᠷ ᠢᠶᠠᠷ ᠥᠩᠭᠡᠷᠡᠬᠦ ᠪᠤᠶᠤ ᠵᠠᠮ ᠬᠦᠨᠳᠡᠯᠢᠰᠦᠨ | ᠥᠩᠭᠡᠷᠡᠬᠦ ᠳᠡᠭᠡᠨ ᠨᠠᠭᠠᠳᠴᠤ ᠲᠤᠭᠯᠠᠵᠤ ᠪᠣᠯᠬᠤ ᠥᠬᠡᠶ᠂ ᠲᠣᠯᠣᠭᠠᠶ ᠪᠥᠬᠦ᠋ᠢᠨ ᠭᠠᠷ ᠤᠲᠠᠰᠤ ᠪᠠᠨ ᠬᠠᠷᠠᠵᠤ ᠪᠣᠯᠬᠤ | ᠥᠬᠡᠶ᠃ ᠶᠣᠰᠣᠷᠬᠠᠭ ᠢᠶᠠᠷ ᠨᠠᠶᠢᠷ ᠲᠠᠯᠪᠢᠵᠤ ᠪᠠᠶᠢᠭ᠎ᠠ ᠲᠡᠷᠭᠡ ᠬᠥᠰᠬᠡ ᠶᠢᠨ ᠡᠮᠦᠨᠡᠬᠦᠷ ᠠᠮᠤᠷ ᠲᠦᠪᠰᠢᠨ ᠢᠶᠠᠷ | ᠲᠦᠷᠭᠡᠨ ᠥᠩᠭᠡᠷᠡᠬᠦ ᠬᠡᠷᠡᠭᠲᠡᠶ᠃ | ︵ᠳᠥᠷᠪᠡ︶ ᠮᠠᠰᠢᠨ ᠲᠡᠷᠭᠡ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ ᠭᠠᠵᠠᠷ ᠢᠶᠠᠷ ᠦᠡᠭᠭᠡᠷᠡᠬᠦ | ᠪᠤᠶᠤ ᠲᠠᠭᠤ ᠱᠤᠤᠬᠢᠶᠠᠨ ᠭᠠᠷᠭᠠᠵᠤ ᠪᠤᠯᠬᠤ ᠦᠭᠡᠢ ᠴᠠᠭ ᠲᠤ ᠪᠦᠷᠢᠶ᠎ᠡ ᠳᠤᠤᠭᠠᠷᠭᠠᠵᠤ ᠪᠤᠯᠬᠤ ᠦᠭᠡᠢ᠃ | ︵ᠲᠠᠪᠤ︶ ᠮᠠᠰᠢᠨ ᠲᠡᠷᠭᠡ ᠪᠠ ᠮᠠᠰᠢᠨ ᠬᠦᠳᠡᠯᠭᠡᠭᠦᠷᠳᠤ ᠪᠤᠰᠤ ᠲᠡᠷᠭᠡ ᠨᠦᠭᠦᠳ ᠬᠠᠷᠠᠭ᠎ᠠ ᠪᠠᠨ | ᠠᠯᠳᠠᠬᠰᠠᠨ ᠬᠥᠮᠦᠨ ᠤ ᠵᠠᠮ᠂ ᠶᠠᠪᠠᠭᠠᠨ ᠬᠥᠮᠦᠨ ᠤ ᠵᠠᠮ᠂ ᠪᠡᠶ᠎ᠡ ᠪᠤᠯᠪᠠᠰᠤᠷᠠᠬᠤ ᠵᠠᠮ ᠪᠠ ᠭᠠᠯ ᠤᠨᠲᠠᠷᠠᠭᠠᠬᠤ᠂ | ᠡᠮᠴᠢᠯᠡᠭᠡᠨ ᠤ ᠲᠦᠷᠭᠡᠨ ᠠᠪᠤᠷᠠᠯᠲᠠ ᠶᠢᠨ ᠵᠠᠮ᠂ ᠣᠯᠠᠨ ᠨᠡᠶᠢᠲᠡ ᠶᠢᠨ ᠨᠡᠪᠲᠡᠷᠡᠬᠦ ᠵᠠᠮ ᠢ ᠡᠵᠡᠯᠡᠨ ᠬᠡᠷᠡᠭᠯᠡᠵᠦ ᠪᠣᠯᠬᠤ | ᠥᠬᠡᠶ᠃ | ︵ᠵᠢᠷᠭᠤᠭ᠎ᠠ︶ ᠮᠠᠰᠢᠨ ᠲᠡᠷᠭᠡ ᠪᠠ ᠮᠠᠰᠢᠨ ᠬᠦᠳᠡᠯᠭᠡᠭᠦᠷᠳᠤ ᠪᠤᠰᠤ ᠲᠡᠷᠭᠡ ᠪᠠᠨ ᠡᠮᠬᠢ ᠵᠢᠷᠤᠮ ᠲᠠᠢ | ᠵᠤᠭᠰᠤᠭᠠᠵᠤ᠂ ᠬᠠᠮᠢᠶᠠᠷᠤᠯᠲᠠ ᠶᠢ ᠳᠠᠭᠠᠵᠤ᠂ ᠪᠤᠰᠤᠳ ᠲᠡᠷᠭᠡ ᠬᠥᠰᠬᠡ᠂ ᠶᠠᠪᠠᠭᠠᠨ ᠬᠥᠮᠦᠨ ᠤ ᠨᠡᠪᠲᠡᠷᠡᠬᠦ ᠶᠢ | ᠬᠠᠷᠰᠢᠯᠠᠵᠤ ᠪᠣᠯᠬᠤ ᠥᠬᠡᠶ᠃ | ︵ᠳᠣᠯᠤᠭ᠎ᠠ︶ ᠮᠠᠰᠢᠨ ᠵᠢᠯᠣᠭᠤᠳᠴᠤ ᠤᠰᠤ ᠬᠤᠷᠠᠬᠰᠠᠨ ᠵᠠᠮ ᠢᠶᠠᠷ ᠥᠩᠭᠡᠷᠡᠬᠦ ᠳᠤ ᠬᠤᠷᠳᠤᠴᠠ ᠪᠠᠨ | ᠪᠠᠭᠠᠰᠬᠠᠨ ᠤᠳᠠᠭᠠᠨ ᠶᠠᠪᠤᠵᠤ᠂ ᠤᠰᠤ ᠦᠰᠦᠷᠬᠦ ᠶᠢ ᠰᠡᠷᠭᠡᠶᠢᠯᠡᠵᠤ᠂ ᠪᠤᠰᠤᠳ ᠢ ᠬᠠᠷᠰᠢᠯᠠᠬᠤ ᠠᠴᠠ ᠰᠡᠷᠭᠡᠶᠢᠯᠡᠬᠦ | ᠬᠡᠷᠡᠭᠲᠡᠶ᠃ | ︵ ᠨᠠᠢᠮᠨ︶ ᠮᠠᠰᠢᠨ ᠬᠦᠳᠡᠯᠭᠡᠭᠦᠷᠳᠤ ᠪᠤᠰᠤ ᠲᠡᠷᠭᠡ ᠵᠢᠯᠣᠭᠤᠳᠬᠤ ᠳᠠᠭᠠᠨ ᠵᠠᠮ ᠬᠠᠷᠢᠯᠴᠠᠭᠠᠨ ᠤ | ᠳᠣᠬᠢᠶᠠᠨ ᠳ᠋ᠧᠩ ᠤᠨ ᠵᠢᠭᠠᠪᠤᠷᠢ ᠶᠣᠰᠣᠭᠠᠷ ᠨᠡᠪᠲᠡᠷᠡᠬᠦ ᠬᠡᠷᠡᠭᠲᠡᠶ᠂ ᠲᠣᠭᠲᠠᠭᠠᠯ ᠢ ᠵᠥᠷᠢᠴᠡᠨ ᠮᠠᠰᠢᠨ ᠲᠡᠷᠭᠡᠨ ᠤ ᠵᠠᠮ᠂ | ᠶᠠᠪᠠᠭᠠᠨ ᠬᠥᠮᠦᠨ ᠤ ᠵᠠᠮ ᠢᠶᠠᠷ ᠶᠠᠪᠤᠵᠤ ᠪᠤᠯᠬᠤ ᠦᠭᠡᠢ᠂ ᠬᠤᠶᠠᠷ ᠭᠠᠷ ᠢᠶᠠᠨ ᠪᠠᠷᠢᠭᠤᠯ ᠠᠴᠠ ᠰᠠᠯᠭᠠᠬᠤ ᠪᠤᠶᠤ | ᠭᠠᠷ ᠲᠠᠭᠠᠨ ᠶᠠᠭᠤᠮ᠎ᠠ ᠪᠠᠷᠢᠵᠤ ᠪᠣᠯᠬᠤ ᠦᠭᠡᠢ᠃ ᠲᠣᠭᠲᠠᠭᠠᠯ ᠢ ᠵᠥᠷᠢᠴᠡᠨ ᠬᠥᠮᠦᠨ ᠰᠠᠭᠤᠯᠭᠠᠵᠤ ᠶᠠᠭᠤᠮ᠎ᠠ | ᠠᠴᠢᠶᠠᠯᠠᠬᠤ ᠥᠬᠡᠶ᠂ ᠵᠠᠮ ᠢ ᠰᠥᠷᠴᠤ ᠪᠤᠯᠬᠤ ᠦᠭᠡᠢ᠂ ᠬᠡᠲᠦ ᠲᠦᠷᠭᠡᠨ ᠶᠠᠪᠤᠵᠤ ᠪᠤᠯᠬᠤ ᠦᠭᠡᠢ᠃ | ︵ᠶᠢᠰᠦ︶ ᠲᠡᠷᠭᠡᠨ ᠵᠠᠮ ᠢᠶᠠᠷ ᠪᠠᠷᠠᠭ᠎ᠠ ᠲᠠᠸᠠᠷ ᠬᠤᠳᠠᠯᠳᠤᠬᠤ᠂ ᠡᠳ᠋ ᠪᠣᠳᠠᠰ ᠬᠦᠷᠭᠡᠬᠦ ᠵᠡᠷᠭᠡ ᠵᠠᠮ | ᠬᠠᠷᠢᠯᠴᠠᠭᠠᠨ ᠤ ᠠᠮᠤᠷ ᠲᠦᠪᠰᠢᠨ ᠢ ᠬᠠᠷᠰᠢᠯᠠᠬᠤ ᠦᠢᠯᠡ ᠠᠵᠢᠯᠯᠠᠭ᠎ᠠ ᠶᠢ ᠬᠢᠵᠤ ᠪᠤᠯᠬᠤ ᠦᠭᠡᠢ᠃ | ︵ᠠᠷᠪᠠ︶ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠳᠠᠭᠠᠨ ᠵᠢᠯᠣᠭᠤᠴᠢ ᠶᠢᠨ | ᠠᠮᠤᠷ ᠲᠦᠪᠰᠢᠨ ᠢᠶᠠᠷ ᠲᠡᠷᠭᠡ ᠵᠢᠯᠣᠭᠤᠳᠬᠤ ᠶᠢ ᠬᠠᠷᠰᠢᠯᠠᠬᠤ ᠦᠭᠡᠢ ᠪᠠᠶᠢᠵᠤ᠂ ᠰᠠᠭᠤᠳᠠᠯ ᠪᠤᠯᠢᠶᠠᠯᠳᠤᠵᠤ ᠪᠤᠯᠬᠤ | ᠦᠭᠡᠢ᠃ ᠰᠠᠨᠠᠭᠠᠴᠢᠯᠠᠭ᠎ᠠ ᠠᠴᠠ ᠪᠠᠨ ᠬᠥᠭᠰᠢᠨ᠂ ᠨᠢᠯᠬ᠎ᠠ᠂ ᠡᠪᠡᠳᠴᠢᠳᠡᠨ᠂ ᠵᠡᠮᠳᠡᠭ᠂ ᠵᠢᠷᠮᠦᠰᠦᠨ ᠠᠶᠠᠨᠴᠢᠳ ᠲᠤ | ᠰᠠᠭᠤᠳᠠᠯ ᠢᠶᠠᠨ ᠶᠡᠭᠦᠯᠡᠵᠦ ᠥᠭᠭᠦᠨ᠎ᠡ᠃ | ︵ᠠᠷᠪᠠᠨ ᠨᠢᠭᠡ︶ ᠨᠡᠶᠢᠲᠡ ᠶᠢᠨ ᠮᠠᠰᠢᠨ᠂ ᠲᠦᠷᠢᠶᠡᠰᠦᠨ ᠮᠠᠰᠢᠨ ᠤ ᠵᠢᠯᠤᠭᠤᠴᠢ ᠪᠠ ᠰᠦᠯᠵᠢᠶᠡᠨ | ᠳᠡᠭᠡᠷ᠎ᠡ ᠪᠤᠯᠵᠤᠭᠰᠠᠨ ᠲᠡᠷᠭᠡᠨ ᠵᠢᠯᠣᠭᠤᠴᠢ ᠪᠣᠯᠪᠠᠰᠤᠨ ᠢᠶᠠᠷ ᠮᠠᠰᠢᠨ ᠵᠢᠯᠤᠭᠤᠳᠴᠤ᠂ ᠵᠢᠷᠤᠮᠵᠢᠭᠰᠠᠨ ᠦᠢᠯᠡᠴᠢᠯᠡᠭᠡ | ᠬᠢᠬᠦ ᠬᠡᠷᠡᠭᠲᠡᠶ᠃ ᠲᠡᠷᠭᠡ ᠬᠥᠰᠬᠡ ᠶᠢᠨ ᠠᠷᠢᠭᠤᠨ ᠴᠡᠪᠡᠷ ᠢ ᠪᠠᠲᠤᠯᠠᠵᠤ᠂ ᠠᠶᠠᠨᠴᠢᠳ ᠪᠠᠭᠤᠵᠤ ᠰᠠᠭᠤᠬᠤ ᠳᠤ | ᠲᠣᠭᠲᠠᠭᠠᠯ ᠶᠣᠰᠣᠭᠠᠷ ᠲᠡᠷᠭᠡ ᠪᠠᠨ ᠵᠣᠭᠰᠣᠭᠠᠵᠤ᠂ ᠠᠶᠠᠨᠴᠢᠳ ᠢ ᠬᠠᠶᠠᠬᠤ ᠦᠭᠡᠢ᠂ ᠠᠶᠠᠨᠴᠢᠳ ᠢ ᠲᠤᠷᠤᠮᠵᠢᠯᠠᠬᠤ | ᠪᠤᠶᠤ ᠠᠴᠢᠶᠠᠯᠠᠬᠤ ᠦᠭᠡᠢ ᠬᠠᠶᠠᠵᠤ ᠤᠷᠬᠢᠵᠤ ᠪᠤᠯᠬᠤ ᠦᠭᠡᠢ᠃ |