ᠵᠡᠬᠦᠨᠭᠠᠷ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ᠄ ᠬᠡᠷᠡᠭ ᠢᠶᠠᠷ ᠬᠠᠤᠯᠢ ᠶᠢ ᠲᠠᠶᠢᠯᠪᠤᠷᠢᠯᠠᠨ ᠰᠤᠷᠤᠭᠴᠢᠳ ᠤᠨ ᠬᠠᠤᠯᠢ ᠶᠢᠨ ᠤᠬᠠᠮᠰᠠᠷ ᠢ ᠲᠡᠭᠡᠭᠰᠢᠯᠡᠬᠦᠯᠦᠨ᠎ᠠ
ᠨᠡᠶᠢᠲᠡᠯᠡᠭᠰᠡᠨ ᠴᠠᠭ᠄
2020/8/11
         ︽ᠬᠠᠤᠯᠢ ᠴᠠᠭᠠᠵᠠ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ ᠠᠵᠢᠯᠯᠠᠭ᠎ᠠ︾ ᠶᠢ ᠭᠦᠨᠵᠡᠭᠡᠶ ᠥᠷᠨᠢᠭᠦᠯᠦᠨ᠂ ᠵᠠᠯᠠᠭᠤᠴᠤᠳ ᠪᠠᠭᠠᠴᠤᠳ ᠲᠤ ᠬᠠᠤᠯᠢ ᠳᠦᠷᠢᠮ ᠤᠨ ᠤᠬᠠᠭᠤᠯᠭ᠎ᠠ ᠶᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠶᠢᠨ ᠲᠦᠯᠦᠬᠡ᠂ ᠣᠶᠢᠷ᠎ᠠ ᠳᠤ ᠵᠡᠭᠦᠨᠭᠠᠷ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠡᠷᠡᠭᠦᠤ ᠶᠢᠨ ᠬᠡᠷᠡᠭ ᠢ ᠰᠢᠭᠦᠨ ᠲᠠᠰᠤᠯᠬᠤ ᠲᠢᠩᠬᠢᠮ ᠨᠢ ᠵᠡᠭᠦᠨᠭᠠᠷ ᠬᠤᠰᠢᠭᠤᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠡᠪᠯᠡᠯ ᠤᠨ ᠬᠤᠷᠢᠶ᠎ᠠ᠂ ᠵᠡᠭᠦᠨᠭᠠᠷ ᠬᠤᠰᠢᠭᠤᠨ ᠤ ᠶᠠᠩ ᠭᠤᠸᠠᠩ ᠰᠠᠶᠢᠨ ᠳᠤᠷᠠᠴᠤᠳ ᠤᠨ ᠨᠡᠶᠢᠭᠡᠮᠯᠢᠭ ᠲᠠᠢ ᠬᠠᠮᠲᠤᠷᠠᠨ ᠵᠡᠭᠦᠨᠭᠠᠷ ᠬᠤᠰᠢᠭᠤᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠵᠠᠭᠤ ᠭᠠᠷᠤᠶ ᠠᠩᠬ᠎ᠠ ᠳᠤᠮᠳᠠᠳᠤ ᠶᠢᠨ ᠨᠢᠭᠡᠳᠦᠭᠡᠷ ᠣᠨ ᠤ ᠰᠤᠷᠤᠭᠴᠢ ᠶᠢ ᠤᠷᠢᠵᠤ᠂ ᠵᠡᠭᠦᠨᠭᠠᠷ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠰᠢᠭᠦᠨ ᠲᠠᠰᠤᠯᠬᠤ ᠲᠢᠩᠬᠢᠮ ᠳᠤ ᠵᠣᠷᠢᠭᠤᠳᠠ ᠭᠡᠮᠲᠦᠭᠡᠭᠰᠡᠨ ᠬᠡᠷᠡᠭ ᠤᠨ ᠲᠢᠩᠬᠢᠮ ᠤᠨ ᠰᠢᠭᠦᠯᠲᠡ ᠶᠢ ᠰᠤᠯᠠ ᠰᠣᠨᠣᠰᠤᠭᠤᠯᠵᠤ᠂ ᠰᠤᠷᠤᠭᠴᠢᠳ ᠲᠤ ᠨᠢᠭᠡᠨ ᠠᠮᠢᠳᠤᠯᠢᠬ ᠬᠠᠤᠯᠢ ᠳᠦᠷᠢᠮ ᠤᠨ ᠬᠢᠴᠢᠶᠡᠯ ᠢ ᠤᠷᠤᠭᠰᠠᠨ ᠪᠠᠶᠢᠨ᠎ᠠ᠃          ᠲᠤᠰ ᠬᠡᠷᠡᠭ ᠪᠣᠯ ᠶᠠᠯ᠎ᠠ ᠬᠢᠬᠦ ᠦᠶ᠎ᠡ ᠳᠤ ᠲᠦᠡᠭᠭᠡᠵᠦ ᠪᠦᠬᠦᠯᠢ ᠠᠷᠪᠠᠨ ᠨᠠᠢᠮᠠᠨ ᠨᠠᠰᠤ ᠬᠦᠷᠦᠭᠰᠡᠨ ᠰᠤᠷᠭᠠᠭᠤᠯᠢ ᠳᠤ ᠪᠠᠶᠢᠭ᠎ᠠ ᠤᠶᠤᠲᠠᠨ ᠤ ᠬᠦᠴᠦᠷᠬᠡᠭᠯᠡᠯ ᠤᠨ ᠬᠡᠷᠡᠭ ᠪᠣᠯᠤᠨ᠎ᠠ᠃ ᠬᠡᠷᠡᠭ ᠡᠭᠦᠰᠦᠭᠰᠡᠨ ᠰᠢᠯᠲᠠᠭᠠᠨ ᠨᠢ ᠵᠠᠭᠠᠯᠳᠤᠭᠳᠠᠭᠴᠢ ᠸᠠᠩ ᠣᠪᠣᠭᠲᠤ ᠪᠣᠯᠤᠨ ᠬᠤᠣᠷᠯᠠᠭᠳᠠᠭᠴᠢ ᠰᠤ᠋ ᠣᠪᠣᠭᠲᠤ ᠢᠬᠢᠷ ᠰᠢᠬᠢᠷ ᠶᠠᠪᠤᠳᠠᠯ ᠠᠴᠠ ᠪᠣᠯᠵᠤ ᠬᠡᠯᠡ ᠠᠮᠠ ᠪᠤᠯᠵᠤ᠂ ᠴᠢᠨᠠᠭᠰᠢᠯᠠᠨ ᠭᠠᠷ ᠬᠦᠳᠡᠯᠦᠭᠰᠡᠨ ᠪᠠᠶᠢᠨ᠎ᠠ᠃ ᠰᠤ᠋ ᠣᠪᠣᠭᠲᠤ ᠭᠠᠷ ᠢᠶᠠᠷ ᠢᠶᠠᠨ ᠸᠠᠩ ᠣᠪᠣᠭᠲᠤ ᠶᠢᠨ ᠵᠡᠭᠦᠨ ᠬᠠᠴᠠᠷ ᠢ ᠬᠤᠶᠠᠷ ᠤᠳᠠᠭ᠎ᠠ ᠴᠣᠬᠢᠭᠰᠠᠨ ᠤ ᠰᠡᠬᠦᠯᠡᠷ ᠸᠠᠩ ᠣᠪᠣᠭᠲᠤ ᠬᠤᠭᠤᠰᠣᠨ ᠫᠢᠸᠤ᠋ ᠶᠢᠨ ᠯᠣᠩᠬᠤ᠂ ᠬᠠᠭᠠᠷᠬᠠᠢ ᠯᠣᠩᠬᠤᠨ ᠤ ᠬᠦᠵᠦᠭᠦᠦ ᠶᠢᠨ ᠬᠡᠰᠡᠭ ᠢᠶᠠᠷ ᠰᠤ᠋ ᠣᠪᠣᠭᠲᠤ ᠶᠢᠨ ᠲᠣᠯᠣᠭᠠᠢ ᠶᠢ ᠴᠣᠬᠢᠵᠤ᠂ ᠰᠤ᠋ ᠣᠪᠣᠭᠲᠤ ᠶᠢᠨ ᠲᠣᠯᠣᠭᠠᠶ᠂ ᠨᠢᠭᠤᠷ ᠤᠨ ᠬᠡᠰᠡᠭ ᠢ ᠠᠳᠠᠯᠢ ᠪᠤᠰᠤ ᠬᠡᠮᠵᠢᠶ᠎ᠡ ᠪᠠᠷ ᠰᠢᠷᠬᠠᠲᠤᠭᠤᠯᠵᠠᠶ᠃ ᠬᠡᠷᠡᠭ ᠤᠨ ᠲᠠᠷᠠᠭ᠎ᠠ ᠵᠠᠭᠠᠯᠳᠤᠭᠳᠠᠭᠴᠢ ᠸᠠᠩ ᠣᠪᠣᠭᠲᠤ ᠬᠤᠣᠷᠯᠠᠭᠳᠠᠭᠴᠢ ᠰᠤ᠋ ᠣᠪᠣᠭᠲᠤ ᠶᠢᠨ ᠬᠤᠬᠢᠷᠠᠯ ᠢ ᠲᠦᠯᠦᠭᠰᠡᠨ ᠪᠥᠭᠡᠳ ᠲᠡᠭᠦᠨ ᠤ ᠠᠭᠤᠴᠢᠯᠠᠯ ᠢ ᠣᠯᠵᠠᠢ᠃ ᠲᠢᠩᠬᠢᠮ ᠤᠨ ᠰᠢᠭᠦᠯᠲᠡ ᠳᠤᠮᠳᠠ ᠵᠠᠭᠠᠯᠳᠤᠭᠳᠠᠭᠴᠢ ᠸᠠᠩ ᠣᠪᠣᠭᠲᠤ ᠥᠪᠡᠷ ᠤᠨ ᠨᠢᠬᠡᠨ ᠴᠠᠭ ᠤᠨ ᠲᠤᠯᠬᠢᠨ ᠵᠠᠩ ᠢᠶᠠᠷ ᠰᠤ᠋ ᠤᠪᠤᠭᠳᠤ ᠶᠢ ᠰᠢᠷᠬᠠᠳᠤᠭᠤᠯᠤᠭᠰᠠᠨ ᠠᠵᠢᠯᠯᠠᠭ᠎ᠠ ᠳᠠᠭᠠᠨ ᠬᠠᠷᠠᠮᠰᠠᠵᠤ᠂ ᠬᠤᠶᠢᠰᠢᠳᠠ ᠨᠠᠷᠢᠨ ᠬᠢᠨᠠᠮᠠᠭᠠᠢ ᠨᠣᠮ ᠤᠩᠰᠢᠨ᠂ ᠬᠠᠤᠯᠢ ᠶᠢ ᠰᠠᠬᠢᠭᠰᠠᠨ ᠠᠷᠠᠳ ᠢᠷᠬᠡᠳ ᠪᠤᠯᠬᠤ ᠪᠠᠷ ᠵᠤᠷᠢᠭ ᠰᠢᠭᠤᠳᠤᠭᠰᠠᠨ ᠢᠶᠠᠨ ᠢᠯᠡᠷᠬᠡᠶᠢᠯᠡᠪᠡ᠃ ᠬᠡᠷᠡᠭ ᠤᠨ ᠰᠢᠭᠦᠨ ᠲᠠᠰᠤᠯᠤᠯᠲᠠ ᠶᠢ ᠲᠤᠬᠠᠶ ᠶᠢᠨ ᠲᠢᠩᠬᠢᠮ ᠳᠤ ᠵᠠᠷᠯᠠᠵᠤ᠂ ᠵᠠᠭᠠᠯᠳᠤᠭᠳᠠᠭᠴᠢ ᠸᠠᠩ ᠣᠪᠣᠭᠲᠤ ᠵᠣᠷᠢᠭᠤᠳᠠ ᠭᠡᠮᠲᠦᠭᠡᠭᠰᠡᠨ ᠶᠠᠯ᠎ᠠ ᠬᠢᠭᠰᠡᠨ ᠠᠴᠠ ᠨᠢᠭᠡ ᠵᠢᠯ ᠬᠤᠭᠤᠴᠠᠭ᠎ᠠ ᠲᠠᠢ ᠬᠤᠷᠢᠬᠤ ᠪᠠᠷ ᠰᠢᠢᠳᠬᠡᠭᠳᠡᠵᠦ᠂ ᠡᠷᠡᠭᠦᠦ ᠶᠢᠨ ᠰᠢᠢᠳᠬᠡᠯ ᠢ ᠨᠢᠬᠡ ᠵᠢᠯ ᠬᠤᠶᠢᠰᠢᠯᠠᠭᠤᠯᠤᠭᠰᠠᠨ ᠪᠠᠶᠢᠨ᠎ᠠ᠃          ᠰᠢᠭᠦᠯᠲᠡ ᠳᠠᠭᠤᠰᠤᠭᠰᠠᠨ ᠤ ᠳᠠᠷᠠᠭ᠎ᠠ᠂ ᠬᠠᠮᠲᠤᠷᠠᠨ ᠵᠥᠪᠯᠡᠬᠦ ᠲᠢᠩᠬᠢᠮ ᠤᠨ ᠪᠦᠷᠢᠯᠳᠦᠬᠦᠨ ᠮᠠ ᠬᠦᠶ ᠶᠢᠩ ᠰᠢᠭᠦᠭᠴᠢ᠂ ᠴᠢᠦᠶ ᠶᠢᠨ ᠰᠢᠭᠦᠭᠴᠢ ᠵᠢᠴᠢ ᠵᠡᠭᠦᠨᠭᠠᠷ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠹᠧᠩ ᠶᠠᠨ ᠰᠢᠶᠠ ᠪᠠᠶᠢᠴᠠᠭᠠᠭᠴᠢ ᠲᠤᠬᠠᠶ ᠶᠢᠨ ᠲᠠᠯᠠᠪᠤᠷ ᠲᠤ ᠰᠤᠯᠠ ᠰᠣᠨᠣᠰᠴᠤ ᠪᠠᠶᠢᠭ᠎ᠠ ᠰᠣᠷᠣᠭᠴᠢᠳ ᠲᠤ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠰᠤᠷᠤᠭᠴᠢᠳ ᠢ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠬᠦᠴᠦᠷᠬᠡᠭᠯᠡᠯ ᠤᠨ ᠠᠵᠢᠯᠯᠠᠭ᠎ᠠ ᠪᠠᠷ ᠠᠰᠠᠭᠤᠳᠠᠯ ᠰᠢᠢᠳᠪᠦᠷᠢᠯᠡᠬᠦ ᠶᠢ ᠬᠤᠷᠢᠭᠯᠠᠬᠤ ᠶᠢᠨ ᠬᠠᠮᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠳᠤ ᠤᠴᠠᠷᠠᠪᠠᠯ ᠬᠡᠷᠬᠢᠨ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠵᠡᠷᠭᠡ ᠲᠠᠯ᠎ᠠ ᠪᠠᠷ ᠰᠤᠷᠭᠠᠨ ᠬᠥᠮᠦᠵᠢᠭᠦᠯᠪᠡ᠃ ᠰᠤᠷᠤᠯᠴᠠᠯᠭ᠎ᠠ ᠲᠡᠬᠦᠰᠦᠭᠰᠡᠨ ᠤ ᠲᠠᠷᠠᠭ᠎ᠠ ᠰᠤᠷᠤᠭᠴᠢᠳ ᠬᠤᠶᠢᠰᠢᠳᠠ ᠰᠤᠷᠤᠯᠴᠠᠯᠭ᠎ᠠ ᠠᠮᠢᠳᠤᠷᠠᠯ ᠳᠤᠮᠳᠠ ᠪᠠᠨ ᠤᠴᠢᠷ ᠶᠠᠪᠤᠳᠠᠯ ᠲᠤᠬᠢᠶᠠᠯᠳᠤᠪᠠᠯ ᠯᠠᠪᠳᠠᠶ᠎ᠡ ᠯᠠᠪᠳᠠᠭᠤᠨ ᠲᠣᠭᠲᠠᠭᠤᠨ ᠢᠶᠠᠷ ᠬᠠᠨᠳᠤᠵᠤ᠂ ᠬᠠᠮᠲᠤ ᠰᠤᠷᠤᠯᠭᠠᠲᠠᠳ ᠢᠶᠠᠨ ᠬᠠᠶᠢᠷᠠᠯᠠᠨ ᠬᠠᠯᠠᠮᠵᠢᠯᠠᠵᠤ᠂ ᠬᠠᠤᠯᠢ ᠶᠢ ᠮᠡᠳᠡᠵᠦ ᠬᠠᠤᠯᠢ ᠶᠢ ᠰᠠᠬᠢᠳᠠᠭ ᠵᠠᠯᠠᠭᠤ ᠪᠠᠭᠠᠴᠤᠳ ᠪᠣᠯᠤᠨ᠎ᠠ ᠬᠡᠵᠦ ᠢᠯᠡᠷᠬᠡᠶᠢᠯᠡᠵᠦ ᠪᠠᠶᠢᠯ᠎ᠠ᠃          ᠲᠣᠰ ᠤᠳᠠᠭᠠᠨ ᠤ ᠳᠤᠮᠳᠠᠳᠤ ᠰᠤᠷᠭᠠᠭᠤᠯᠢ ᠶᠢᠨ ᠰᠣᠷᠣᠭᠴᠢ ᠶᠢ ᠰᠢᠭᠦᠬᠦ ᠬᠤᠷᠢᠶᠠᠨ ᠳᠤ ᠤᠷᠢᠵᠤ ᠲᠢᠩᠬᠢᠮ ᠤᠨ ᠰᠢᠭᠦᠯᠲᠡ ᠶᠢᠨ ᠠᠵᠢᠯᠯᠠᠭ᠎ᠠ ᠶᠢ ᠰᠤᠯᠠ ᠰᠣᠨᠣᠰᠤᠭᠤᠯᠤᠭᠰᠠᠨ ᠶᠠᠪᠤᠳᠠᠯ ᠪᠣᠯ ᠵᠡᠬᠦᠨᠭᠠᠷ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠡᠷᠡᠭᠦᠤ ᠶᠢᠨ ᠬᠡᠷᠡᠭ ᠤᠨ ᠰᠢᠭᠦᠯᠲᠡ ᠶᠢᠨ ᠨᠢᠭᠡ ᠤᠳᠠᠭᠠᠨ ᠤ ᠰᠢᠨ᠎ᠡ ᠶᠢ ᠡᠬᠦᠳᠦᠭᠰᠡᠨ ᠠᠷᠭ᠎ᠠ ᠬᠡᠮᠵᠢᠶ᠎ᠠ ᠪᠤᠯᠬᠤ ᠶᠤᠮ᠃ ᠤᠯᠠᠮᠵᠢᠯᠠᠯᠲᠤ ︽ᠭᠠᠳᠠᠭᠰᠢ ᠭᠠᠷᠴᠤ︾ ᠰᠤᠷᠭᠠᠭᠤᠯᠢ ᠶᠢᠨ ᠬᠦᠷᠢᠶᠡᠨ ᠳᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠬᠦᠯᠦᠭᠰᠡᠨ ᠰᠠᠭᠤᠷᠢᠨ ᠳᠡᠭᠡᠷ᠎ᠡ ︽ᠤᠷᠢᠵᠤ ᠠᠪᠴᠢᠷᠠᠬᠤ︾ ᠠᠷᠭ᠎ᠠ ᠮᠠᠶ᠋ᠢᠭ ᠲᠠᠢ ᠤᠶᠠᠯᠳᠤᠭᠤᠯᠵᠤ᠂ ᠰᠤᠷᠤᠭᠴᠢᠳ ᠲᠤ ᠰᠢᠭᠦᠬᠦ ᠬᠤᠷᠢᠶᠠᠨ ᠤ ᠰᠢᠭᠦᠨ ᠲᠠᠰᠤᠯᠤᠯᠲᠠ ᠶᠢ ᠨᠡᠩ ᠤᠯᠠᠨ ᠲᠠᠯ᠎ᠠ ᠠᠴᠠ ᠮᠦᠷᠳᠡᠬᠡᠨ ᠰᠢᠭᠤᠳ ᠣᠶᠢᠯᠠᠭᠠᠭᠤᠯᠵᠤ᠂ ᠤᠴᠢᠷ ᠶᠠᠪᠤᠳᠠᠯ ᠲᠣᠬᠢᠶᠠᠯᠳᠤᠪᠠᠯ ᠯᠠᠪᠳᠠᠭᠤᠨ ᠲᠤᠭᠳᠠᠭᠤᠨ ᠢᠶᠠᠷ ᠬᠠᠨᠳᠤᠬᠤ ᠬᠡᠷᠡᠭᠳᠡᠢ ᠬᠡᠳᠡᠭ ᠢ ᠲᠠᠨᠢᠭᠤᠯᠤᠨ᠂ ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠭᠰᠡᠨ ᠪᠠᠶᠢᠨ᠎ᠠ᠃
ᠢᠷᠡᠯᠲᠡ᠄ ᠤᠷᠳᠤᠰ ᠮᠤᠩᠭᠤᠯ ᠰᠦᠯᠵᠢᠶ᠎ᠡ