ᠤᠷᠳᠤᠰ ᠬᠤᠳᠠ ᠶᠢᠨ ᠨᠠᠢᠮᠠᠳᠠᠬᠢ ᠤᠳᠠᠭᠠᠨ ᠤ ︽ᠬᠠᠸᠠᠩ ᠲᠢᠭ︾ ᠮᠤᠩᠭᠤᠯ ᠤᠷᠠᠨ ᠪᠢᠴᠢᠯᠬᠡ ᠶᠢᠨ ᠪᠤᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2020/8/11
          ᠤᠷᠳᠤᠰ ᠬᠤᠳᠠ ᠶᠢᠨ ᠨᠠᠢᠮᠠᠳᠠᠬᠢ ᠤᠳᠠᠭᠠᠨ ᠤ ︽ᠬᠠᠸᠠᠩ ᠲᠢᠭ︾ ᠮᠤᠩᠭᠤᠯ ᠤᠷᠠᠨ ᠪᠢᠴᠢᠯᠬᠡ ᠶᠢᠨ ᠪᠤᠯᠪᠠᠰᠤᠷᠠᠯ ᠤᠨ ᠰᠤᠷᠤᠯᠭ᠎ᠠ ᠲᠡᠬᠦᠰᠬᠦ ᠶᠤᠰᠤᠯᠠᠯ ᠤᠢᠢᠷ᠎ᠠ ᠶᠢᠨ ᠡᠳᠦᠷ ᠤᠷᠳᠤᠰ ᠬᠤᠳᠠ ᠶᠢᠨ ᠤᠳᠤᠭ ᠬᠤᠰᠢᠭᠤᠨ ᠤ ︽ᠮᠤᠩᠭᠤᠯ ᠤᠨ ᠨᠢᠭᠤᠴᠠ ᠲᠤᠪᠴᠢᠶᠠᠨ︾ ᠤ ᠮᠦᠽᠸᠢ ᠳᠤ ᠶᠠᠪᠤᠭᠳᠠᠪᠠ᠃  
         ᠨᠡᠷᠡᠳᠦ ᠤᠷᠠᠨ ᠪᠢᠴᠢᠯᠬᠡᠳᠡᠨ᠂ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠮᠤᠩᠭᠤᠯ ᠤᠷᠠᠨ ᠪᠢᠴᠢᠯᠬᠡ ᠶᠢᠨ ᠦᠪᠯᠡᠨ ᠤᠯᠠᠮᠵᠢᠯᠠᠭᠴᠢ ᠪᠤᠤ ᠶᠢᠨ ᠱᠠᠨ ᠤ ᠰᠠᠨᠠᠭᠠᠴᠢᠯᠠᠭ᠎ᠠ ᠪᠠ ᠪᠠᠭᠰᠢ ᠠᠵᠢᠯᠳᠠᠳ ᠤᠨ ᠴᠢᠷᠮᠠᠶᠢᠯᠭ᠎ᠠ ᠪᠠᠷ ᠪᠦᠬᠦ ᠬᠤᠳᠠ ᠶᠢᠨ ᠬᠡᠪᠴᠢᠶᠠᠨ ᠤ ︽ᠬᠠᠸᠠᠩ ᠲᠢᠭ︾ ᠮᠤᠩᠭᠤᠯ ᠤᠷᠠᠨ ᠪᠢᠴᠢᠯᠬᠡ ᠶᠢᠨ ᠠᠩᠭᠢ ᠦᠨᠦ ᠵᠢᠯ ᠳᠤ ᠲᠦᠷᠪᠡ ᠤᠳᠠᠭᠠᠨ ᠤ ᠪᠤᠯᠪᠠᠰᠤᠷᠠᠯ ᠢ ᠠᠮᠵᠢᠯᠳᠠᠲᠠᠢ ᠡᠷᠬᠢᠯᠡᠵᠤ᠂ ᠤᠷᠢᠳ ᠬᠤᠵᠢᠳ ᠨᠡᠶᠢᠳᠡ 600 ᠭᠠᠷᠤᠢ ᠪᠠᠭᠰᠢ᠂ 3600 ᠭᠠᠷᠤᠢ ᠰᠤᠷᠤᠭᠴᠢ ᠶᠢ ᠬᠦᠮᠦᠵᠢᠬᠦᠯᠦᠨ ᠭᠠᠷᠭᠠᠵᠠᠢ᠃
          ᠲᠤᠰ ᠤᠳᠠᠭᠠᠨ ᠤ ᠪᠤᠯᠪᠠᠰᠤᠷᠠᠯ ᠳᠤ ᠨᠡᠶᠢᠳᠡ ᠵᠠᠭᠤᠭᠠᠳ ᠰᠤᠷᠤᠭᠴᠢ ᠤᠷᠤᠯᠴᠠᠵᠤ᠂ ᠬᠢᠷᠢ ᠲᠡᠩᠴᠡᠭᠰᠡᠳ ᠲᠤ ᠨᠠᠢᠮᠠᠨ ᠮᠤᠵᠢ ᠤᠷᠤᠨ ᠤ ᠤᠷᠠᠨ ᠪᠢᠴᠢᠯᠬᠡ ᠶᠢᠨ ᠵᠢᠭᠠᠨ ᠰᠤᠳᠤᠯᠬᠤ ᠪᠤᠯᠪᠠᠰᠤᠷᠠᠯ ᠤᠨ ᠰᠠᠭᠤᠷᠢᠨ ᠭᠠᠵᠠᠷ ᠠᠴᠠ ᠰᠤᠷᠤᠯᠭ᠎ᠠ ᠲᠡᠬᠦᠰᠦᠭᠰᠡᠨ ᠦᠨᠡᠮᠯᠡᠯ ᠭᠠᠷᠳᠠᠭᠤᠯᠤᠭᠰᠠᠨ ᠪᠦᠬᠡᠳ ᠤᠷᠠᠨ ᠪᠢᠴᠢᠯᠬᠡ ᠶᠢᠨ ᠪᠦᠲᠦᠬᠡᠯ ᠢ ᠨᠢ ᠲᠡᠯᠬᠡᠨ ᠦᠵᠡᠬᠦᠯᠵᠡᠢ᠃
ᠢᠷᠡᠯᠲᠡ᠄ ᠤᠷᠳᠤᠰ ᠮᠤᠩᠭᠤᠯ ᠰᠦᠯᠵᠢᠶ᠎ᠡ