ᠥᠪᠡᠷᠳᠡᠭᠡᠨ ᠵᠠᠰᠠᠬᠤ ᠤᠷᠤᠨ ᠤ ᠠᠵᠢᠯ ᠦᠢᠯᠡᠰ ᠤᠨ ᠨᠢᠭᠡᠴᠢ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠲᠤᠷᠰᠢᠯᠳᠠ ᠶᠢᠨ ᠴᠡᠭ ᠤᠨ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠪᠠ                                                                  ᠬᠢᠶ᠎ᠠ ᠪᠠᠭᠰᠢ ᠲᠣᠭᠤᠷᠢᠭ ᠤᠨ ᠤᠳᠤᠷᠢᠳᠤᠯᠭ᠎ᠠ ᠬᠤᠪᠢᠶᠠᠷᠢ ᠬᠤᠷᠠᠯ ᠤᠨ ᠲᠠᠯᠠᠪᠠᠢ ᠳᠤ  ᠣᠷᠣᠯᠴᠠᠪᠠ
ᠨᠡᠶᠢᠲᠡᠯᠡᠭᠰᠡᠨ ᠴᠠᠭ᠄
2020/8/11
          8 ᠰᠠᠷ᠎ᠠ ᠶᠢᠨ 6 ᠤ ᠡᠳᠦᠷ᠂ ᠥᠪᠡᠷᠳᠡᠭᠡᠨ ᠵᠠᠰᠠᠬᠤ ᠤᠷᠤᠨ ᠤ ᠠᠵᠢᠯ ᠦᠢᠯᠡᠰ ᠤᠨ ᠨᠢᠭᠡᠴᠢ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠲᠤᠷᠰᠢᠯᠳᠠ ᠶᠢᠨ ᠴᠡᠭ ᠤᠨ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠤᠷᠤᠯᠴᠠᠬᠤ ᠶᠢᠨ ᠬᠠᠮᠳᠦ ᠶᠠᠷᠢᠶ᠎ᠠ ᠲᠠᠯᠪᠢᠵᠠᠢ᠃
          ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠳᠠᠷᠤᠭ᠎ᠠ ᠶᠠᠩ ᠸᠧᠢ ᠳ᠋ᠦᠩ ︽ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠵᠢᠯ ᠦᠢᠯᠡᠰ ᠤᠨ ᠨᠢᠭᠡᠴᠢ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠲᠤᠷᠰᠢᠯᠳᠠ ᠶᠢᠨ ᠴᠡᠭ ᠤᠨ ᠠᠵᠢᠯ ᠤᠨ ᠭᠡᠷᠡᠭᠵᠢᠬᠦᠯᠬᠦ ᠲᠦᠰᠦᠯ︾ ᠤᠨ ᠲᠤᠬᠠᠢ ᠳᠤᠳᠤᠷᠬᠠᠢᠢᠯᠠᠯᠳᠠ ᠬᠢᠪᠠ᠃ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠱᠤᠤ ᠴᠦᠨ᠂ ᠠᠢ ᠯᠢ ᠬᠤᠸᠠ᠂ ᠡᠸᠦ ᠶᠠᠩ ᠰᠢᠶᠤᠤ ᠬᠤᠢ᠂ ᠯᠢ ᠪᠢᠩ ᠷᠦᠩ ᠬᠤᠷᠠᠯ ᠳᠤ ᠤᠷᠤᠯᠴᠠᠵᠠᠢ᠃           ᠱᠢ ᠲᠠᠢ ᠹᠧᠩ᠂ ᠠᠵᠢᠯ ᠦᠢᠯᠡᠰ ᠤᠨ ᠨᠢᠭᠡᠴᠢ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠪᠤᠯ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠶᠢᠨ ᠭᠤᠤᠯᠳᠠᠯᠭ᠎ᠠ ᠲᠠᠢ ᠡᠬᠦᠷᠭᠡ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠴᠢᠬᠤᠯᠠ ᠠᠭᠤᠯᠭ᠎ᠠ ᠮᠦᠨ᠃ ᠨᠠᠮ ᠤᠨ ᠲᠦᠪ ᠬᠤᠷᠢᠶ᠎ᠠ ᠠᠴᠠ ᠮᠠᠨ ᠤ ᠤᠷᠤᠨ ᠢ ᠠᠵᠢᠯ ᠦᠢᠯᠡᠰ ᠤᠨ ᠨᠢᠭᠡᠴᠢ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠪᠦᠬᠦ ᠤᠷᠤᠨ ᠪᠦᠰᠡ ᠶᠢᠨ ᠲᠤᠷᠰᠢᠯᠲᠠ ᠶᠢᠨ ᠴᠡᠭ ᠤᠨ ᠮᠤᠵᠢ ᠤᠷᠤᠨ ᠤ ᠨᠢᠭᠡ ᠪᠤᠯᠭᠠᠭᠰᠠᠨ ᠨᠢ ᠥᠪᠦᠷ ᠮᠤᠩᠭᠤᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ ᠪᠠᠶᠢᠬᠤ ᠪᠠ ᠢᠳᠡᠭᠡᠵᠦ ᠪᠠᠶᠢᠬᠤ ᠶᠢ ᠬᠦᠢᠴᠡᠳ ᠬᠠᠷᠠᠭᠤᠯᠵᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠤᠯᠤᠰ ᠲᠦᠷᠦ᠂ ᠪᠦᠬᠦ ᠲᠠᠯ᠎ᠠ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠠᠵᠢᠯ ᠦᠢᠯᠡᠰ ᠤᠨ ᠨᠢᠭᠡᠴᠢ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠶᠢᠨ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠵᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠬᠦᠷᠭᠡᠯᠡᠵᠦ᠂ ᠤᠯᠤᠰ ᠤᠨ ᠦᠵᠦ ᠲᠦᠯᠦᠪᠯᠡᠭᠡ ᠲᠤᠤᠷ᠎ᠠ ᠦᠢᠯᠡᠳᠦᠯᠭᠡ ᠶᠢᠨ ᠰᠦᠪᠡᠭᠴᠢᠯᠡᠯᠳᠠ ᠬᠢᠬᠦ ᠪᠠᠨ ᠴᠢᠩᠭᠠᠳᠬᠠᠵᠦ᠂ ᠲᠤᠷᠰᠢᠵᠦ ᠪᠠᠶᠢᠭᠠᠳ ᠲᠤᠷᠰᠢᠯᠭ᠎ᠠ ᠲᠠᠢ ᠪᠤᠯᠵᠦ᠂ ᠡᠷᠴᠢᠮ ᠲᠠᠢ ᠪᠤᠯᠵᠦ᠂ ᠪᠤᠳᠠᠳᠤ ᠪᠦᠳᠦᠮᠵᠢᠳᠠᠢ ᠪᠤᠯᠬᠤ ᠶᠢ ᠪᠠᠳᠤᠯᠠᠬᠤ ᠭᠡᠷᠡᠭᠲᠡᠢ ᠭᠡᠵᠦ ᠵᠢᠭᠠᠵᠦ ᠭᠠᠷᠭᠠᠵᠠᠢ᠃           ᠱᠢ ᠲᠠᠢ ᠹᠧᠩ  ᠂ ᠲᠦᠪ ᠤᠨ ᠠᠵᠢᠯ ᠦᠢᠯᠡᠰ ᠤᠨ ᠨᠢᠬᠡᠴᠢ ᠵᠢᠨ‌ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠲᠤᠷᠰᠢᠯᠳᠠ ᠶᠢᠨ ᠴᠡᠭ ᠤᠨ ᠠᠵᠢᠯ ᠤᠨ ᠲᠤᠬᠠᠢ ᠶᠡᠷᠤᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠥ᠂ ᠴᠢᠬᠤᠯᠠ ᠶᠡᠭᠡ ᠵᠠᠷᠴᠢᠮ ᠢ ᠪᠠᠳᠤ ᠡᠵᠡᠮᠰᠢᠵᠥ᠂ ᠢᠮᠠᠬᠳᠠ ᠵᠦᠪ ᠴᠢᠭᠯᠡᠯ ᠢᠶᠠᠷ ᠦᠬᠡᠷᠡᠴᠢᠯᠡᠯᠳᠡ ᠶᠢᠨ ᠲᠤᠷᠰᠢᠯᠳᠠ ᠶᠢᠨ ᠴᠡᠭ ᠤᠨ ᠠᠵᠢᠯ ᠢ ᠠᠬᠢᠭᠤᠯᠬᠤ ᠬᠡᠷᠡᠭᠳᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠵᠥ᠂ ᠨᠠᠮ ᠤᠨ ᠤᠳᠤᠷᠢᠳᠤᠯᠭ᠎ᠠ ᠶᠢ ᠠᠵᠢᠯ ᠦᠢᠯᠡᠰ ᠤᠨ ᠨᠢᠬᠡᠴᠢ ᠶᠢᠨ ᠦᠬᠡᠷᠡᠴᠢᠯᠡᠯᠳᠡ ᠬᠦᠭᠵᠢᠯᠳᠡ ᠪᠤᠯᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠡᠯ᠎ᠡ ᠲᠡᠯ᠎ᠡ ᠪᠦᠬᠦ ᠶᠠᠪᠤᠴᠠ ᠳᠤ ᠲᠤᠭᠤᠰᠢᠯᠠᠭᠤᠯᠵᠥ᠂ ᠨᠠᠮ ᠤᠨ ᠤᠳᠤᠷᠢᠳᠬᠤ ᠲᠦᠷᠢᠮ ᠢ ᠪᠤᠳᠠᠳᠠᠢ ᠲᠤᠬᠢᠷᠠᠭᠤᠯᠬᠤ᠂ ᠦᠢᠯᠡᠳᠦᠯ ᠢ ᠨᠢ ᠪᠤᠳᠠᠳᠠᠢ ᠪᠠᠳᠠᠷᠠᠭᠤᠯᠬᠤ᠂ ᠪᠤᠳᠠᠳᠠᠢ ᠦᠷ᠎ᠠ ᠪᠦᠳᠦᠮᠵᠢ ᠤᠯᠬᠤ ᠶᠢ ᠪᠡᠶᠡᠯᠡᠬᠦᠯᠬᠦ ᠬᠡᠷᠡᠭᠳᠡᠢ᠃ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠥ᠂ ᠠᠷᠠᠳ ᠤᠨ ᠠᠮᠢᠳᠤᠷᠠᠯ ᠤᠨ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠥ᠂ ᠨᠡᠶᠢᠳᠡ ᠶᠢᠨ ᠠᠰᠠᠷᠠᠮᠵᠢ ᠶᠢᠨ ᠦᠢᠯᠡᠴᠢᠯᠡᠬᠡᠨ ᠤ ᠬᠠᠩᠭᠠᠯᠭ᠎ᠠ ᠶᠢᠨ ᠪᠦᠳᠦᠴᠡ ᠶᠢ ᠰᠠᠶᠢᠵᠢᠷᠠᠭᠤᠯᠵᠥ ᠂ ᠦᠢᠯᠡᠴᠢᠯᠡᠭᠡ ᠬᠠᠩᠭᠠᠬᠤ ᠠᠷᠭ᠎ᠠ ᠬᠡᠯᠪᠡᠷᠢ ᠶᠢ ᠰᠢᠨᠡᠴᠢᠯᠡᠵᠥ᠂ ᠦᠢᠯᠡᠴᠢᠯᠡᠬᠡᠨ ᠤ ᠴᠢᠳᠠᠪᠤᠷᠢ ᠶᠢᠨ ᠲᠦᠪᠰᠢᠨ ᠢ ᠲᠡᠭᠡᠭᠰᠢᠯᠡᠬᠦᠯᠵᠥ᠂ ᠦᠬᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠬᠡᠯ ᠢ ᠨᠡᠩ ᠤᠯᠠᠨ ᠨᠡᠩ ᠡᠷᠬᠡ ᠲᠡᠭᠰᠢ ᠪᠠᠷ ᠪᠦᠬᠦ ᠠᠷᠠᠳ ᠲᠦᠮᠡᠨ ᠳᠤ ᠬᠦᠷᠳᠡᠬᠡᠬᠦ ᠬᠡᠷᠡᠭᠳᠡᠢ᠃ ᠰᠢᠯᠢᠳᠡᠭᠵᠢᠬᠦᠯᠬᠦ ᠬᠠᠮᠵᠢᠯᠴᠠᠬᠤ ᠦᠨᠳᠤᠷ ᠦᠷ ᠎ᠡ ᠪᠦᠳᠦᠮᠵᠢᠳᠡᠢ ᠪᠠᠶᠢᠬᠤ ᠶᠢ ᠪᠠᠷᠢᠮᠳᠠᠯᠠᠵᠥ᠂ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠪᠠᠶᠢᠬᠤ᠂ ᠡᠷᠬᠡ ᠬᠠᠷᠢᠭᠤᠴᠠᠯᠭ᠎ᠠ ᠨᠢᠬᠡᠳᠤᠯᠳᠡᠢ ᠪᠠᠶᠢᠬᠤ ᠬᠠᠷᠠᠯᠳᠡ ᠪᠠᠷ ᠪᠠᠶᠢᠭᠤᠯᠤᠮᠵᠢ ᠶᠢᠨ ᠡᠬᠦᠷᠬᠡ ᠴᠢᠳᠠᠪᠬᠢ ᠶᠢ ᠰᠢᠯᠢᠳᠡᠭᠵᠢᠬᠦᠯᠵᠥ᠂ ᠨᠢᠬᠡᠳᠤᠯᠳᠡᠢ ᠪᠠᠶᠢᠬᠤ ᠪᠠ ᠰᠠᠯᠭᠠᠬᠤ᠂ ᠭᠤᠤᠯ ᠪᠠ ᠲᠡᠳ᠋ ᠤᠨ ᠬᠠᠷᠠᠯᠳᠡ ᠪᠠᠷ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠵᠥ᠂ ᠲᠤᠰᠢᠶᠠᠯ ᠬᠠᠷᠢᠭᠤᠴᠠᠯᠭ᠎ᠠ ᠪᠠᠨ ᠪᠤᠳᠠᠳᠠᠢ ᠬᠦᠢᠴᠡᠳᠬᠡᠬᠦ᠂ ᠶᠠᠪᠤᠴᠠ ᠲᠠᠷᠠᠭᠠᠯᠠᠯ ᠰᠢᠯᠤᠭᠤᠬᠠᠨ ᠪᠠᠶᠢᠬᠤ ᠬᠠᠷᠠᠯᠳᠡ ᠪᠠᠷ ᠦᠢᠯᠡᠴᠢᠯᠡᠬᠡᠨ ᠤ ᠦᠷ᠎ᠡ ᠪᠦᠳᠦᠮᠵᠢ ᠶᠢ ᠲᠡᠭᠡᠭᠰᠢᠯᠡᠬᠦᠯᠵᠥ᠂ ᠠᠵᠢᠯ ᠦᠢᠯᠡᠰ ᠤᠨ ᠨᠢᠬᠡᠴᠢ ᠶᠢᠨ ᠦᠬᠡᠷᠡᠴᠢᠯᠡᠯᠳᠡ ᠳᠤ ︽ᠹᠢᠽᠢᠺ ᠤᠨ ᠬᠤᠪᠢᠷᠠᠯᠳᠠ︾ ᠪᠠᠶᠢᠬᠤ ᠪᠠᠷ ᠪᠠᠷᠠᠬᠤ ᠦᠬᠡᠢ ᠪᠠᠰᠠ ︽ᠬᠢᠮᠢ ᠶᠢᠨ ᠤᠷᠪᠠᠯ︾ ᠪᠠᠶᠢᠬᠤ ᠶᠢ ᠪᠡᠶᠡᠯᠡᠬᠦᠯᠬᠦ ᠬᠡᠷᠡᠭᠳᠡᠢ᠃ ᠯᠠᠪᠳᠠᠭᠤᠨ ᠪᠠᠳᠤᠳᠠᠢ ᠠᠬᠢᠭᠤᠯᠬᠤ ᠶᠢ ᠪᠠᠷᠢᠮᠳᠠᠯᠠᠵᠤ᠂ ᠰᠢᠨᠵᠢᠯᠡᠬᠦ ᠤᠬᠠᠭᠠᠨᠴᠢ ᠪᠠᠷ ᠦᠨᠡᠯᠡᠬᠦ᠂ ᠪᠦᠷᠢᠨ ᠲᠡᠭᠦᠯᠳᠡᠷ ᠲᠦᠯᠦᠪᠵᠢᠬᠦᠯᠬᠦ ᠪᠠ ᠬᠦᠢᠴᠡᠳ ᠪᠡᠯᠡᠳᠬᠡᠯ ᠬᠢᠬᠦ ᠶᠢ ᠴᠢᠩᠭᠠᠳᠬᠠᠵᠤ᠂ ᠲᠦᠷᠤ ᠶᠢᠨ ᠪᠤᠳᠤᠯᠭ᠎ᠠ ᠶᠢ ᠢᠵᠢ ᠪᠦᠷᠢᠳᠤᠬᠦᠯᠬᠦ ᠪᠠ ᠲᠤᠬᠠᠢᠢᠯᠠᠭᠰᠠᠠ ᠠᠵᠢᠯ ᠢ ᠵᠠᠯᠭᠠᠯᠲᠤᠭᠤᠯᠤᠨ ᠶᠠᠪᠤᠭᠲᠠᠭᠤᠯᠬᠤ ᠶᠢ ᠲᠤᠬᠢᠲᠠᠢ ᠰᠠᠶᠢᠨ ᠬᠢᠵᠤ᠂ ᠦᠬᠡᠷᠡᠴᠢᠯᠠᠯᠳᠠ ᠶᠢᠨ ᠲᠤᠷᠰᠢᠯᠳᠠ ᠶᠢᠨ ᠴᠡᠭ ᠤᠨ ᠠᠵᠢᠯ ᠬᠦᠴᠤᠨ ᠲᠠᠢ ᠡᠮᠬᠢ ᠵᠠᠮᠪᠠᠷᠠᠭ᠎ᠠ ᠲᠠᠢ᠂ ᠠᠶᠤᠯ ᠲᠦᠭᠰᠢᠬᠦᠷᠢ ᠶᠢ ᠡᠵᠡᠮᠳᠡᠵᠤ ᠲᠡᠶᠢᠯᠬᠦ᠂ ᠦᠷ᠎ᠡ ᠪᠦᠳᠤᠮᠵᠢ ᠶᠢ ᠵᠢᠱᠢᠵᠤ ᠲᠡᠶᠢᠯᠬᠦ ᠶᠢ ᠪᠠᠳᠤᠯᠠᠬᠤ ᠭᠡᠷᠡᠭᠳᠠᠢ ᠬᠡᠵᠤ ᠴᠢᠬᠤᠯᠠᠴᠢᠯᠠᠪᠠ᠃           ᠱᠢ ᠲᠠᠢ ᠹᠧᠩ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ᠂ ᠦᠷ᠎ᠠ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠵᠠᠩᠬᠢᠯᠠᠭ᠎ᠠ ᠭᠤᠤᠯᠳᠠᠯᠭ᠎ᠠ ᠳᠤ ᠠᠩᠬᠠᠷᠤᠯ ᠢᠶᠠᠨ ᠲᠦᠪᠯᠡᠷᠡᠬᠦᠯᠵᠤ ᠪᠠᠶᠢᠭᠠᠳ ᠦᠬᠡᠷᠡᠴᠢᠯᠠᠯᠳᠠ ᠶᠢᠨ ᠲᠤᠷᠰᠢᠯᠳᠠ ᠶᠢᠨ ᠴᠡᠭ ᠤᠨ ᠠᠵᠢᠯ ᠤᠨ ᠡᠯ᠎ᠠ ᠵᠦᠢᠯ ᠤᠨ ᠡᠬᠦᠷᠬᠡ ᠶᠢ ᠦᠨᠳᠤᠷ ᠪᠠᠷᠢᠮᠵᠢᠶ᠎ᠠ ᠪᠠᠷ ᠴᠢᠨᠠᠷ ᠰᠠᠶᠢᠳᠠᠢ ᠪᠡᠶᠡᠯᠡᠬᠦᠯᠬᠦ ᠭᠡᠷᠡᠭᠳᠠᠢ᠃ ᠤᠯᠤᠰ ᠲᠦᠷᠤ ᠶᠢᠨ ᠪᠠᠶᠢᠭᠤᠯᠤᠯᠳᠠ ᠶᠢ ᠬᠦᠨᠵᠡᠬᠡᠶᠢᠷᠡᠬᠦᠯᠵᠤ᠂ ᠲᠦᠷᠢᠮ ᠤᠨ ᠲᠤᠬᠢᠷᠠᠭᠤᠯᠤᠯᠳᠠ ᠶᠢ ᠴᠢᠬᠤᠯᠠᠴᠢᠯᠠᠵᠤ᠂ ᠤᠳᠤᠷᠢᠳᠬᠤ ᠪᠠᠬ ᠤᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠠᠵᠢᠯ ᠤᠢᠢᠯᠡᠰ ᠤᠨ ᠨᠢᠬᠡᠴᠢ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠬᠦᠴᠤᠯᠠᠨ ᠴᠢᠩᠭᠠᠳᠬᠠᠬᠤ ᠭᠡᠷᠡᠭᠳᠠᠢ᠃ ᠡᠬᠦᠷᠬᠡ ᠴᠢᠳᠠᠪᠬᠢ ᠲᠤᠰᠢᠶᠠᠯ ᠬᠠᠷᠢᠭᠤᠴᠠᠯᠭ᠎ᠠ ᠳᠤ ᠲᠤᠬᠢᠷᠠᠭᠤᠯᠤᠯᠳᠠ ᠬᠢᠵᠤ ᠰᠢᠯᠢᠳᠡᠭᠵᠢᠬᠦᠯᠦᠨ᠂ ᠠᠵᠢᠯ ᠤᠢᠢᠯᠡᠰ ᠤᠨ ᠡᠬᠢ ᠪᠠᠶᠠᠯᠢᠬ ᠢ ᠲᠡᠩᠴᠡᠬᠦᠷᠢᠳᠠᠢ ᠲᠤᠬᠢᠷᠠᠭᠤᠯᠵᠦ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠠᠷ ᠪᠠᠶᠢᠭᠤᠯᠤᠮᠵᠢ ᠶᠢᠨ ᠲᠤᠬᠢᠷᠠᠭᠤᠯᠤᠯᠳᠠ ᠬᠢᠵᠤ᠂ ᠠᠵᠢᠯ ᠤᠢᠢᠯᠡᠰ ᠤᠨ ᠨᠢᠬᠡᠴᠢ ᠶᠢᠨ ᠪᠠᠶᠢᠷᠢᠰᠢᠯ ᠪᠦᠳᠤᠴᠠ ᠶᠢ ᠬᠦᠴᠤᠯᠠᠨ ᠰᠢᠯᠢᠳᠡᠭᠵᠢᠬᠦᠯᠬᠦ ᠭᠡᠷᠡᠭᠳᠠᠢ᠃ ᠵᠠᠰᠠᠬ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠬᠠᠮᠢᠶᠠᠷᠬᠤ ᠡᠷᠬᠢᠯᠡᠬᠦ ᠬᠠᠷᠢᠴᠠᠭ᠎ᠠ ᠶᠢ ᠰᠢᠯᠤᠭᠤᠳᠬᠠᠵᠤ᠂ ᠡᠭᠦᠷᠭᠡ ᠴᠢᠳᠠᠪᠬᠢ ᠶᠢᠨ ᠪᠠᠶᠢᠷᠢ ᠲᠤᠭᠳᠠᠭᠠᠯᠳᠠ ᠶᠢ ᠳᠤᠳᠤᠷᠬᠠᠢᠢᠯᠠᠵᠤ᠂ ᠵᠠᠰᠠᠯᠳᠠ ᠶᠢᠨ ᠲᠤᠭᠳᠠᠴᠠ ᠶᠢ ᠪᠦᠷᠢᠨᠰᠢᠬᠦᠯᠵᠤ᠂ ᠠᠵᠢᠯ ᠤᠢᠢᠯᠡᠰ ᠤᠨ ᠨᠢᠬᠡᠴᠢ ᠶᠢᠨ ᠵᠠᠰᠠᠯᠳᠠ ᠶᠢᠨ ᠰᠢᠰᠲ᠋ᠧᠮ ᠢ ᠬᠦᠴᠤᠯᠠᠨ ᠲᠡᠬᠦᠯᠳᠡᠷᠵᠢᠬᠦᠯᠬᠦ ᠭᠡᠷᠡᠭᠳᠠᠢ᠃ ᠢᠵᠢ ᠪᠦᠷᠢᠳᠦᠭᠰᠡᠨ ᠲᠦᠷᠤ ᠶᠢᠨ ᠪᠤᠳᠤᠯᠭ᠎ᠠ ᠶᠢ ᠲᠡᠭᠦᠯᠳᠡᠷᠵᠢᠭᠦᠯᠵᠤ᠂ ᠦᠬᠡᠷᠡᠴᠢᠯᠠᠯᠳᠠ ᠶᠢᠨ ᠵᠤᠯᠭᠠᠯᠴᠠᠭ᠎ᠠ ᠶᠢ ᠰᠠᠶᠢᠳᠤᠷ ᠬᠢᠵᠤ᠂ ᠦᠬᠡᠷᠡᠴᠢᠯᠠᠯᠳᠠ ᠶᠢ ᠪᠤᠲᠠᠲᠠᠶᠢᠵᠢᠭᠤᠯᠵᠤ ᠲᠤᠭᠳᠠᠭᠤᠨ ᠶᠠᠪᠤᠭᠲᠠᠭᠤᠯᠵᠤ᠂ ᠪᠤᠳᠠᠳᠠᠶᠢᠵᠢᠵᠤ ᠬᠦᠨᠵᠡᠭᠡᠶᠢᠷᠡᠬᠦ ᠶᠢ ᠪᠠᠳᠤᠯᠠᠬᠤ ᠭᠡᠷᠡᠭᠳᠠᠢ᠃ ᠦᠪᠡᠷᠳᠡᠭᠡᠨ ᠵᠠᠰᠠᠬᠤ ᠤᠷᠤᠨ ᠤ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠵᠤᠬᠢᠴᠠᠭᠤᠯᠬᠤ ᠲᠤᠭᠤᠢᠢᠯᠠᠩ ᠨᠢᠭᠡᠳᠦᠯᠳᠠᠢ ᠲᠦᠯᠦᠪᠵᠢᠬᠦᠯᠤᠨ ᠵᠢᠯᠤᠭᠤᠳᠬᠤ ᠪᠠ ᠵᠤᠬᠢᠶᠠᠨ ᠪᠠᠶᠢᠭᠤᠯᠵᠤ ᠭᠡᠷᠡᠭᠵᠢᠬᠦᠯᠬᠦ ᠠᠵᠢᠯ ᠢ ᠰᠠᠶᠢᠳᠤᠷ ᠬᠢᠵᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠨᠠᠮ ᠤᠨ ᠬᠤᠷᠢᠶ᠎ᠡ ︵ᠨᠠᠮ ᠤᠨ ᠤᠳᠤᠷᠢᠳᠬᠤ ᠲᠤᠭᠤᠢᠢᠯᠠᠩ︶ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠨ᠂ ᠲᠤᠷᠰᠢᠯᠳᠠ ᠶᠢᠨ ᠴᠡᠭ ᠤᠨ ᠠᠵᠢᠯ ᠤᠨ ᠡᠬᠦᠷᠭᠡ ᠶᠢ ᠲᠤᠬᠳᠠᠬᠰᠡᠨ ᠬᠤᠭᠤᠴᠠᠭᠠᠨ ᠳᠤ ᠪᠠᠶᠠᠯᠡᠬᠦᠯᠬᠦ ᠶᠢ ᠦᠨᠡᠨ ᠬᠦ ᠪᠠᠳᠤᠯᠠᠬᠤ ᠭᠡᠷᠡᠭᠳᠠᠢ᠃ ᠠᠵᠢᠯ ᠢᠶᠠᠨ ᠨᠠᠷᠢᠯᠢᠭ ᠬᠢᠵᠤ ᠪᠤᠳᠠᠳᠠᠢ ᠬᠢᠵᠤ ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠡᠬᠤ ᠪᠠ ᠤᠬᠠᠭᠤᠯᠤᠨ ᠵᠢᠯᠤᠭᠤᠳᠬᠤ ᠪᠠᠨ ᠴᠢᠩᠭᠠᠳᠬᠠᠨ᠂ ᠬᠤᠯᠪᠤᠬᠳᠠᠯ ᠪᠦᠬᠦᠢ ᠠᠵᠢᠯᠳᠠᠨ ᠢ ᠰᠢᠯᠵᠢᠬᠦᠯᠤᠨ ᠲᠤᠬᠢᠷᠠᠭᠤᠯᠬᠤ ᠠᠵᠢᠯ ᠢ ᠨᠠᠷᠢᠨ ᠨᠢᠮᠪᠠᠢ ᠰᠠᠶᠢᠳᠤᠷ ᠬᠢᠵᠤ᠂ ᠦᠵᠡᠯ ᠰᠠᠨᠠᠭ᠎ᠠ ᠰᠠᠮᠭᠠᠷᠲᠠᠬᠤ ᠦᠭᠡᠢ᠂ ᠠᠵᠢᠯ ᠲᠠᠰᠤᠯᠳᠠᠬᠤ ᠦᠭᠡᠢ᠂ ᠡᠩᠨᠡᠭᠡ ᠰᠤᠯᠠᠷᠠᠬᠤ ᠦᠭᠡᠢ᠂ ᠠᠵᠢᠯ ᠤᠨ ᠡᠷᠴᠢ ᠪᠠᠭᠤᠷᠠᠬᠤ ᠦᠭᠡᠢ ᠪᠠᠶᠢᠬᠤ ᠶᠢ ᠪᠠᠶᠠᠯᠡᠬᠦᠯᠬᠦ ᠭᠡᠷᠡᠭᠳᠠᠢ᠃ ᠡᠯ᠎ᠡ ᠵᠦᠢᠯ ᠤᠨ ᠰᠠᠬᠢᠯᠭ᠎ᠠ ᠪᠠᠳᠤ ᠶᠢ ᠴᠢᠩᠳᠠᠯᠠᠵᠤ᠂ ᠦᠭᠡᠷᠡᠴᠢᠯᠡᠯᠳᠠ ᠶᠢ ᠤᠷᠤᠬᠰᠢᠳᠠᠢ ᠠᠬᠢᠭᠤᠯᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠴᠢᠬᠤᠯᠠᠴᠢᠯᠠᠪᠠ᠃           ᠪᠦ᠋ ᠰᠢᠶᠤᠤ ᠯᠢᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠨᠠᠮ ᠤᠨ ᠬᠤᠷᠢᠶ᠎ᠡ ︵ᠨᠠᠮ ᠤᠨ ᠤᠳᠤᠷᠢᠳᠬᠤ ᠲᠤᠭᠤᠢᠢᠯᠠᠩ︶ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠭᠡᠵᠦ᠂ ᠭᠤᠤᠯ ᠬᠠᠷᠢᠭᠤᠴᠠᠯᠭᠠᠳᠠᠨ ᠨᠦᠬᠦᠳ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠪᠠᠶ᠎ᠡ ᠪᠠᠷ ᠢᠶᠠᠨ ᠠᠬᠢᠭᠤᠯᠤᠨ ᠨᠠᠶᠢᠳᠠᠪᠤᠷᠢᠵᠢᠭᠤᠯᠬᠤ ᠭᠡᠷᠡᠭᠳᠠᠢ᠃ ᠡᠯ᠎ᠡ ᠱᠠᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠠ ᠶᠢᠨ ᠤᠳᠤᠷᠢᠳᠬᠤ ᠲᠤᠭᠤᠢᠢᠯᠠᠩ᠂ ᠵᠤᠬᠢᠴᠠᠭᠤᠯᠬᠤ ᠲᠤᠭᠤᠢᠢᠯᠠᠩ᠂ ᠠᠵᠢᠯᠯᠠᠬᠤ ᠲᠤᠰᠬᠠᠢ ᠪᠠᠭ ᠤᠨ ᠦᠢᠯᠡᠳᠦᠯ ᠢ ᠰᠠᠶᠢᠳᠤᠷ ᠪᠠᠳᠠᠷᠠᠭᠤᠯᠵᠤ᠂ ᠦᠭᠡᠷᠡᠴᠢᠯᠡᠯᠳᠠ ᠬᠦᠭᠵᠢᠯᠳᠠ ᠲᠤᠬᠳᠠᠭᠤᠨ ᠤ ᠬᠠᠷᠢᠴᠠᠭ᠎ᠠ ᠶᠢ ᠵᠤᠬᠢᠰᠳᠠᠢ ᠰᠠᠶᠢᠳᠤᠷ ᠰᠢᠢᠳᠪᠤᠷᠢᠯᠡᠨ ᠂ ᠠᠵᠤ ᠠᠬᠤᠢ ᠨᠡᠶᠢᠭᠡᠮ ᠤᠨ ᠬᠦᠭᠵᠢᠯᠳᠠ ᠪᠠ ᠦᠭᠡᠷᠡᠴᠢᠯᠡᠯᠳᠠ ᠶᠢᠨ ᠡᠬᠦᠷᠭᠡ ᠶᠢ ᠨᠠᠶᠢᠳᠠᠪᠤᠷᠢᠵᠢᠭᠤᠯᠬᠤ ᠶᠢ ᠨᠢᠭᠡᠳᠤᠯᠳᠠᠢ ᠲᠦᠯᠦᠪᠵᠢᠬᠦᠯᠬᠦ ᠭᠡᠷᠡᠭᠳᠠᠢ᠃ ᠶᠠᠷᠢᠶ᠎ᠡ ᠬᠡᠯᠡᠯᠴᠡᠭᠡᠨ ᠤ ᠬᠦᠲᠦᠯᠦᠨ ᠵᠢᠯᠤᠭᠤᠳᠬᠤ ᠶᠢ ᠴᠢᠩᠭᠠᠳᠬᠠᠨ᠂ ᠰᠠᠬᠢᠯᠭ᠎ᠠ ᠪᠠᠳᠤ ᠶᠤᠰᠤ ᠲᠦᠷᠢᠮ ᠢ ᠴᠢᠩᠭ᠎ᠠ ᠰᠠᠬᠢᠵᠤ᠂ ᠦᠭᠡᠷᠡᠴᠢᠯᠡᠯᠳᠠ ᠳᠤ ᠰᠤᠷᠳᠠᠯ ᠴᠢᠭᠡᠴᠢ ᠤᠪᠤᠷ ᠲᠦᠪ ᠤᠷᠴᠢᠨ ᠢ ᠪᠤᠢ ᠪᠤᠯᠭᠠᠬᠤ ᠭᠡᠷᠡᠭᠳᠠᠢ ᠭᠡᠵᠤ ᠴᠢᠬᠤᠯᠠᠴᠢᠯᠠᠪᠠ᠃           ᠬᠤᠷᠠᠯ ᠨᠢ ᠸᠢᠳᠢᠣ᠋ ᠬᠡᠯᠪᠡᠷᠢ ᠪᠠᠷ ᠬᠤᠷᠠᠯᠳᠤᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠰᠢᠶᠤᠤ ᠴᠢᠩ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠢᠶ᠎ᠠ ᠪᠠᠭᠰᠢ ᠲᠤᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
ᠢᠷᠡᠯᠲᠡ᠄ ᠲᠤᠰ ᠰᠦᠯᠵᠢᠶ᠎ᠡ