8 ᠳ᠋ᠤᠭᠠᠷ ᠰᠠᠷ᠎ᠠ ᠶᠢᠨ 8 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠩ | ᠶᠦᠨ ᠬᠢᠶ᠎ᠠ ᠪᠠᠭᠰᠢ ᠲᠤᠭᠤᠷᠢᠭ ᠤᠨ ᠨᠠᠮ ᠤᠨ ᠬᠤᠷᠢᠶ᠎ᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠶᠢᠨ ᠣᠷᠳᠣᠰ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠲᠤᠰᠬᠠᠶ ᠲᠣᠭᠤᠷᠢᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠨᠠᠶᠢᠲᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ ᠲᠣᠭᠤᠷᠢᠭ ᠤᠨ ᠤᠳᠤᠷᠢᠳᠤᠯᠭ᠎ᠠ ᠯᠢ ᠳ᠋ᠦᠩ᠂ ᠦ᠋ ᠶᠦᠨ᠂ ᠲᠢᠶᠠᠨ ᠱᠧᠩ ᠬᠤᠸᠠ᠂ ᠯᠢᠦ | ᠰᠢᠤᠸᠠᠢ ᠵᠢᠶᠦ᠋ᠨ᠂ ᠵᠠᠩ ᠫᠢᠩ ᠣᠷᠣᠯᠴᠠᠪᠠ᠃ | | ᠶᠠᠩ ᠶᠦᠨ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠤᠷᠢᠲᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠲᠠᠪᠤᠷᠢᠵᠢᠭᠤᠯᠵᠤ᠂ ᠪᠤᠴᠠᠯᠲᠠ ᠦᠭᠡᠢ ᠤᠷᠤᠭᠰᠢᠯᠠᠬᠤ ᠡᠷᠡᠰ | ᠵᠣᠷᠢᠭ᠂ ᠥᠴᠦᠬᠡᠨ ᠴᠦ ᠣᠰᠣᠯᠳᠠᠯ ᠦᠭᠡᠢ ᠰᠤᠷᠲᠠᠯ᠂ ᠡᠴᠦᠰ ᠲᠤᠨᠢ ᠲᠤᠯᠲᠠᠯ᠎ᠠ ᠠᠳᠬᠤᠬᠤ ᠰᠥᠰᠥ ᠵᠣᠷᠢᠭ ᠢᠶᠠᠷ | ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠰᠠᠶᠢᠲᠤᠷ ᠪᠡᠶᠡᠯᠡᠭᠦᠯᠵᠦ᠂ ᠨᠡᠭᠦᠷᠡᠰᠦᠨ ᠤ ᠡᠬᠢ | ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠨ | ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠠᠵᠢᠯ ᠲᠠᠰᠤᠷᠠᠯᠲᠠ ᠤᠢᠭᠡᠢ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠬᠢᠶ᠎ᠡ ᠪᠠᠭᠰᠢ ᠲᠣᠭᠤᠷᠢᠭ ᠤᠨ | ᠡᠯ᠎ᠡ ᠵᠤᠶᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ | ᠬᠡᠷᠡᠭᠲᠡᠶ ᠭᠡᠵᠦ ᠵᠢᠭᠠᠵᠤ ᠭᠠᠷᠭᠠᠵᠠᠢ᠃ | ᠶᠠᠩ ᠶᠦᠨ ᠠᠴᠠ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠴᠢᠬᠤᠯᠠ ᠴᠢᠨᠠᠷ᠂ ᠬᠠᠲᠠᠭᠤ ᠪᠡᠷᠬᠡᠰᠢᠶᠡᠯᠲᠦ | ᠴᠢᠨᠠᠷ ᠪᠠ ᠪᠤᠳᠤᠯᠢᠶᠠᠨᠲᠤ ᠴᠢᠨᠠᠷ ᠢ ᠭᠦᠨᠵᠡᠭᠡᠶ ᠣᠶᠢᠯᠠᠭᠠᠵᠤ᠂ ᠤᠬᠠᠮᠰᠠᠷ ᠠᠴᠠ ᠪᠠᠨ ᠪᠠᠶᠢᠷᠢᠯᠠᠯ ᠢᠶᠠᠨ ᠲᠥᠪ | ᠪᠣᠯᠭᠠᠵᠤ᠂ ᠣᠪᠣᠷ ᠢᠶᠠᠨ ᠲᠥᠪ ᠪᠤᠯᠭᠠᠵᠤ᠂ ᠳᠡᠭᠡᠳᠦ ᠱᠠᠲᠤᠨ ᠤ ᠬᠢᠨ ᠲᠠᠢ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠡᠷᠡᠰ ᠪᠠᠲᠤ ᠣᠪᠣᠷ ᠪᠠ ᠡᠷᠡᠰ | ᠪᠠᠲᠤ ᠠᠵᠢᠯᠯᠠᠭ᠎ᠠ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ ᠂ ᠦᠷ᠎ᠡ ᠪᠦᠲᠦᠮᠵᠢ ᠶᠢ ᠣᠯᠵᠤ | ᠦᠵᠡᠬᠦ ᠥᠬᠡᠶ ᠪᠠᠷ ᠶᠠᠭᠠᠬᠢᠭᠰᠠᠨ ᠴᠤ ᠵᠣᠭᠰᠣᠬᠤ ᠥᠬᠡᠶ ᠵᠤᠷᠢᠭ ᠢᠶᠠᠷ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠳᠤ ᠤᠷᠤᠯᠴᠠᠨ᠎ᠠ ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠲᠥᠰᠦᠯ ᠳᠤ ᠲᠣᠭᠲᠠᠭᠠᠭᠰᠠᠨ ᠡᠭᠦᠷᠭᠡ᠂ ᠬᠠᠷᠠᠯᠲᠠ᠂ ᠠᠷᠭ᠎ᠠ ᠵᠠᠮ ᠢ ᠴᠢᠩᠭ᠎ᠠ ᠵᠢᠷᠤᠮᠯᠠᠨ ᠠᠵᠢᠯ ᠢᠶᠠᠨ ᠠᠬᠢᠭᠤᠯᠵᠤ | ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠳᠤᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠲᠥᠷᠥᠯ ᠵᠦᠢᠯᠴᠢᠯᠡᠭᠰᠡᠨ᠂ ᠡᠬᠡ | ᠳᠠᠩᠰᠠᠴᠢᠯᠠᠭᠰᠠᠨ ᠬᠠᠮᠢᠶᠠᠷᠤᠯᠲᠠ ᠶᠢ ᠪᠠᠷᠢᠮᠲᠠᠯᠠᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠨ ᠰᠠᠶᠢᠵᠢᠷᠠᠭᠤᠯᠵᠤ᠂ | ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡᠳᠦᠯᠲᠡᠢ ᠪᠠᠷ ᠲᠥᠯᠥᠪᠵᠢᠭᠦᠯᠦᠨ ᠠᠬᠢᠭᠤᠯᠵᠤ᠂ | ᠠᠰᠠᠭᠤᠳᠠᠯ ᠨᠢᠭᠡᠪᠦᠷᠢ ᠶᠢ ᠴᠥᠮ ᠲᠤᠭᠤᠰᠢᠲᠠᠢ ᠥᠭᠡᠷᠡᠴᠢᠯᠡᠵᠦ᠂ ᠲᠦᠢᠯᠪᠤᠷᠢᠲᠠᠢ ᠥᠭᠡᠷᠡᠴᠢᠯᠡᠬᠦ ᠬᠡᠷᠡᠭᠲᠡᠢ᠃ | ᠦᠨᠡᠨ ᠠᠴᠠ ᠵᠥᠪ ᠢ ᠡᠷᠢᠬᠦ᠂ ᠬᠠᠤᠯᠢ ᠲᠣᠭᠲᠠᠭᠠᠯ ᠢ ᠵᠢᠷᠤᠮᠯᠠᠬᠤ ᠵᠠᠷᠴᠢᠮ ᠢ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠤᠨ ᠪᠦᠬᠦ ᠶᠠᠪᠤᠴᠠ ᠳᠤ ᠲ᠊ ᠲᠤᠭᠤᠰᠢᠯᠠᠭᠤᠯᠵᠤ ᠂ ᠬᠠᠤᠯᠢ ᠪᠠᠷ ᠵᠠᠰᠠᠬᠤ | ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠴᠢᠳᠠᠮᠠᠭᠠᠶ ᠬᠡᠷᠡᠭᠯᠡᠨ ᠴᠡᠭᠴᠡᠯᠡᠨ ᠰᠠᠶᠢᠵᠢᠷᠠᠭᠤᠯᠬᠤ ᠠᠵᠢᠯ ᠢ | ᠥᠷᠨᠢᠭᠦᠯᠵᠦ᠂ ᠪᠣᠳᠠᠲᠤ ᠬᠡᠷᠡᠭ ᠤᠨ ᠪᠣᠭᠤᠮᠲᠠ᠂ ᠬᠠᠤᠯᠢ ᠴᠠᠭᠠᠵᠠ ᠶᠢᠨ ᠪᠤᠭᠤᠮᠲᠠ᠂ ᠲᠥᠷᠥ ᠶᠢᠨ ᠪᠣᠳᠣᠯᠭ᠎ᠠ ᠶᠢᠨ | ᠪᠣᠭᠤᠮᠲᠠ᠂ ᠵᠢᠷᠤᠮ ᠤᠨ ᠪᠣᠭᠤᠮᠲᠠ ᠶᠢ ᠴᠢᠩᠭ᠎ᠠ ᠠᠳᠬᠤᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠤᠬᠡ ᠪᠠ | ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠤᠯᠭᠠᠨ᠎ᠠ ᠬᠡᠵᠤ ᠴᠢᠬᠤᠯᠠᠴᠢᠯᠠᠪᠠ᠃ | ᠶᠠᠩ ᠶᠦᠨ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠪᠠᠲᠤ ᠴᠢᠩᠭ᠎ᠠ ᠰᠤᠷᠲᠠᠯ ᠢᠶᠠᠷ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠬᠠᠷᠠᠯᠲᠠ ᠡᠭᠦᠷᠭᠡ ᠪᠠᠨ | ᠴᠢᠩᠭᠠᠳᠬᠠᠵᠤ᠂ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠵᠤ ᠲᠣᠬᠢᠷᠠᠭᠤᠯᠬᠤ ᠶᠢ | ᠰᠠᠶᠢᠲᠤᠷ ᠠᠳᠬᠤᠵᠤ᠂ ᠬᠠᠷᠠᠯᠲᠠ ᠪᠠᠨ ᠴᠠᠭ ᠲᠤᠬᠠᠢ ᠳᠤᠨᠢ ᠶᠠᠰᠤ ᠴᠢᠨᠠᠷ ᠲᠠᠢ ᠪᠠᠷ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ ᠤᠳᠤᠷᠢᠳᠬᠤ ᠪᠠᠭ ᠤᠨ ᠪᠦᠷᠢᠯᠳᠦᠬᠦᠨ ᠨᠡᠷ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ | ᠠᠵᠢᠯ ᠤᠨ ᠬᠤᠪᠢᠶᠠᠷᠢᠯᠠᠯ ᠤᠨ ᠬᠡᠪᠴᠢᠶᠡᠨ ᠳᠠᠬᠢ ᠡᠭᠦᠷᠭᠡ ᠶᠢ ᠪᠡᠶ᠎ᠡ ᠪᠠᠷ ᠢᠶᠠᠨ ᠪᠠᠶᠢᠷᠢᠯᠠᠭᠤᠯᠬᠤ᠂ ᠠᠬᠢᠴᠠ ᠶᠢ | ᠪᠡᠶ᠎ᠡ ᠪᠠᠷ ᠢᠶᠠᠨ ᠠᠰᠠᠭᠤᠬᠤ᠂ ᠠᠵᠢᠯ ᠢ ᠪᠡᠶ᠎ᠡ ᠪᠠᠷ ᠢᠶᠠᠨ ᠰᠢᠮᠳᠠᠭᠤᠯᠤᠨ ᠵᠢᠯᠣᠭᠤᠳᠬᠤ᠂ ᠠᠰᠠᠭᠤᠳᠠᠯ ᠢ | ᠪᠡᠶ᠎ᠡ ᠪᠠᠷ ᠢᠶᠠᠨ ᠰᠢᠢᠳᠪᠦᠷᠢᠯᠡᠬᠦ ᠶᠢ ᠪᠡᠶᠡᠯᠡᠭᠦᠯᠵᠦ᠂ ᠳᠡᠭᠡᠷ᠎ᠡ ᠱᠠᠲᠤ ᠨᠢ ᠳᠣᠤᠷᠠᠬᠢ ᠪᠠᠨ ᠳᠠᠭᠠᠭᠤᠯᠤᠨ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ | ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠯᠪᠠᠨ ᠬᠡᠷ ᠨᠢ ᠨᠢᠭᠡᠳᠦᠯᠲᠡᠶ ᠵᠣᠬᠢᠴᠠᠩᠭᠤᠶ ᠥᠨᠳᠥᠷ | ᠪᠦᠲᠦᠮᠵᠢᠲᠡᠶ ᠠᠵᠢᠯᠯᠠᠭᠠᠨ ᠤ ᠲᠣᠭᠲᠠᠴᠠ ᠶᠢ ᠪᠦᠷᠢᠯᠳᠦᠭᠦᠯᠵᠦ᠂ ᠳᠡᠭᠡᠳᠦ ᠳᠣᠤᠷᠠᠳᠤ ᠱᠠᠲᠤ ᠶᠢ ᠨᠢᠭᠡ | ᠴᠣᠭᠴᠠᠵᠢᠭᠤᠯᠤᠨ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ ᠃ ᠴᠡᠭᠴᠡᠯᠡᠨ ᠰᠠᠶᠢᠵᠢᠷᠠᠭᠤᠯᠬᠤ | ᠠᠵᠢᠯ ᠤᠨ ᠡᠳᠦᠷ ᠲᠤᠲᠤᠮ ᠤᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠴᠢᠩᠭ᠎ᠠ ᠬᠦᠴᠦᠲᠡᠶ ᠬᠢᠨᠠᠯᠲᠠ | ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠵᠦ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠤᠨ ᠭᠦᠨᠵᠡᠭᠡᠶᠢᠷᠡᠨ ᠠᠬᠢᠬᠤ ᠶᠢ ᠪᠠᠲᠤᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠦᠨᠡᠨᠬᠦ ᠨᠠᠶᠢᠲᠠᠪᠤᠷᠢᠵᠢᠭᠤᠯᠤᠨ᠎ᠠ᠃ ᠡᠯ᠎ᠡ ᠲᠦᠷᠦᠭᠦᠯᠡᠭᠰᠡᠨ ᠨᠢᠭᠡᠴᠢ ᠪᠠ | ᠬᠠᠷᠢᠭᠤᠴᠠᠯᠭᠠᠲᠤ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠤᠷᠤᠯᠴᠠᠵᠤ ᠂ ᠡᠭᠦᠷᠭᠡ ᠶᠢᠨ | ᠵᠠᠳᠠᠯᠤᠯᠲᠠ ᠪᠠ ᠬᠠᠷᠢᠭᠤᠴᠠᠯᠭ᠎ᠠ ᠶᠢᠨ ᠬᠤᠪᠢᠶᠠᠷᠢᠯᠠᠯ ᠢ ᠬᠠᠷᠢᠴᠠᠭᠤᠯᠤᠨ᠂ ᠨᠢᠭᠡ ᠨᠢᠭᠡ ᠪᠠᠷ ᠪᠡᠶᠡᠯᠡᠭᠦᠯᠵᠦ ᠂ ᠨᠢᠭᠡ | ᠨᠢᠭᠡ ᠵᠦᠢᠯ ᠢᠶᠠᠷ ᠨᠠᠶᠢᠲᠠᠪᠤᠷᠢᠵᠢᠭᠤᠯᠵᠤ ᠂ ᠦᠨᠡᠨ ᠬᠦ ᠴᠡᠭᠴᠡᠯᠡᠨ ᠰᠠᠶᠢᠵᠢᠷᠠᠭᠤᠯᠵᠤ᠂ ᠦᠨᠡᠨ ᠪᠤᠳᠠᠲᠠᠢ | ᠪᠠᠶᠢᠳᠠᠯ ᠢ ᠨᠢ ᠣᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠪᠣᠳᠠᠲᠤ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃ |