ᠥᠢᠷ᠎ᠠ ᠳᠤ᠂ ᠤᠷᠳᠤᠰ ᠬᠤᠳᠠ ᠶᠢᠨ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ︽ᠣᠷᠳᠣᠰ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾ ᠢ ᠬᠡᠷᠡᠭᠵᠢᠬᠦᠯᠬᠦ ᠳᠤᠬᠠᠢ ᠰᠤᠨᠢᠨ ᠮᠡᠳᠡᠭᠡ ᠨᠠᠶᠢᠳᠡᠯᠡᠬᠦ ᠬᠤᠷᠠᠯ ᠢ | ᠬᠤᠷᠠᠯᠳᠤᠭᠤᠯᠪᠠ᠃ | ᠰᠤᠷᠪᠤᠯᠵᠢᠯᠠᠭᠴᠢ ᠶᠢᠨ ᠥᠢᠯᠠᠭᠠᠭᠰᠠᠨ ᠢᠶᠠᠷ᠂ ︽ᠣᠷᠳᠣᠰ ᠬᠤᠲᠠ ᠶᠢᠨ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾ ᠢ 2020 ᠣᠨ ᠤ 6 ᠰᠠᠷ᠎ᠠ ᠶᠢᠨ | 23 ᠤ ᠡᠳᠦᠷ᠂ ᠣᠷᠳᠣᠰ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠤᠳᠠᠭᠠᠨ ᠤ ᠬᠤᠷᠠᠯ ᠢᠶᠠᠷ ᠪᠠᠲᠤᠯᠠᠵᠤ᠂ 2020 | ᠣᠨ ᠤ 7 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠢᠶᠠᠷ ᠵᠥᠪᠰᠢᠶᠡᠷᠡᠬᠦᠯᠤᠨ᠂ 2020 ᠣᠨ ᠤ 10 ᠰᠠᠷ᠎ᠠ ᠶᠢᠨ 1 ᠤ | ᠡᠳᠦᠷ ᠠᠴᠠ ᠵᠢᠩᠬᠢᠨᠢ ᠪᠠᠷ ᠬᠡᠷᠡᠭᠵᠢᠬᠦᠯᠬᠦ ᠪᠠᠷ ᠳᠤᠭᠳᠠᠭᠰᠠᠨ ᠪᠠᠶᠢᠨ᠎ᠠ᠃ | ︽ᠣᠷᠳᠣᠰ ᠬᠤᠲᠠ ᠶᠢᠨ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠳᠦᠷᠢᠮ︾ ᠪᠣᠯ ᠪᠦᠬᠦ ᠤᠯᠤᠰ ᠤᠨ ᠠᠩᠬᠠᠳᠠᠭᠴᠢ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠳᠤ ᠴᠢᠭᠯᠡᠭᠦᠯᠦᠭᠰᠡᠨ ᠲᠤᠰᠬᠠᠶ ᠬᠠᠤᠯᠢ ᠲᠣᠭᠲᠠᠭᠠᠯ ᠪᠤᠯᠬᠤ ᠮᠥᠷᠳᠡᠬᠡᠨ | ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠠᠬᠢ ᠬᠠᠤᠯᠢ ᠴᠠᠭᠠᠵᠠ ᠶᠢᠨ ᠬᠤᠭᠤᠰᠣᠨ ᠢ | ᠨᠥᠬᠦᠪᠥᠷᠢᠯᠡᠵᠤ᠂ ᠣᠷᠳᠣᠰ ᠬᠤᠲᠠ ᠶᠢᠨ ᠠᠭᠤᠷᠬᠠᠢ ᠶᠢᠨ ᠪᠣᠬᠢᠷᠲᠤᠯ ᠦᠭᠡᠢ ᠬᠥᠭᠵᠢᠯᠲᠡ ᠶᠢᠨ ᠬᠠᠤᠯᠢᠴᠢᠯᠠᠯᠳᠠ ᠶᠢ | ᠠᠬᠢᠭᠤᠯᠤᠨ᠎ᠠ᠃ | ᠳᠤᠰ ᠲᠦᠷᠢᠮ ᠨᠢ ᠨᠡᠶᠢᠲᠡ ᠲᠠᠪᠤᠨ ᠪᠦᠯᠦᠭ ᠤᠨ ᠲᠠᠪᠢᠨ ᠬᠤᠶᠠᠷ ᠵᠤᠷᠪᠤᠰ ᠢᠶᠠᠷ ᠪᠥᠷᠢᠯᠳᠤᠵᠤ᠂ | ᠶᠡᠷᠦᠩᠬᠡᠶ ᠲᠦᠷᠢᠮ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ | ᠠᠭᠤᠷᠬᠠᠶ ᠶᠢᠨ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠳᠠᠭᠠᠯᠳᠤᠭᠤᠯᠤᠭᠰᠠᠨ ᠲᠦᠷᠢᠮ | ᠵᠡᠷᠭᠡ ᠲᠠᠪᠤᠨ ᠬᠡᠰᠡᠭ ᠠᠭᠤᠯᠭ᠎ᠠ ᠪᠠᠷ ᠪᠥᠷᠢᠯᠳᠤᠪᠠ᠃ ︽ᠣᠷᠳᠣᠰ ᠬᠤᠲᠠ ᠶᠢᠨ ᠪᠣᠬᠢᠷᠲᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ︾ ᠢ ᠨᠡᠶᠢᠲᠡᠯᠡᠨ ᠬᠡᠷᠡᠭᠵᠢᠭᠦᠯᠭᠦ ᠶᠠᠪᠤᠳᠠᠯ ᠨᠢ ᠪᠣᠬᠢᠷᠲᠤᠯ | ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠤᠯᠢᠴᠢᠯᠠᠯᠳᠠ ᠶᠢᠨ | ᠬᠠᠮᠢᠶᠠᠷᠤᠯᠲᠠ ᠶᠢᠨ ᠵᠠᠮ ᠳᠤ ᠣᠷᠣᠭᠤᠯᠵᠤ᠂ ᠠᠭᠤᠷᠬᠠᠶ ᠶᠢᠨ ᠠᠵᠤ ᠠᠬᠤᠶᠢᠯᠠᠯ ᠢ ᠨᠡᠭᠡᠭᠡᠨ ᠠᠰᠢᠭᠯᠠᠬᠤ ᠪᠠ | ᠰᠡᠷᠭᠦᠭᠡᠨ ᠵᠠᠰᠠᠬᠤ ᠠᠵᠢᠯᠯᠠᠭ᠎ᠠ ᠶᠢ ᠦᠨᠡᠨ ᠬᠦ ᠲᠥᠷᠢᠮᠵᠢᠬᠦᠯᠤᠨ᠂ ᠣᠷᠳᠣᠰ ᠬᠤᠲᠠ ᠶᠢᠨ ᠠᠭᠤᠷᠬᠠᠢ ᠶᠢᠨ | ᠦᠢᠯᠡᠰ ᠤᠨ ᠪᠣᠬᠢᠷᠲᠤᠯ ᠦᠭᠡᠢ᠂ ᠦᠷᠭᠦᠯᠵᠢᠯᠡᠨ ᠡᠷᠡᠭᠦᠯ ᠢᠶᠠᠷ ᠬᠥᠭᠵᠢᠬᠦ ᠬᠢᠷᠢ ᠲᠦᠪᠰᠢᠨ ᠢ ᠲᠠᠰᠤᠷᠠᠯᠲᠠ ᠦᠭᠡᠢ | ᠳᠡᠬᠡᠭᠰᠢᠯᠡᠬᠦᠯᠭᠦ ᠶᠢ ᠵᠤᠷᠢᠵᠠᠢ᠃ | | | |