ᠬᠥᠲᠥᠯᠥᠭᠴᠢ᠄ ᠬᠢᠶ᠎ᠠ ᠪᠠᠭᠰᠢ ᠶᠢᠨ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠬᠡᠵᠢᠶ᠎ᠡ ᠪᠠᠶᠢᠭᠤᠯᠤᠭᠳᠠᠭᠰᠠᠨ ᠪᠣᠶ︖ ᠬᠡᠳᠦᠨ ᠰᠠᠶᠢᠨ ᠳᠤᠷ᠎ᠠ ᠠᠴᠠ ᠪᠠᠨ | ᠤᠷᠤᠯᠴᠠᠭᠴᠢ ᠪᠠᠶᠢᠬᠤ ᠪᠤᠢ︖ ᠰᠠᠶᠢᠨ ᠳᠤᠷ᠎ᠠ ᠠᠴᠠ ᠪᠠᠨ ᠤᠷᠤᠯᠴᠠᠭᠴᠢ ᠶᠢᠨ ᠪᠦᠷᠢᠯᠳᠦᠬᠦᠨ ᠤ ᠪᠠᠶᠢᠳᠠᠯ ᠨᠢ | ᠶᠠᠮᠠᠷ ᠪᠤᠢ︖ | | ᠭᠤᠤ ᠵᠢᠶᠠᠨ᠄ 2020 ᠣᠨ ᠤ 2 ᠰᠠᠷ᠎ᠠ ᠶᠢᠨ 7 ᠤ ᠡᠳᠦᠷ ᠬᠢᠶ᠎ᠠ ᠪᠠᠭᠰᠢ ᠲᠣᠭᠤᠷᠢᠭ ᠤᠨ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠬᠢᠶ᠎ᠠ ᠪᠠᠭᠰᠢ ᠶᠢᠨ ᠴᠡᠷᠢᠭ ᠠᠴᠠ ᠬᠠᠯᠠᠭᠳᠠᠭᠰᠠᠳ ᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠣᠳᠣᠬᠠᠨ ᠳᠤ 42 ᠰᠠᠶᠢᠨ ᠳᠤᠷ᠎ᠠ | ᠠᠴᠠ ᠪᠠᠨ ᠤᠷᠤᠯᠴᠠᠭᠴᠢ ᠰᠠᠨᠠᠭᠠᠴᠢᠯᠠᠭ᠎ᠠ ᠠᠴᠠ ᠪᠠᠨ ᠠᠮᠠᠷᠠᠬᠤ ᠴᠠᠭ ᠢ ᠠᠰᠢᠭᠯᠠᠨ ᠰᠠᠶᠢᠨ ᠳᠤᠷ᠎ᠠ ᠶᠢᠨ | ᠦᠢᠯᠡᠴᠢᠯᠡᠭᠡ ᠳᠤ ᠤᠷᠤᠯᠴᠠᠵᠤ ᠪᠠᠶᠢᠨ᠎ᠠ ᠃ ᠡᠨᠡ 42 ᠰᠠᠶᠢᠨ ᠳᠤᠷᠠᠡᠴᠠ ᠪᠠᠨ ᠤᠷᠤᠯᠴᠠᠭᠴᠢ ᠶᠢᠨ ᠳᠣᠲᠣᠷ᠎ᠠ | ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠂ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠠᠵᠢᠯᠲᠠᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠭᠴᠢ ᠵᠡᠷᠭᠡ ᠡᠯ᠎ᠡ | ᠠᠵᠢᠯ ᠲᠥᠷᠥᠯ ᠤᠨ ᠴᠡᠷᠢᠭ ᠠᠴᠠ ᠬᠠᠯᠠᠭᠳᠠᠭᠰᠠᠳ ᠪᠠᠭᠲᠠᠨ᠎ᠠ ᠃ | ᠬᠥᠲᠥᠯᠥᠭᠴᠢ᠄ ᠬᠢᠶ᠎ᠠ ᠪᠠᠭᠰᠢ ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ | ᠰᠠᠶᠢᠨ ᠳᠤᠷ᠎ᠠ ᠠᠴᠠ ᠪᠠᠨ ᠤᠷᠤᠯᠴᠠᠭᠴᠢ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠦᠢᠯᠡᠴᠢᠯᠡᠭᠰᠡᠨ | ᠶᠡᠷᠦᠩᠬᠡᠶ ᠴᠠᠭ ᠨᠢ ᠬᠡᠳᠦᠢ ᠣᠷᠳᠣ ᠪᠤᠢ ︖ | ᠭᠤᠤ ᠵᠢᠶᠠᠨ᠄ ᠬᠢᠶ᠎ᠡ ᠪᠠᠭᠰᠢ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ | ᠦᠢᠯᠡᠴᠢᠯᠡᠭᠡ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ | ᠶᠡᠷᠦᠩᠬᠡᠶ ᠦᠢᠯᠡᠴᠢᠯᠡᠭᠰᠡᠨ ᠴᠠᠭ ᠨᠢ 1000 ᠴᠠᠭ ᠲᠤ ᠬᠦᠷᠴᠠᠢ᠃ | ᠬᠥᠲᠥᠯᠥᠭᠴᠢ᠄ ᠬᠢᠶ᠎ᠠ ᠪᠠᠭᠰᠢ ᠶᠢᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠤᠭᠳᠠᠭᠰᠠᠨ ᠤ ᠳᠠᠷᠠᠭ᠎ᠠ ᠶᠠᠮᠠᠷ ᠶᠠᠮᠠᠷ ᠠᠵᠢᠯ ᠦᠷᠨᠢᠭᠦᠯᠵᠦ | ᠦᠩᠭᠡᠷᠡᠭᠰᠡᠨ ᠪᠣᠶ︖ | ᠭᠤᠤ ᠵᠢᠶᠠᠨ᠄ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠬᠢᠶ᠎ᠡ | ᠪᠠᠭᠰᠢ ᠲᠤᠭᠤᠷᠢᠭ ᠤᠨ 6 ᠰᠠᠭᠤᠭᠠᠯᠢ ᠲᠣᠭᠤᠷᠢᠭ ᠤᠨ ᠵᠢᠵᠢᠭᠦᠷ ᠲᠤ ᠣᠷᠣᠯᠴᠠᠪᠠ᠃ ᠬᠥᠮᠦᠨ ᠪᠤᠯᠭᠠᠨ ᠡᠳᠦᠷ | ᠪᠦᠷᠢ ᠶᠢᠨ ᠦᠢᠯᠡᠴᠢᠯᠡᠬᠦ ᠴᠠᠭ ᠨᠢ ᠬᠠᠮᠤᠭ ᠪᠠᠭ᠎ᠠ ᠳᠠᠭᠠᠨ 8 ᠴᠠᠭ᠃ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ | ᠡᠳ᠋ ᠪᠣᠳᠠᠰ ᠢ ᠵᠦᠭᠡᠭᠡᠪᠦᠷᠢᠯᠡᠬᠦ ᠠᠵᠢᠯ ᠳᠤ ᠤᠷᠤᠯᠴᠠᠪᠠ ᠃ ᠭᠠᠳᠠᠷ ᠮᠣᠵᠢ ᠬᠤᠲᠠ ᠠᠴᠠ ᠬᠢᠶ᠎ᠡ ᠪᠠᠭᠰᠢ ᠳᠤ | ᠪᠤᠴᠠᠵᠤ ᠢᠷᠡᠭᠰᠡᠨ ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠦᠰ ᠤᠨ ᠠᠮᠢᠳᠤᠷᠠᠯ᠂ ᠰᠡᠳᠬᠢᠴᠡ ᠶᠢᠨ ᠲᠠᠯ᠎ᠠ ᠪᠠᠷ | ᠪᠦᠷ ᠮᠠᠰᠢ ᠣᠯᠠᠨ ᠬᠦᠴᠢᠷᠳᠡᠯ ᠲᠤᠯᠭᠠᠷᠠᠳᠠᠭ᠂ ᠡᠨᠡ ᠦᠶ᠎ᠡ ᠳᠤ᠂ ᠮᠠᠨ ᠤ ᠴᠡᠷᠢᠭ ᠤᠨ ᠠᠯᠪᠠ ᠠᠴᠠ | ᠬᠠᠯᠠᠭᠳᠠᠭᠰᠠᠳ ᠰᠠᠨᠠᠭᠠᠴᠢᠯᠠᠭ᠎ᠠ ᠠᠴᠠ ᠪᠠᠨ ᠲᠡᠳᠡᠨ ᠢ ᠬᠠᠪᠰᠦᠷᠴᠤ ᠂ ᠡᠳᠦᠷ ᠪᠦᠷᠢ ᠲᠡᠳᠡᠨ ᠳᠤ ᠠᠮᠢᠳᠤᠷᠠᠯ ᠤᠨ | ᠬᠡᠷᠡᠭᠴᠡᠭᠡᠨ ᠤ ᠵᠦᠢᠯᠡᠰ ᠢ ᠬᠤᠳᠠᠯᠳᠤᠨ ᠠᠪᠴᠤ᠂ ᠤᠰᠤ ᠴᠠᠬᠢᠯᠭᠠᠨ ᠰᠢᠲᠠᠮᠠᠬᠠᠶ ᠬᠡᠢ ᠶᠢᠨ ᠰᠦᠢᠳᠬᠡᠯ ᠢ | ᠲᠤᠰᠢᠶᠠᠵᠤ᠂ ᠲᠣᠭᠲᠠᠮᠠᠯ ᠪᠤᠰᠤ ᠴᠠᠭ ᠲᠤ ᠸᠢᠴᠠᠲ ᠤᠨ ᠸᠢᠳᠢᠣ᠋ ᠶᠢᠨ ᠴᠢᠳᠠᠮᠵᠢ ᠶᠢ ᠠᠰᠢᠭᠯᠠᠵᠤ | ᠲᠣᠰᠠᠭᠠᠷᠯᠠᠵᠤ ᠪᠠᠶᠢᠭ᠎ᠠ ᠬᠥᠮᠦᠰ ᠲᠤ ᠰᠡᠳᠬᠢᠴᠡ ᠶᠢᠨ ᠵᠢᠯᠣᠭᠤᠳᠤᠯᠭ᠎ᠠ ᠬᠢᠵᠤ᠂ ᠲᠡᠳᠡᠨ ᠳᠤ ᠰᠡᠷᠭᠡᠶᠢᠯᠡᠨ | ᠡᠵᠡᠮᠳᠡᠬᠦ ᠮᠡᠳᠡᠯᠭᠡ ᠶᠢ ᠲᠠᠶᠢᠯᠪᠤᠷᠢᠯᠠᠨ ᠥᠭᠴᠦ᠂ ᠬᠦᠴᠦᠨ ᠨᠠᠮᠡᠷᠢᠯᠡᠵᠦ ᠡᠷᠴᠢ ᠵᠣᠷᠢᠭ ᠢ ᠨᠢ ᠬᠦᠪᠴᠢᠯᠡᠵᠠᠢ ᠃ | ᠰᠠᠶᠢᠨ ᠳᠤᠷ᠎ᠠ ᠠᠴᠠ ᠪᠠᠨ ᠤᠷᠤᠯᠴᠠᠭᠴᠢ ᠶᠢᠨ ᠦᠢᠯᠡᠴᠢᠯᠡᠭᠡᠨ ᠤ ᠠᠩᠭᠢ ᠠᠮᠢᠳᠤᠯᠢᠭ ᠪᠥᠭᠡᠳ ᠣᠯᠠᠨ ᠶᠠᠩᠵᠤ ᠶᠢᠨ | ᠤᠬᠠᠭᠤᠯᠭ᠎ᠠ ᠶᠢᠨ ᠠᠷᠭ᠎ᠠ ᠮᠠᠶ᠋ᠢᠭ ᠢ ᠠᠪᠴᠤ᠂ ᠠᠷᠠᠳ ᠣᠯᠠᠨ ᠤ ᠰᠡᠷᠭᠡᠶᠢᠯᠡᠨ ᠡᠵᠡᠮᠳᠡᠬᠦ ᠤᠬᠠᠮᠰᠠᠷ ᠢ | ᠴᠢᠩᠭᠠᠷᠠᠭᠤᠯᠵᠠᠢ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠯᠢᠦᠶ ᠵᠦᠩ ᠰᠢᠶᠠ ᠵᠢᠯᠣᠭᠤᠴᠢ ᠦᠭᠡᠶ ᠨᠢᠰᠬᠡᠯ᠂ | ᠳᠠᠭᠤ ᠲᠣᠮᠣᠷᠠᠭᠤᠯᠤᠭᠴᠢ ᠶᠢ ᠠᠰᠢᠭᠯᠠᠨ ᠡᠯ᠎ᠡ ᠰᠠᠭᠤᠭᠠᠯᠢ ᠲᠣᠭᠤᠷᠢᠭ ᠪᠣᠯᠤᠨ ᠬᠤᠳᠠᠯᠳᠤᠭᠠᠨ ᠤ ᠲᠠᠯᠠᠪᠠᠶ ᠶᠢᠨ ᠡ᠊ | ᠡᠭᠦᠳᠡ᠂ ᠡᠮᠨᠡᠯᠭᠡ ᠶᠢᠨ ᠬᠤᠷᠢᠶᠠᠨ ᠤ ᠤᠶᠢᠷ᠎ᠠ ᠬᠠᠪᠢ ᠵᠡᠷᠭᠡ ᠭᠠᠵᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠮᠡᠳᠡᠯᠭᠡ ᠶᠢ ᠤᠬᠠᠭᠤᠯᠪᠠ᠃ | ᠬᠥᠲᠥᠯᠥᠭᠴᠢ᠄ ᠬᠢᠶ᠎ᠠ ᠪᠠᠭᠰᠢ ᠶᠢᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠰᠠᠶᠢᠨ | ᠳᠤᠷ᠎ᠠ ᠠᠴᠠ ᠪᠠᠨ ᠤᠷᠤᠯᠴᠠᠭᠴᠢ ᠶᠢᠨ ᠬᠠᠨᠳᠢᠪᠯᠠᠭᠰᠠᠨ ᠪᠠᠶᠢᠳᠠᠯ ᠶᠠᠮᠠᠷ ᠵᠡᠷᠭᠡ ᠪᠣᠶ︖ | ᠭᠤᠤ ᠵᠢᠶᠠᠨ᠄ ᠬᠢᠶ᠎ᠠ ᠪᠠᠭᠰᠢ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠵᠣᠭᠤᠰ ᠮᠥᠩᠭᠦ ᠡᠳ᠋ | ᠪᠣᠳᠠᠰ ᠬᠠᠨᠳᠢᠪᠯᠠᠬᠤ ᠪᠠᠷ ᠳᠠᠮᠵᠢᠨ᠂ ᠣᠳᠣ ᠪᠣᠯᠲᠠᠯ᠎ᠠ ᠬᠢᠶ᠎ᠡ ᠪᠠᠭᠰᠢ ᠲᠣᠭᠤᠷᠢᠭ ᠤᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠢᠶᠠᠷ ᠳᠠᠮᠵᠢᠨ ᠪᠡᠯᠡᠨ ᠵᠣᠭᠤᠰ ᠡᠳ᠋ ᠪᠤᠳᠠᠰ ᠢ ᠨᠡᠶᠢᠲᠡ 52350 ᠲᠥᠭᠦᠷᠢᠭ ᠬᠠᠨᠳᠢᠪᠯᠠᠵᠤ᠂ | ᠪᠦᠬᠦᠨ ᠢ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠡᠷᠡᠭᠯᠡᠵᠠᠢ᠃ | | ᠬᠥᠲᠥᠯᠥᠭᠴᠢ᠄ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ | ᠬᠤᠶᠢᠰᠢᠳᠠ ᠶᠢᠨ ᠰᠠᠶᠢᠨ ᠳᠤᠷ᠎ᠠ ᠶᠢᠨ ᠦᠢᠯᠡᠴᠢᠯᠡᠭᠡ ᠳᠤ ᠬᠡᠷᠬᠢᠨ ᠠᠵᠢᠯᠯᠠᠬᠤ ᠪᠣᠶ ︖ | ᠭᠤᠤ ᠵᠢᠶᠠᠨ᠄ ᠬᠢᠶ᠎ᠠ ᠪᠠᠭᠰᠢ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠶᠢ ᠬᠢᠶ᠎ᠠ ᠪᠠᠭᠰᠢ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ | ᠲᠣᠪᠴᠢᠶ᠎ᠠ ᠲᠦᠷᠦᠭᠦᠯᠡᠨ ᠪᠠᠶᠢᠭᠤᠯᠪᠠ᠃ ᠨᠢᠭᠡ ᠠᠩᠭᠢ ᠶᠢᠨ ᠳᠠᠷᠤᠭ᠎ᠠ ᠶᠢ ᠴᠡᠷᠢᠭ ᠤᠨ ᠠᠯᠪᠠᠨ ᠠᠴᠠ | ᠬᠠᠯᠠᠭᠳᠠᠭᠰᠠᠳ ᠨᠢᠭᠡ ᠵᠢᠭᠠᠨ ᠵᠢᠯᠣᠭᠤᠳᠣᠭᠴᠢ ᠶᠢ ᠮᠠᠨ ᠤ ᠲᠣᠪᠴᠢᠶᠠᠨ ᠤ ᠴᠡᠷᠢᠭ ᠤᠨ ᠠᠯᠪᠠᠨ ᠠᠴᠠ | ᠬᠠᠯᠠᠭᠳᠠᠭᠰᠠᠳ ᠡᠭᠦᠷᠭᠡᠯᠡᠵᠦ᠂ ᠨᠡᠪᠲᠡᠷᠡᠯᠴᠡᠨ ᠵᠣᠬᠢᠴᠠᠭᠤᠯᠬᠤ ᠪᠣᠳᠠᠲᠠᠶ ᠠᠵᠢᠯ ᠢ ᠬᠠᠷᠢᠭᠤᠴᠠᠵᠤ᠂ ᠬᠤᠶᠢᠰᠢᠳᠠ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠥᠷᠨᠢᠭᠦᠯᠬᠦ ᠳᠤᠮᠳᠠ᠂ ᠬᠡᠪᠰᠢᠭᠰᠡᠨ ᠬᠠᠮᠢᠶᠠᠷᠤᠯᠲᠠ ᠶᠢ | ᠬᠡᠷᠡᠭᠵᠢᠭᠦᠯᠵᠦ᠂ ᠤᠬᠠᠭᠤᠯᠭ᠎ᠠ ᠪᠠᠷ ᠳᠠᠮᠵᠢᠨ ᠰᠠᠶᠢᠨ ᠳᠤᠷ᠎ᠠ ᠠᠴᠠ ᠪᠠᠨ ᠣᠷᠣᠯᠴᠠᠭᠴᠢ ᠶᠢᠨ ᠡᠩᠨᠡᠭᠡ ᠶᠢ | ᠲᠠᠰᠤᠷᠠᠯᠲᠠ ᠤᠢᠭᠡᠢ ᠪᠤᠵᠠᠭᠠᠶᠢᠷᠠᠭᠤᠯᠵᠤ᠂ ᠡᠯ᠎ᠡ ᠵᠤᠶᠢᠯ ᠤᠨ ᠬᠥᠳᠡᠯᠭᠡᠭᠡᠨ ᠢᠶᠠᠷ ᠳᠠᠮᠵᠢᠨ ᠴᠡᠷᠢᠭ ᠠᠴᠠ | ᠬᠠᠯᠠᠭᠳᠠᠭᠰᠠᠳ ᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠣᠷᠣᠯᠴᠠᠭᠤᠯᠵᠤ᠂ ᠨᠡᠶᠢᠭᠡᠮ ᠳᠤ ᠬᠤᠪᠢ | ᠨᠡᠮᠡᠷᠢ ᠦᠵᠡᠭᠦᠯᠦᠨ᠎ᠡ ᠃ |