ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠦᠴᠢᠷ᠂ ᠡᠭᠴᠡ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠤᠯᠤᠰ ᠤᠨ ᠥᠮᠴᠢᠯᠡᠯᠡᠳᠦ ᠠᠵᠤ ᠠᠬᠤᠶᠢᠯᠠᠯ᠄ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠡᠳᠦᠭᠡ ︽ᠬᠢᠶ᠎ᠠ ᠪᠠᠭᠰᠢ | ᠲᠣᠭᠤᠷᠢᠭ ᠤᠨ ᠲᠣᠭᠤᠰᠣᠳᠣ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ | ᠪᠠᠶᠢᠭᠤᠯᠤᠨ ᠬᠡᠷᠡᠭᠵᠢᠭᠦᠯᠲᠦᠭᠡᠶ᠃ | ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 6 ᠰᠠᠷ᠎ᠠ ᠶᠢᠨ 18 ᠤ ᠡᠳᠦᠷ | | ᠬᠢᠶ᠎ᠠ ᠪᠠᠭᠰᠢ ᠲᠣᠭᠤᠷᠢᠭ ᠤᠨ ᠲᠣᠭᠤᠰᠣᠳᠣ ᠠᠭᠤᠰᠬᠢᠨ ᠡᠪᠡᠳᠴᠢᠨ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ ᠨᠥᠭᠦᠷ ᠤᠨ | ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠠ ︽ᠤᠯᠤᠰ ᠤᠨ ᠠᠵᠢᠯ ᠤᠨ ᠨᠥᠯᠥᠭᠡᠨ ᠤ ᠡᠪᠡᠳᠴᠢᠨ ᠢ | ᠰᠡᠷᠭᠡᠶᠢᠯᠡᠨ ᠵᠠᠰᠠᠬᠤ ᠲᠥᠯᠥᠪᠯᠡᠭᠡ ︵2016 —2020 ᠣᠨ︶︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠳᠣᠬᠠᠨ ᠤ ᠲᠣᠭᠤᠰᠣᠳᠣ ᠠᠭᠤᠰᠬᠢᠨ ᠡᠪᠡᠳᠴᠢᠨ ᠢ | ᠰᠡᠷᠭᠡᠶᠢᠯᠡᠨ ᠵᠠᠰᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠣᠯᠳᠠᠯᠭ᠎ᠠ ᠲᠠᠢ ᠪᠠ ᠭᠦᠴᠢᠷᠳᠡᠯᠳᠡᠢ | ᠠᠰᠠᠭᠤᠳᠠᠯ ᠢ ᠰᠢᠢᠳᠪᠦᠷᠢᠯᠡᠵᠦ᠂ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠡᠷᠬᠡ ᠠᠰᠢᠭ ᠢ | ᠪᠠᠲᠤᠯᠠᠵᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 10 ᠰᠠᠯᠠᠭ᠎ᠠ ᠮᠥᠴᠢᠷ ᠤᠨ ︽ | ᠣᠷᠳᠣᠰ ᠬᠤᠳᠠ ᠶᠢᠨ ᠲᠣᠭᠤᠰᠣᠳᠣ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠠᠵᠢᠯᠯᠠᠭ᠎ᠠ ᠶᠢᠨ ᠲᠦᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠣᠷᠳᠣᠰ ᠡᠷᠡᠭᠦᠯ ᠬᠠᠮᠠᠭᠠᠯᠠᠯ | ᠲᠠᠷᠬᠠᠭᠠᠭᠰᠠᠨ ︹ 2020 ︺ 69 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠠᠵᠢᠯᠯᠠᠭ᠎ᠠ ᠶᠢᠨ | ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ | ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠶᠡᠭᠡ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 10 ᠰᠠᠯᠠᠭ᠎ᠠ ᠮᠥᠴᠢᠷ ᠤᠨ ᠲᠣᠭᠤᠰᠣᠲᠤ ᠠᠭᠤᠰᠬᠢᠨ | ᠡᠪᠡᠳᠴᠢᠨ ᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠰᠠᠭᠤᠷᠢ ᠲᠤᠭ᠎ᠠ ᠶᠢ ᠲᠣᠳᠣᠷᠬᠠᠶ | ᠣᠶᠢᠯᠠᠭᠠᠵᠤ᠂ ᠠᠵᠢᠯ ᠮᠡᠷᠭᠡᠵᠢᠯ ᠤᠨ ᠡᠷᠡᠭᠦᠯ ᠮᠡᠨᠳᠦ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠴᠢᠳᠠᠪᠤᠷᠢ | ᠪᠣᠯᠤᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠤᠨ ᠲᠤᠯᠭᠠᠭᠤᠷᠢᠯᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠭᠤᠰᠣᠲᠤ ᠠᠭᠤᠰᠬᠢᠨ ᠡᠪᠡᠳᠴᠢᠲᠡᠨ ᠤ ᠪᠠᠲᠤᠯᠠᠭ᠎ᠠ ᠶᠢᠨ | ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠲᠣᠭᠤᠰᠣᠲᠤ ᠠᠭᠤᠰᠬᠢᠨ ᠤ ᠡᠪᠡᠳᠴᠢᠨ ᠢ ᠰᠡᠷᠭᠡᠶᠢᠯᠡᠨ ᠵᠠᠰᠠᠬᠤ | ᠬᠠᠷᠠᠯᠲᠠ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠵᠡᠷᠭᠡᠪᠡᠷ ᠪᠡᠶᠡᠯᠡᠭᠦᠯᠬᠦ ᠶᠢ | ᠪᠠᠲᠤᠯᠠᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠠᠭᠤᠷᠢ ᠳ᠋ᠠᠶᠢᠲ᠋ᠠ ᠶᠢᠨ ᠪᠠᠶᠢᠴᠠᠭᠠᠯᠲᠠ | 1᠂ ᠠᠵᠢᠯ ᠤᠨ ᠨᠥᠯᠥᠭᠡᠨ ᠤ ᠴᠢᠨᠠᠷᠲᠠᠶ ᠲᠣᠭᠤᠰᠣᠲᠤ ᠠᠭᠤᠰᠬᠢᠨ ᠡᠪᠡᠳᠴᠢᠲᠡᠨ ᠢ ᠳᠠᠭᠠᠵᠤ | ᠰᠤᠷᠪᠣᠯᠵᠢᠯᠠᠨ ᠪᠠᠶᠢᠴᠠᠭᠠᠨ᠎ᠠ᠃ 2018 ᠣᠨ ᠤ ᠡᠴᠦᠰ ᠪᠣᠯᠲᠠᠯ᠎ᠠ ᠮᠡᠳᠡᠭᠦᠯᠦᠭᠰᠡᠨ ᠪᠣᠶ ᠪᠥᠬᠦᠶ ᠲᠣᠭᠤᠰᠣᠲᠤ | ᠠᠭᠤᠰᠬᠢᠨ ᠡᠪᠡᠳᠴᠢᠲᠡᠨ ᠤ ᠲᠠᠷᠬᠠᠯᠲᠠ᠂ ᠡᠪᠡᠳᠴᠢᠨ ᠤ ᠪᠠᠶᠢᠳᠠᠯ᠂ ᠪᠠᠲᠤᠯᠠᠭ᠎ᠠ ᠶᠢᠨ ᠪᠠᠶᠢᠳᠠᠯ ᠵᠡᠷᠭᠡ ᠦᠨᠳᠦᠰᠦᠨ | ᠮᠡᠳᠡᠭᠡ ᠵᠠᠩᠭᠢ ᠶᠢ ᠳᠣᠳᠣᠷᠬᠠᠢ ᠣᠶᠢᠯᠠᠭᠠᠨ᠎ᠠ᠃ ᠰᠠᠭᠤᠭᠠᠯᠢ ᠠᠷᠠᠳ ᠤᠨ ᠦᠬᠦᠭᠰᠡᠨ ᠰᠢᠯᠲᠠᠭᠠᠨ ᠢ ᠬᠢᠨᠠᠨ ᠬᠡᠮᠵᠢᠬᠦ᠂ | ᠲᠣᠭᠤᠰᠣᠲᠤ ᠠᠭᠤᠰᠬᠢᠨ ᠡᠪᠡᠳᠴᠢᠨ ᠤ ᠪᠠᠶᠢᠴᠠᠭᠠᠯᠳᠠ ᠪᠠ ᠲᠣᠭᠤᠰᠣᠲᠤ ᠠᠭᠤᠰᠬᠢᠨ ᠡᠪᠡᠳᠴᠢᠨ ᠤ | ᠮᠡᠳᠡᠭᠦᠯᠦᠯᠲᠡ ᠶᠢᠨ ᠰᠢᠰᠲ᠋ᠧᠮ ᠢ ᠠᠰᠢᠭᠯᠠᠨ ᠰᠠᠭᠤᠷᠢ ᠮᠡᠳᠡᠭᠡ ᠵᠠᠩᠭᠢ ᠶᠢ ᠣᠯᠵᠤ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠲᠣᠭᠤᠰᠣᠲᠤ ᠠᠭᠤᠰᠬᠢᠨ | ᠡᠪᠡᠳᠴᠢᠲᠡᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠮᠢᠳᠣᠷᠠᠯ ᠤᠨ ᠪᠠᠶᠢᠳᠠᠯ᠂ ᠠᠪᠤᠷᠠᠨ | ᠳᠣᠰᠠᠯᠠᠭᠰᠠᠨ ᠪᠠᠶᠢᠳᠠᠯ᠂ ᠬᠠᠷᠢᠯᠴᠠᠬᠤ ᠠᠷᠭ᠎ᠠ ᠮᠠᠶ᠋ᠢᠭ ᠢ ᠣᠯᠵᠤ ᠳᠠᠭᠠᠵᠤ ᠰᠤᠷᠪᠤᠯᠵᠢᠯᠠᠨ᠎ᠠ᠃ ︵ᠲᠣᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠬᠠᠷᠢᠭᠤᠴᠠᠵᠤ᠂ ᠲᠣᠭᠤᠷᠢᠭ ᠤᠨ ᠭᠦᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ | ᠬᠠᠮᠵᠢᠯᠴᠠᠨ᠎ᠠ︶ | 2᠂ ᠲᠣᠭᠤᠰᠣᠨ ᠤ ᠬᠤᠤᠷ ᠬᠥᠨᠥᠭᠡᠯ ᠤᠨ ᠲᠤᠭ᠎ᠠ ᠪᠠᠷᠢᠮᠲᠠ ᠶᠢᠨ ᠪᠠᠶᠢᠴᠠᠭᠠᠯᠲᠠ᠃ ᠭᠤᠣᠯᠳᠠᠯᠭ᠎ᠠ ᠲᠠᠢ | ᠠᠵᠢᠯ ᠲᠥᠷᠥᠯ ᠤᠨ ᠲᠣᠭᠤᠰᠣᠨ ᠤ ᠬᠤᠣᠷ ᠬᠥᠨᠥᠭᠡᠯ ᠳᠤ ᠲᠤᠰᠬᠠᠶ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠥᠮᠦᠨ ᠬᠡᠷᠡᠭᠯᠡᠬᠦ ᠪᠠᠶᠢᠭᠤᠯᠭ᠎ᠠ ᠶᠢᠨ ᠲᠣᠭᠤᠰᠣ ᠶᠢᠨ ᠬᠤᠤᠷ ᠬᠥᠨᠥᠭᠡᠯ ᠤᠨ ᠲᠠᠷᠬᠠᠯᠲᠠ ᠶᠢᠨ ᠪᠠᠶᠢᠳᠠᠯ | ᠪᠣᠯᠤᠨ ᠦᠨᠳᠦᠰᠦᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠡᠵᠡᠮᠰᠢᠵᠦ᠂ ᠲᠣᠭᠤᠰᠣ ᠶᠢᠨ ᠬᠤᠤᠷ ᠬᠥᠨᠥᠭᠡᠯ ᠤᠨ | ᠰᠠᠭᠤᠷᠢ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ᠂ 2020 ᠣᠨ ᠤ ᠰᠡᠭᠦᠯᠴᠢ ᠠᠴᠠ ᠡᠮᠦᠨ᠎ᠡ | ᠪᠠᠶᠢᠴᠠᠭᠠᠯᠲᠠ ᠶᠢᠨ ᠠᠵᠢᠯ ᠢ ᠳᠠᠭᠤᠰᠬᠠᠨ᠎ᠠ᠃ ︵ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ | ᠬᠠᠷᠢᠭᠤᠴᠠᠨ᠎ᠠ︶ | ︵ ᠬᠤᠶᠠᠷ︶ ᠲᠣᠭᠤᠰᠣᠲᠤ ᠠᠭᠤᠰᠬᠢᠨ ᠡᠪᠡᠳᠴᠢᠲᠡᠨ ᠢ ᠠᠪᠤᠷᠠᠨ ᠵᠠᠰᠠᠵᠤ ᠳᠤᠰᠠᠯᠠᠬᠤ | 3᠂ ᠲᠣᠭᠤᠰᠣᠲᠤ ᠠᠭᠤᠰᠬᠢᠨ ᠡᠪᠡᠳᠴᠢᠨ ᠢ ᠬᠢᠨᠠᠨ ᠬᠡᠮᠵᠢᠬᠦ ᠪᠠ ᠰᠢᠭᠰᠢᠨ ᠪᠠᠶᠢᠴᠠᠭᠠᠬᠤ ᠶᠢ | ᠴᠢᠩᠭᠠᠳᠬᠠᠨ᠎ᠠ᠃ ︽ᠠᠵᠢᠯ ᠤᠨ ᠨᠥᠯᠥᠭᠡᠨ ᠤ ᠡᠪᠡᠳᠴᠢᠨ ᠤ ᠠᠩᠭᠢᠯᠠᠯ ᠪᠠ ᠭᠠᠷᠴᠠᠭ︾ ᠲᠠᠬᠢ 13 ᠵᠦᠢᠯ ᠤᠨ | ᠲᠣᠭᠤᠰᠣᠲᠤ ᠠᠭᠤᠰᠬᠢᠨ ᠡᠪᠡᠳᠴᠢᠨ ᠢ ᠭᠤᠤᠯᠳᠠᠯᠭ᠎ᠠ ᠲᠠᠢ ᠠᠵᠢᠯ ᠤᠨ ᠨᠥᠯᠥᠭᠡᠨ ᠤ ᠡᠪᠡᠳᠴᠢᠨ ᠢ ᠬᠢᠨᠠᠨ ᠬᠡᠮᠵᠢᠬᠦ | ᠠᠭᠤᠯᠭ᠎ᠠ ᠳᠤ ᠣᠷᠣᠭᠤᠯᠣᠨ᠎ᠠ᠃ ᠲᠣᠭᠤᠰᠣᠲᠤ ᠠᠭᠤᠰᠬᠢᠨ ᠡᠪᠡᠳᠴᠢᠨ ᠢ ᠰᠠᠨᠠᠭᠠᠴᠢᠯᠠᠭ᠎ᠠ ᠠᠴᠠ ᠪᠠᠨ ᠬᠢᠨᠠᠨ | ᠬᠡᠮᠵᠢᠬᠦ ᠶᠢ ᠴᠢᠩᠭᠠᠳᠬᠠᠵᠤ᠂ ᠲᠣᠭᠤᠰᠣᠲᠤ ᠠᠭᠤᠰᠬᠢᠨ ᠡᠪᠡᠳᠴᠢᠨ ᠢ ᠰᠢᠭᠰᠢᠨ ᠪᠠᠶᠢᠴᠠᠭᠠᠬᠤ ᠲᠤᠷᠰᠢᠯᠲᠠ ᠶᠢᠨ | ᠠᠵᠢᠯ ᠢ ᠥᠷᠨᠢᠭᠦᠯᠦᠨ᠎ᠡ᠃ ᠲᠣᠭᠤᠰᠣᠲᠤ ᠠᠭᠤᠰᠬᠢᠨ ᠡᠪᠡᠳᠴᠢᠨ ᠢᠶᠠᠷ ᠣᠨᠣᠰᠢᠯᠠᠭᠰᠠᠨ ᠪᠣᠢ ᠪᠦᠬᠦᠢ | ᠡᠪᠡᠳᠴᠢᠲᠡᠨ ᠳᠤ ᠳᠠᠩᠰᠠ ᠡᠪᠬᠡᠮᠡᠯ ᠪᠠᠶᠢᠭᠤᠯᠵᠤ᠂ ᠭᠦᠮᠦᠨ ᠪᠣᠯᠭᠠᠨ ᠳᠤ ᠳᠠᠩᠰᠠ ᠡᠪᠬᠡᠮᠡᠯ ᠲᠠᠢ ᠪᠠᠶᠢᠬᠤ ᠶᠢ | ᠪᠠᠳᠣᠯᠠᠨ᠎ᠠ᠃ ᠲᠣᠭᠤᠰᠣᠲᠤ ᠠᠭᠤᠰᠬᠢᠨ ᠡᠪᠡᠳᠴᠢᠲᠡᠨ ᠢ ᠳᠠᠭᠠᠵᠤ ᠰᠤᠷᠪᠤᠯᠵᠢᠯᠠᠬᠤ ᠪᠠ ᠡᠷᠬᠢᠴᠡᠭᠦᠯᠭᠦ ᠴᠢᠨᠠᠷᠳᠡᠢ | ᠪᠠᠶᠢᠴᠠᠭᠠᠯᠲᠠ ᠶᠢᠨ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠡᠷᠡᠭᠦᠯ ᠮᠡᠨᠳᠦ ᠶᠢᠨ ᠪᠠᠶᠢᠳᠠᠯ ᠢ ᠪᠥᠬᠦ ᠲᠠᠯ᠎ᠠ ᠪᠠᠷ | ᠡᠵᠡᠮᠰᠢᠬᠦ ᠬᠡᠷᠡᠭᠲᠡᠶ᠃ ︵ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠬᠠᠷᠢᠭᠤᠴᠠᠵᠤ᠂ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠠᠮᠵᠢᠯᠴᠠᠨ᠎ᠠ︶ | 4. ᠣᠨᠣᠰᠢᠯᠠᠭᠰᠠᠨ ᠲᠣᠭᠤᠰᠣᠲᠤ ᠠᠭᠤᠰᠬᠢᠨ ᠡᠪᠡᠳᠴᠢᠲᠡᠨ ᠢ ᠲᠥᠷᠥᠯ ᠬᠤᠪᠢᠶᠠᠨ ᠠᠪᠤᠷᠠᠨ ᠵᠠᠰᠠᠵᠤ | ᠲᠤᠰᠠᠯᠠᠬᠤ ᠶᠢ ᠬᠡᠷᠡᠭᠵᠢᠭᠦᠯᠦᠨ᠎ᠡ᠃ | ᠨᠢᠭᠡᠨᠲᠡ ᠠᠵᠢᠯ ᠤᠨ ᠨᠥᠯᠥᠭᠡᠨ ᠤ ᠴᠢᠨᠠᠷᠲᠠᠶ ᠲᠣᠭᠤᠰᠣᠲᠤ ᠠᠭᠤᠰᠬᠢᠨ ᠡᠪᠡᠳᠴᠢᠨ ᠭᠡᠵᠦ | ᠣᠨᠣᠰᠢᠯᠠᠭᠰᠠᠨ ᠪᠥᠭᠡᠳ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠳᠤ | ᠣᠲᠣ ᠶᠢᠨ ᠪᠠᠶᠢᠭ᠎ᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠨᠢᠭᠡᠨᠲᠡ ᠠᠵᠢᠯ ᠤᠨ ᠨᠥᠯᠥᠭᠡᠨ ᠤ ᠴᠢᠨᠠᠷᠲᠠᠶ ᠲᠣᠭᠤᠰᠣᠲᠤ | ᠠᠭᠤᠰᠬᠢᠨ ᠡᠪᠡᠳᠴᠢᠨ ᠭᠡᠵᠦ ᠣᠨᠣᠰᠢᠯᠠᠭᠰᠠᠨ ᠪᠣᠯᠪᠠᠴᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ | ᠣᠷᠣᠯᠴᠠᠭᠰᠠᠨ ᠦᠭᠡᠢ ᠮᠥᠷᠲᠡᠭᠡᠨ ᠬᠤᠯᠪᠣᠭᠳᠠᠯ ᠪᠦᠬᠦᠢ ᠬᠥᠮᠦᠨ ᠬᠡᠷᠡᠭᠯᠡᠬᠦ ᠪᠠᠶᠢᠭᠤᠯᠭ᠎ᠠ ᠪᠠᠰᠠ ᠣᠷᠣᠰᠢᠵᠤ | ᠪᠠᠶᠢᠭ᠎ᠠ ᠡᠪᠡᠳᠴᠢᠲᠡᠨ ᠳᠤ ᠬᠥᠮᠦᠨ ᠬᠡᠷᠡᠭᠯᠡᠬᠦ ᠪᠠᠶᠢᠭᠤᠯᠭ᠎ᠠ ᠠᠴᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠲᠡᠭᠦᠨ ᠤ ᠡᠮᠴᠢᠯᠡᠭᠡᠨ ᠤ ᠵᠠᠷᠤᠳᠠᠯ ᠪᠠ ᠬᠤᠯᠪᠣᠭᠳᠠᠯ ᠪᠦᠬᠦᠢ ᠬᠠᠷᠠᠭᠠᠯᠵᠠᠯ ᠢ ᠡᠭᠦᠷᠭᠡᠯᠡᠨ᠎ᠡ᠃ ︵ | ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ | ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠵᠤ᠂ ᠡᠯ᠎ᠡ ᠠᠵᠢᠯᠴᠢᠨ ᠬᠡᠷᠡᠭᠯᠡᠭᠦ ᠠᠵᠤ ᠠᠬᠤᠶᠢᠯᠠᠯ ᠨᠠᠶᠢᠳᠠᠪᠤᠷᠢᠵᠢᠭᠤᠯᠤᠨ᠎ᠠ︶ | ᠨᠢᠭᠡᠨᠲᠡ ᠠᠵᠢᠯ ᠤᠨ ᠨᠥᠯᠥᠭᠡᠨ ᠤ ᠴᠢᠨᠠᠷᠲᠠᠶ ᠲᠣᠭᠤᠰᠣᠲᠤ ᠠᠭᠤᠰᠬᠢᠨ ᠡᠪᠡᠳᠴᠢᠨ ᠭᠡᠵᠦ | ᠣᠨᠣᠰᠢᠯᠠᠭᠠᠳ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠦᠭᠡᠢ ᠮᠥᠷᠲᠡᠭᠡᠨ ᠬᠥᠮᠦᠨ | ᠬᠡᠷᠡᠭᠯᠡᠬᠦ ᠪᠠᠶᠢᠭᠤᠯᠭ᠎ᠠ ᠨᠢ ᠨᠢᠭᠡᠨᠳᠡ ᠣᠷᠣᠰᠢᠬᠤ ᠦᠭᠡᠢ ᠪᠣᠯᠤᠭᠰᠠᠨ ᠪᠥᠭᠡᠳ ᠠᠵᠢᠯ ᠤᠨ ᠨᠥᠯᠥᠭᠡᠨ ᠤ | ᠡᠪᠡᠳᠴᠢᠨ ᠢ ᠣᠨᠣᠰᠢᠯᠠᠬᠤ ᠳᠤ ᠬᠡᠷᠡᠭᠰᠡᠬᠦ ᠮᠠᠲ᠋ᠧᠷᠢᠶᠠᠯ ᠳᠣᠳᠠᠭᠰᠠᠨ᠂ ᠵᠥᠪᠬᠡᠨ ᠲᠣᠭᠤᠰᠣᠲᠤ ᠠᠭᠤᠰᠬᠢᠨ | ᠡᠪᠡᠳᠴᠢᠨ ᠭᠡᠵᠦ ᠣᠨᠣᠰᠢᠯᠠᠭᠰᠠᠨ ᠡᠪᠡᠳᠴᠢᠲᠡᠨ ᠢ ᠨᠥᠬᠦᠴᠡᠯ ᠳᠤ ᠨᠡᠶᠢᠴᠡᠬᠦ ᠶᠢ ᠨᠢ ᠠᠪᠤᠷᠠᠨ ᠲᠤᠰᠠᠯᠠᠬᠤ | ᠬᠡᠪᠴᠢᠶᠡᠨ ᠳᠤ ᠣᠷᠣᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ | ᠡᠮᠴᠢᠯᠡᠭᠡᠨ ᠤ ᠠᠪᠤᠷᠠᠨ ᠲᠤᠰᠠᠯᠯᠳᠠ ᠵᠡᠷᠭᠡ ᠭᠤᠷᠪᠠᠨ ᠳᠦᠷᠢᠮ ᠢ ᠨᠢᠭᠡᠳᠦᠯᠲᠡᠶ ᠲᠥᠯᠥᠪᠯᠡᠵᠦ᠂ ᠲᠤᠰᠠᠯᠠᠨ ᠳᠠᠮᠵᠢᠵᠤ | ᠳᠠᠭᠠᠳᠬᠠᠯ ᠳᠤ ᠣᠷᠣᠭᠤᠯᠬᠤ ᠠᠵᠢᠯ ᠢ ᠰᠠᠶᠢᠲᠤᠷ ᠬᠢᠵᠦ᠂ ᠶᠡᠷᠦᠩᠬᠡᠶᠢᠯᠡᠭᠰᠡᠨ ᠡᠮᠴᠢᠯᠡᠭᠡᠨ ᠤ ᠪᠠᠲᠤᠯᠠᠭ᠎ᠠ ᠶᠢ | ᠬᠡᠷᠡᠭᠵᠢᠭᠦᠯᠵᠦ᠂ ᠡᠪᠡᠳᠴᠢᠲᠡᠨ ᠤ ᠳᠠᠷᠤᠭᠠᠰᠤ ᠶᠢ ᠱᠠᠲᠤ ᠳᠠᠷᠠᠭᠠᠯᠠᠨ ᠬᠥᠩᠭᠡᠷᠡᠭᠦᠯᠦᠨ᠎ᠡ᠃ ᠦᠨᠳᠦᠰᠦᠨ ᠠᠮᠢᠳᠤᠷᠠᠯ | ᠬᠦᠴᠢᠷᠳᠡᠯᠲᠡᠶ ᠳᠤᠨᠢ ᠠᠮᠢᠳᠤᠷᠠᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠪᠠᠳᠣᠯᠠᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠢᠯ ᠤᠨ ᠶᠠᠪᠤᠴᠠ ᠶᠢᠨ ᠶᠣᠰᠣᠭᠠᠷ ᠨᠥᠬᠦᠴᠡᠯ ᠳᠤ ᠨᠡᠶᠢᠴᠡᠬᠦ | ᠲᠣᠭᠤᠰᠣᠲᠤ ᠠᠭᠤᠰᠬᠢᠨ ᠡᠪᠡᠳᠴᠢᠨ ᠢ ᠡᠮᠨᠡᠨ ᠵᠠᠰᠠᠬᠤ ᠡᠮ ᠪᠠ ᠡᠮᠨᠡᠨ ᠵᠠᠰᠠᠬᠤ ᠮᠡᠷᠭᠡᠵᠢᠯ ᠢ ᠦᠨᠳᠦᠰᠦᠨ | ᠡᠮᠴᠢᠯᠡᠭᠡᠨ ᠤ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠥᠭᠬᠦ ᠬᠡᠪᠴᠢᠶᠡᠨ ᠳᠤ | ᠣᠷᠣᠭᠤᠯᠣᠨ᠎ᠠ᠃ ︵ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ | ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 5᠂ ᠲᠣᠭᠤᠰᠣᠲᠤ ᠠᠭᠤᠰᠬᠢᠨ ᠡᠪᠡᠳᠴᠢᠨ ᠤ ᠭᠤᠤᠯᠳᠠᠯᠭ᠎ᠠ ᠲᠠᠢ ᠠᠵᠢᠯ ᠲᠥᠷᠥᠯ ᠤᠨ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠎ᠡ᠃ | ᠬᠠᠮᠢᠶ᠎ᠠ ᠪᠦᠬᠦᠢ ᠬᠥᠮᠦᠨ ᠬᠡᠷᠡᠭᠯᠡᠬᠦ ᠪᠠᠶᠢᠭᠤᠯᠭ᠎ᠠ ᠶᠢᠨ ᠬᠥᠳᠡᠯᠮᠦᠷᠢᠯᠡᠭᠴᠢᠳ ᠢ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠬᠡᠪᠴᠢᠶᠡᠨ ᠳᠤ ᠴᠠᠭ ᠲᠤᠬᠠᠶ ᠳᠤᠨᠢ ᠣᠷᠣᠭᠤᠯᠵᠤ᠂ ᠲᠣᠭᠤᠰᠣᠨ ᠤ | ᠬᠤᠤᠷ ᠬᠥᠨᠥᠭᠡᠯ ᠤᠨ ᠰᠠᠭᠤᠷᠢ ᠳ᠋ᠠᠶᠢᠲ᠋ᠠ ᠬᠥᠮᠥᠷᠭᠡ ᠶᠢᠨ ᠮᠡᠳᠡᠭᠡ ᠵᠠᠩᠭᠢ ᠶᠢᠨ ᠰᠢᠨᠡᠴᠢᠯᠡᠯᠲᠡ ᠶᠢᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠣᠶᠢᠯᠠᠭᠠᠬᠤ ᠬᠡᠷᠡᠭᠲᠡᠶ᠃ ︵ ᠲᠤᠭᠤᠷᠢᠭ ᠤᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠷᠢᠭᠤᠴᠠᠵᠤ᠂ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠬᠠᠮᠵᠢᠯᠴᠠᠨ᠎ᠠ︶ | ︵ ᠭᠤᠷᠪᠠ︶ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠲᠤᠰᠬᠠᠶ ᠵᠦᠢᠯ ᠤᠨ ᠴᠡᠭᠴᠡᠯᠡᠨ ᠵᠠᠰᠠᠯᠲᠠ | 6. ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠨ ᠬᠠᠮᠢᠶᠠᠷᠤᠯᠲᠠ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠨ᠎ᠠ᠃ ᠲᠤᠭᠤᠷᠢᠭ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠳᠠᠨ ᠢ ᠲᠡᠭᠦᠯᠳᠡᠷᠵᠢᠭᠦᠯᠵᠦ᠂ ᠲᠤᠭᠤᠷᠢᠭ ᠤᠨ ᠬᠠᠤᠯᠢ | ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠣᠷᠣᠭᠤᠯᠤᠯᠲᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠡᠷᠡᠭᠦᠯ | ᠮᠡᠨᠳᠦ ᠶᠢᠨ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ | ᠪᠡᠶᠡᠯᠡᠭᠦᠯᠵᠦ᠂ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠡᠷᠡᠭᠴᠡᠭᠡ ᠶᠢ ᠪᠠᠲᠤᠯᠠᠨ᠎ᠠ᠃ ᠠᠵᠢᠯ | ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ | ᠴᠠᠭᠠᠵᠠ ᠬᠠᠤᠯᠢ ᠲᠣᠭᠲᠠᠭᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠲᠤᠰᠬᠠᠶ ᠮᠡᠷᠭᠡᠵᠢᠯ ᠤᠨ ᠮᠡᠳᠡᠯᠭᠡ | ᠵᠡᠷᠭᠡ ᠲᠠᠯ᠎ᠠ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠤᠨ ᠨᠣᠷᠮ᠎ᠠ ᠶᠢ100% ᠳᠤ | ᠬᠦᠷᠦᠭᠦᠯᠦᠨ᠎ᠡ᠃ ︵ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | 7. ᠭᠤᠤᠯᠳᠠᠯᠭ᠎ᠠ ᠲᠠᠢ ᠠᠵᠢᠯ ᠲᠥᠷᠥᠯ ᠤᠨ ᠲᠤᠰᠬᠠᠶᠢᠯᠠᠨ ᠵᠠᠰᠠᠬᠤ ᠠᠵᠢᠯᠯᠠᠭ᠎ᠠ᠃ ᠭᠤᠣᠯᠳᠠᠯᠭ᠎ᠠ ᠲᠠᠢ | ᠠᠵᠢᠯ ᠲᠥᠷᠥᠯ ᠤᠨ ᠲᠣᠭᠤᠰᠣᠨ ᠤ ᠬᠤᠣᠷ ᠬᠥᠨᠥᠭᠡᠯ ᠢ ᠲᠤᠰᠬᠠᠶᠢᠯᠠᠨ ᠵᠠᠰᠠᠬᠤ ᠠᠵᠢᠯ ᠢ ᠥᠷᠨᠢᠭᠦᠯᠵᠦ᠂ ᠬᠥᠮᠦᠨ | ᠬᠡᠷᠡᠭᠯᠡᠬᠦ ᠪᠠᠶᠢᠭᠤᠯᠭ᠎ᠠ ᠶᠢᠨ ᠪᠠᠷᠢᠯᠭ᠎ᠠ ᠶᠢᠨ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠶᠢᠨ ᠥᠭᠡᠷᠡᠴᠢᠯᠡᠯᠳᠡ ᠶᠢ | ᠴᠢᠩᠭᠠᠳᠬᠠᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠣᠭᠤᠰᠣᠨ ᠤ ᠬᠤᠤᠷ ᠬᠥᠨᠥᠭᠡᠯ ᠢ ᠰᠡᠷᠭᠡᠶᠢᠯᠡᠨ ᠡᠵᠡᠮᠳᠡᠭᠦ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠬᠥᠳᠡᠯᠮᠦᠷᠢᠯᠡᠭᠴᠢᠳ ᠤᠨ ᠠᠵᠢᠯᠯᠠᠬᠤ ᠣᠷᠴᠢᠨ ᠢ ᠬᠢᠵᠠᠭᠠᠷᠯᠠᠨ ᠰᠠᠶᠢᠵᠢᠷᠠᠭᠤᠯᠵᠤ᠂ ᠠᠵᠢᠯ ᠤᠨ | ᠨᠥᠯᠥᠭᠡᠨ ᠤ ᠴᠢᠨᠠᠷᠲᠠᠶ ᠲᠣᠭᠤᠰᠣᠲᠤ ᠠᠭᠤᠰᠬᠢᠨ ᠡᠪᠡᠳᠴᠢᠨ ᠢ ᠰᠡᠷᠭᠡᠶᠢᠯᠡᠨ ᠬᠤᠷᠢᠭᠯᠠᠬᠤ ᠬᠡᠷᠡᠭᠲᠡᠶ᠃ 2020 | ᠣᠨ ᠤ ᠰᠡᠭᠦᠯᠴᠢ ᠪᠣᠯᠬᠤ ᠳᠤ᠂ ᠠᠵᠢᠯ ᠲᠥᠷᠥᠯ ᠤᠨ ᠠᠵᠢᠯ ᠤᠨ ᠨᠥᠯᠥᠭᠡᠨ ᠤ ᠡᠪᠡᠳᠴᠢᠨ ᠤ ᠬᠤᠣᠷ | ᠬᠥᠨᠥᠭᠡᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠨᠣᠷᠮ᠎ᠠ ᠂ ᠠᠵᠢᠯ ᠤᠨ ᠨᠥᠯᠥᠭᠡᠨ ᠤ ᠡᠪᠡᠳᠴᠢᠨ ᠤ | ᠬᠤᠤᠷ ᠬᠦᠨᠦᠭᠡᠯᠳᠤ ᠬᠦᠴᠦᠨ ᠵᠦᠢᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠡᠮᠵᠢᠬᠦ ᠨᠣᠷᠮ᠎ᠠ᠂ | ᠠᠵᠢᠯ ᠤᠨ ᠨᠥᠯᠥᠭᠡᠨ ᠤ ᠡᠪᠡᠳᠴᠢᠨ ᠤ ᠬᠤᠤᠷ ᠬᠥᠨᠥᠭᠡᠯ ᠲᠠᠢ ᠣᠶᠢᠷᠠᠲᠤᠭᠰᠠᠨ ᠬᠥᠳᠡᠯᠮᠦᠷᠢᠯᠡᠭᠴᠢᠳ ᠤᠨ | ᠠᠵᠢᠯ ᠤᠨ ᠪᠠᠶᠢᠷᠢ ᠳᠤ ᠪᠠᠶᠢᠬᠤ ᠬᠤᠭᠤᠴᠠᠭᠠᠨ ᠳᠠᠬᠢ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ | ᠨᠣᠷᠮ᠎ᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠶᠢ ᠱᠠᠭᠠᠷᠳᠠᠵᠤ ᠂ ᠬᠥᠮᠦᠨ ᠬᠡᠷᠡᠭᠯᠡᠬᠦ ᠪᠠᠶᠢᠭᠤᠯᠭ᠎ᠠ ᠶᠢᠨ | ᠭᠤᠤᠯ ᠬᠠᠷᠢᠭᠤᠴᠠᠯᠭᠠᠲᠠᠨ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠠᠮᠢᠶᠠᠷᠤᠯᠳᠠ ᠶᠢᠨ ᠠᠵᠢᠯᠲᠠᠨ ᠪᠣᠯᠤᠨ | ᠠᠵᠢᠯ ᠤᠨ ᠨᠥᠯᠥᠭᠡᠨ ᠤ ᠡᠪᠡᠳᠴᠢᠨ ᠤ ᠬᠤᠤᠷ ᠬᠥᠨᠥᠭᠡᠯ ᠤᠨ ᠬᠦᠴᠦᠨ ᠵᠦᠢᠯ ᠲᠠᠢ ᠣᠶᠢᠷᠠᠲᠤᠭᠰᠠᠨ | ᠬᠥᠳᠡᠯᠮᠦᠷᠢᠯᠡᠭᠴᠢᠳ ᠤᠨ ᠪᠣᠯᠪᠠᠰᠤᠷᠠᠭᠤᠯᠤᠯ ᠤᠨ ᠨᠣᠷᠮ᠎ᠠ ᠶᠢ ᠴᠥᠮ 95% ᠠᠴᠠ ᠳᠡᠭᠡᠭᠰᠢ ᠳᠤ ᠬᠦᠷᠦᠭᠦᠯᠦᠨ᠎ᠡ᠃ | 8 ᠂ ᠭᠤᠤᠯᠳᠠᠯᠭ᠎ᠠ ᠲᠠᠢ ᠪᠠᠶᠢᠭᠤᠯᠭ᠎ᠠ ᠶᠢᠨ ᠬᠢᠨᠠᠨ ᠪᠠᠶᠢᠴᠠᠭᠠᠯᠲᠠ᠃ ᠠᠵᠢᠯᠯᠠᠬᠤ ᠭᠠᠵᠠᠷ ᠤᠨ | ᠲᠣᠭᠤᠰᠣᠨ ᠤ ᠥᠳᠬᠡᠴᠡ ᠨᠢ ᠪᠠᠷᠢᠮᠵᠢᠶ᠎ᠠ ᠠᠴᠠ ᠶᠡᠭᠡ ᠪᠠᠷ ᠬᠡᠳᠦᠷᠡᠭᠰᠡᠨ ᠪᠥᠭᠡᠳ ᠪᠠᠷᠢᠯᠭ᠎ᠠ ᠪᠤᠶᠤ ᠬᠤᠪᠢ ᠪᠡᠶ᠎ᠡ | ᠶᠢᠨ ᠪᠦᠲᠦᠮᠵᠢᠲᠡᠶ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠦᠭᠡᠢ ᠪᠠᠶᠢᠪᠠᠯ᠂ ᠭᠤᠣᠯᠳᠠᠯᠭ᠎ᠠ ᠲᠠᠢ ᠬᠢᠨᠠᠯᠲᠠ | ᠲᠠᠯᠪᠢᠵᠤ᠂ ᠠᠶᠤᠯ ᠶᠡᠬᠡᠲᠡᠶ ᠪᠠᠶᠢᠭᠤᠯᠭ᠎ᠠ ᠶᠢᠨ ᠨᠡᠷᠡᠰ ᠢ ᠵᠢᠭᠰᠠᠭᠠᠵᠤ᠂ ᠬᠠᠤᠯᠢ ᠬᠡᠷᠡᠭᠵᠢᠭᠦᠯᠬᠦ ᠤᠳᠠᠭ᠎ᠠ ᠪᠠᠨ | ᠨᠡᠮᠡᠭᠳᠡᠭᠦᠯᠦᠨ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ | ᠨᠠᠶᠢᠳᠠᠪᠤᠷᠢᠵᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠡᠳᠦᠶ ᠪᠤᠶᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢ ᠬᠠᠩᠭᠠᠭᠰᠠᠨ ᠦᠭᠡᠢ ᠬᠥᠮᠦᠨ ᠬᠡᠷᠡᠭᠯᠡᠬᠦ ᠪᠠᠶᠢᠭᠤᠯᠭ᠎ᠠ ᠳᠤ᠂ | ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ᠂ ᠴᠡᠭᠴᠡᠯᠡᠨ | ᠵᠠᠰᠠᠵᠤ ᠲᠡᠶᠢᠯᠭᠦ ᠦᠭᠡᠢ ᠶᠢ ᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠠᠤᠯᠢ | ᠶᠣᠰᠣᠭᠠᠷ ᠡᠭᠦᠳᠡ ᠶᠢ ᠨᠢ ᠬᠠᠭᠠᠭᠠᠨᠠ᠃ ︵ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠣᠪᠴᠢᠶ᠎ᠠ᠂ ᠲᠣᠭᠤᠷᠢᠭ ᠤᠨ ᠠᠮᠢ ᠠᠬᠤᠶ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ ᠲᠦᠷᠪᠡ︶ ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠬᠠᠮᠠᠭᠠᠯᠠᠬᠤ ᠠᠵᠢᠯᠯᠠᠭ᠎ᠠ | 9᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠲᠣᠭᠤᠰᠣᠲᠤ | ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠵᠠᠰᠠᠭ ᠤᠨ ᠣᠷᠳᠣᠨ ᠤ ᠵᠥᠪᠳᠡᠯᠴᠡᠭᠦ ᠠᠰᠠᠭᠤᠳᠠᠯ ᠳᠤ | ᠣᠷᠣᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠬᠠᠷᠢᠭᠤᠴᠠᠭᠰᠠᠨ ᠰᠡᠷᠭᠡᠶᠢᠯᠡᠨ | ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠣᠭᠤᠰᠣᠲᠤ ᠠᠭᠤᠰᠬᠢᠨ ᠡᠪᠡᠳᠴᠢᠨ ᠢ | ᠰᠡᠷᠭᠡᠶᠢᠯᠡᠨ ᠵᠠᠰᠠᠬᠤ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠴᠢᠬᠤᠯᠠ ᠠᠭᠤᠯᠭ᠎ᠠ ᠪᠣᠯᠭᠠᠨ᠎ᠠ᠃ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯᠯᠠᠭᠠᠨ ᠤ ᠲᠥᠰᠦᠯ ᠲᠣᠭᠲᠠᠭᠠᠵᠤ᠂ ᠠᠵᠢᠯ ᠤᠨ ᠡᠬᠡ ᠳᠠᠩᠰᠠ | ᠶᠢ ᠪᠠᠶᠢᠭᠤᠯᠤᠨ᠎ᠠ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠳᠤ ᠨᠠᠶᠢᠳᠠᠵᠤ ᠡᠯ᠎ᠡ ᠵᠦᠢᠯ ᠤᠨ ᠰᠡᠷᠭᠡᠶᠢᠯᠡᠨ ᠵᠠᠰᠠᠬᠤ ᠠᠵᠢᠯ ᠢ ᠰᠢᠮᠳᠠᠭᠤᠯᠤᠨ | ᠨᠠᠶᠢᠳᠠᠪᠤᠷᠢᠵᠢᠭᠤᠯᠤᠨ᠎ᠠ᠃ | 10᠂ ᠰᠡᠷᠭᠡᠶᠢᠯᠡᠨ ᠵᠠᠰᠠᠬᠤ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ᠃ ᠥᠪᠡᠷᠲᠡᠭᠡᠨ | ᠵᠠᠰᠠᠬᠤ ᠣᠷᠣᠨ᠂ ᠬᠤᠲᠠ᠂ ᠲᠣᠭᠤᠷᠢᠭ ᠭᠤᠷᠪᠠᠨ ᠱᠠᠲᠤᠨ ᠤ ᠲᠤᠯᠭᠠᠭᠤᠷᠢᠯᠠᠬᠤ ᠲᠣᠤᠷ ᠰᠦᠯᠵᠢᠶ᠎ᠡ ᠶᠢᠨ | ᠪᠠᠶᠢᠭᠤᠯᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠮᠠᠨ ᠤ ᠲᠣᠭᠤᠷᠢᠭ ᠤᠨ ᠲᠣᠭᠤᠰᠣᠲᠤ ᠠᠭᠤᠰᠬᠢᠨ | ᠡᠪᠡᠳᠴᠢᠨ ᠢ ᠰᠡᠷᠭᠡᠶᠢᠯᠡᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠎ᠠ᠃ | 2020 ᠣᠨ ᠤ ᠰᠡᠭᠦᠯᠴᠢ ᠪᠣᠯᠲᠠᠯ᠎ᠠ᠂ ᠬᠤᠲᠠ ᠶᠢᠨ ᠰᠢᠭᠤᠳ ᠬᠠᠷᠢᠶ᠎ᠠ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠲᠦᠰᠢᠭᠯᠡᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠠᠵᠢᠯ ᠢ | ᠥᠷᠨᠢᠭᠦᠯᠦᠨ᠎ᠡ᠃ ᠪᠠᠶᠢᠩᠭᠤ ᠰᠠᠭᠤᠭ᠎ᠠ ᠲᠣᠭᠤᠰᠣᠲᠤ ᠠᠭᠤᠰᠬᠢᠨ ᠡᠪᠡᠳᠴᠢᠲᠡᠨ 100 ᠬᠥᠮᠦᠨ ᠳᠤ ᠬᠦᠷᠦᠭᠰᠡᠨ | ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠲᠦᠰᠢᠭᠯᠡᠨ | ᠲᠣᠭᠤᠰᠣᠲᠤ ᠠᠭᠤᠰᠬᠢᠨ ᠡᠪᠡᠳᠴᠢᠨ ᠤ ᠡᠷᠡᠭᠦᠯᠵᠢᠯ ᠤᠨ ᠥᠷᠲᠡᠭᠡ ᠪᠠᠶᠢᠭᠤᠯᠬᠤ ᠶᠢᠨ ᠬᠠᠮᠲᠤ ᠬᠠᠮᠢᠶ᠎ᠠ ᠪᠥᠬᠦᠶ | ᠲᠥᠬᠦᠭᠡᠷᠦᠮᠵᠢ ᠪᠠ ᠦᠷᠭᠦᠯᠵᠢ ᠬᠡᠷᠡᠭᠯᠡᠬᠦ ᠡᠮ ᠤᠨ ᠵᠦᠢᠯ ᠢ ᠳᠣᠭᠢᠷᠠᠭᠤᠯᠤᠨ᠎ᠠ᠃ ᠪᠠᠶᠢᠩᠭᠤ ᠰᠠᠭᠤᠭ᠎ᠠ ᠲᠣᠭᠤᠰᠣᠲᠤ | ᠠᠭᠤᠰᠬᠢᠨ ᠡᠪᠡᠳᠴᠢᠲᠡᠨ 10 ᠬᠥᠮᠦᠨ ᠬᠦᠷᠦᠭᠰᠡᠨ ᠨᠡᠶᠢᠭᠡᠮ ᠲᠣᠭᠤᠷᠢᠭ᠂ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠲᠦᠰᠢᠭᠯᠡᠨ ᠲᠣᠭᠤᠰᠣᠲᠤ ᠠᠭᠤᠰᠬᠢᠨ ᠡᠪᠡᠳᠴᠢᠨ ᠤ ᠡᠷᠡᠭᠦᠯᠵᠢᠯ ᠤᠨ | ᠭᠠᠵᠠᠷ ᠪᠠᠶᠢᠭᠤᠯᠵᠤ᠂ ᠬᠠᠮᠢᠶ᠎ᠠ ᠪᠦᠬᠦᠢ ᠲᠥᠬᠦᠭᠡᠷᠦᠮᠵᠢ ᠪᠣᠯᠤᠨ ᠦᠷᠭᠦᠯᠵᠢ ᠬᠡᠷᠡᠭᠯᠡᠬᠦ ᠡᠮ ᠤᠨ ᠵᠦᠢᠯ ᠢ | ᠲᠣᠬᠢᠷᠠᠭᠤᠯᠬᠤ ᠬᠡᠷᠡᠭᠲᠡᠶ᠃ ︵ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠵᠤ᠂ | ᠲᠣᠭᠤᠷᠢᠭ ᠤᠨ ᠭᠥᠭᠵᠢᠭᠦᠯᠦᠯᠲᠡ ᠪᠠ ᠥᠭᠡᠷᠡᠴᠢᠯᠡᠯᠳᠡ ᠶᠢᠨ ᠵᠦᠪᠯᠡᠯ ᠬᠠᠮᠵᠢᠯᠴᠠᠨ᠎ᠠ︶ | 11᠂ ᠬᠥᠳᠡᠯᠮᠦᠷᠢᠯᠡᠭᠴᠢᠳ ᠤᠨ ᠲᠣᠭᠤᠰᠣ ᠶᠢᠨ ᠬᠥᠨᠥᠭᠡᠯ ᠢ ᠰᠡᠷᠭᠡᠶᠢᠯᠡᠨ ᠵᠠᠰᠠᠬᠤ ᠮᠡᠳᠡᠯᠭᠡ ᠪᠣᠯᠤᠨ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ | ᠴᠢᠩᠭᠠᠳᠬᠠᠬᠤ ᠬᠡᠷᠡᠭᠲᠡᠶ᠃ ᠣᠯᠠᠨ ᠵᠦᠢᠯ ᠤᠨ ᠬᠡᠯᠪᠡᠷᠢ ᠪᠠᠷ ᠬᠥᠳᠡᠯᠮᠦᠷᠢᠴᠢᠳ ᠲᠤ ᠲᠣᠭᠤᠰᠣᠲᠤ ᠠᠭᠤᠰᠬᠢᠨ | ᠡᠪᠡᠳᠴᠢᠨ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠭ᠎ᠠ ᠬᠢᠵᠦ᠂ ᠬᠥᠳᠡᠯᠮᠦᠷᠢᠴᠢᠳ ᠤᠨ | ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠤᠪᠢ ᠬᠥᠮᠦᠨ ᠤ | ᠬᠠᠮᠠᠭᠠᠯᠠᠯᠲᠠ ᠶᠢᠨ ᠬᠡᠷᠡᠭᠰᠡᠯ ᠢ ᠤᠬᠠᠮᠰᠠᠷ ᠠᠴᠠ ᠪᠠᠨ ᠵᠥᠪ ᠬᠡᠷᠡᠭᠯᠡᠵᠦ᠂ ᠠᠵᠢᠯᠯᠠᠬᠤ ᠳᠦᠷᠢᠮ ᠢ ᠴᠢᠩᠭ᠎ᠠ ᠵᠢᠷᠤᠮᠯᠠᠨ | ᠠᠵᠢᠯᠯᠠᠬᠤ ᠬᠡᠷᠡᠭᠲᠡᠶ᠃ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ᠂ ᠬᠥᠳᠡᠯᠮᠦᠷᠢ ᠶᠢᠨ | ᠬᠠᠮᠠᠭᠠᠯᠠᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠠᠭᠤᠯᠭ᠎ᠠ ᠶᠢ ᠣᠶᠢᠯᠠᠭᠠᠬᠤ ᠬᠡᠷᠡᠭᠲᠡᠶ | ᠃ ︵ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠷᠢᠭᠤᠴᠠᠵᠤ᠂ ᠲᠣᠭᠤᠷᠢᠭ ᠤᠨ ᠠᠵᠢᠯᠴᠢᠨ ᠤ | ᠶᠡᠷᠥᠩᠬᠡᠢ ᠡᠪᠯᠡᠯ ᠬᠠᠮᠵᠢᠯᠴᠠᠵᠦ᠂ ᠡᠯ᠎ᠡ ᠠᠵᠢᠯᠴᠢᠨ ᠬᠡᠷᠡᠭᠯᠡᠬᠦ ᠠᠵᠤ ᠠᠬᠤᠶᠢᠯᠠᠯ ᠨᠠᠶᠢᠳᠠᠪᠤᠷᠢᠵᠢᠭᠤᠯᠤᠨ᠎ᠠ︶ | ︵ᠲᠠᠪᠤ︶ ᠬᠥᠮᠦᠨ ᠬᠡᠷᠡᠭᠯᠡᠬᠦ ᠪᠠᠶᠢᠭᠤᠯᠭ᠎ᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ | 12᠂ ᠬᠥᠮᠦᠨ ᠬᠡᠷᠡᠭᠯᠡᠬᠦ ᠪᠠᠶᠢᠭᠤᠯᠭ᠎ᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠲᠣᠭᠤᠰᠣᠨ ᠤ ᠬᠤᠤᠷ ᠬᠥᠨᠥᠭᠡᠯ ᠬᠦᠨᠳᠦ ᠨᠣᠴᠢᠲᠠᠶ ᠪᠠᠶᠢᠭᠤᠯᠭ᠎ᠠ | ᠳᠣᠰᠬᠠᠶᠢᠯᠠᠭᠰᠠᠨ ᠬᠠᠮᠢᠶᠠᠷᠤᠯᠳᠠ ᠶᠢᠨ ᠠᠵᠢᠯᠲᠠᠨ ᠳᠣᠬᠢᠷᠠᠭᠤᠯᠤᠨ ᠲᠣᠭᠤᠰᠣ ᠶᠢ ᠰᠡᠷᠭᠡᠶᠢᠯᠡᠨ ᠵᠠᠰᠠᠬᠤ ᠡᠳᠦᠷ | ᠲᠤᠲᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠵᠤ᠂ ᠱᠠᠭᠠᠷᠳᠠᠯᠭ᠎ᠠ ᠶᠣᠰᠣᠭᠠᠷ ᠲᠣᠭᠤᠰᠣᠨ ᠤ ᠬᠤᠤᠷ | ᠬᠥᠨᠥᠭᠡᠯ ᠤᠨ ᠲᠥᠷᠥᠯ ᠵᠦᠢᠯ ᠢ ᠮᠡᠳᠡᠭᠦᠯᠬᠦ ᠶᠢᠨ ᠬᠠᠮᠲᠤ ᠲᠣᠭᠤᠰᠣᠨ ᠤ ᠡᠳᠦᠷ ᠲᠤᠲᠤᠮ ᠤᠨ ᠬᠢᠨᠠᠨ ᠬᠡᠮᠵᠢᠬᠦ ᠪᠠ | ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠬᠦ ᠬᠡᠷᠡᠭᠲᠡᠶ᠃ ᠬᠥᠮᠦᠨ ᠬᠡᠷᠡᠭᠯᠡᠬᠦ | ᠪᠠᠶᠢᠭᠤᠯᠭ᠎ᠠ ᠬᠥᠳᠡᠯᠮᠦᠷᠢᠴᠢᠳ ᠲᠠᠢ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠵᠤ᠂ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠲᠤᠰᠢᠶᠠᠵᠤ᠂ ᠬᠥᠳᠡᠯᠮᠦᠷᠢᠴᠢᠳ ᠲᠤ ᠬᠢᠷᠢ ᠲᠡᠩᠴᠡᠭᠰᠡᠨ ᠪᠦᠲᠦᠮᠵᠢᠲᠡᠶ | ᠬᠠᠮᠠᠭᠠᠯᠠᠯᠲᠠ ᠶᠢᠨ ᠬᠡᠷᠡᠭᠰᠡᠯ ᠲᠣᠬᠢᠷᠠᠭᠤᠯᠵᠤ᠂ ᠬᠥᠳᠡᠯᠮᠦᠷᠢᠴᠢᠳ ᠲᠤ ᠲᠣᠭᠤᠰᠣᠲᠤ ᠠᠭᠤᠰᠬᠢᠨ ᠡᠪᠡᠳᠴᠢᠨ ᠢ | ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠮᠡᠳᠡᠯᠭᠡ ᠶᠢᠨ ᠪᠤᠯᠪᠠᠰᠣᠷᠠᠭᠤᠯᠤᠯ ᠬᠢᠵᠦ᠂ ᠬᠥᠳᠡᠯᠮᠦᠷᠢᠴᠢᠳ ᠢ ᠵᠣᠬᠢᠶᠠᠨ | ᠪᠠᠶᠢᠭᠤᠯᠵᠤ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠪᠠᠶᠢᠴᠠᠭᠠᠯᠲᠠ ᠬᠢᠭᠦ ᠶᠢᠨ ᠬᠠᠮᠲᠤ ᠬᠥᠳᠡᠯᠮᠦᠷᠢᠴᠢᠳ ᠲᠤ | ᠬᠤᠪᠢ ᠬᠥᠮᠦᠨ ᠤ ᠠᠵᠢᠯ ᠮᠡᠷᠭᠡᠵᠢᠯ ᠤᠨ ᠡᠷᠡᠭᠦᠯ ᠮᠡᠨᠳᠤ ᠶᠢ ᠬᠢᠨᠠᠨ ᠬᠠᠮᠠᠭᠠᠯᠠᠬᠤ ᠲᠠᠩᠰᠠ ᠡᠪᠬᠡᠮᠡᠯ ᠪᠠᠶᠢᠭᠤᠯᠵᠤ | ᠥᠭᠭᠦᠨ᠎ᠡ᠃ ᠡᠷᠡᠭᠦᠯ ᠮᠡᠨᠳᠦ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ | ᠠᠵᠤ ᠠᠬᠤᠶᠢᠯᠠᠯ ᠤᠨ ᠲᠣᠭᠤᠰᠣᠨ ᠤ ᠬᠤᠤᠷ ᠬᠥᠨᠥᠭᠡᠯ ᠢ ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠪᠠᠨ | ᠳᠡᠭᠡᠭᠰᠢᠯᠡᠭᠦᠯᠵᠦ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠪᠣᠯᠤᠨ | ᠡᠭᠦᠷᠭᠡ ᠪᠠᠨ ᠬᠢᠨᠠᠮᠠᠭᠠᠶ ᠭᠦᠢᠴᠡᠳᠬᠡᠭᠦ ᠶᠢ ᠲᠦᠯᠬᠢᠨ ᠠᠬᠢᠭᠤᠯᠬᠤ ᠬᠡᠷᠡᠭᠳᠡᠢ᠃ 2020 ᠣᠨ ᠤ ᠰᠡᠭᠦᠯᠴᠢ ᠠᠴᠠ | ᠡᠮᠦᠨ᠎ᠡ᠂ ᠭᠤᠤᠯᠳᠠᠯᠭ᠎ᠠ ᠲᠠᠢ ᠠᠵᠢᠯ ᠲᠥᠷᠥᠯ ᠤᠨ ᠬᠥᠮᠦᠨ ᠬᠡᠷᠡᠭᠯᠡᠬᠦ ᠪᠠᠶᠢᠭᠤᠯᠭ᠎ᠠ ᠶᠢᠨ ᠬᠥᠳᠡᠯᠮᠦᠷᠢᠴᠢᠳ ᠤᠨ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠪᠦᠷᠬᠦᠴᠡ ᠶᠢᠨ ᠨᠣᠷᠮ᠎ᠠ ᠶᠢ 80% ᠠᠴᠠ ᠳᠡᠭᠡᠭᠰᠢ ᠳᠤ | ᠬᠦᠷᠦᠭᠦᠯᠵᠦ᠂ ᠠᠵᠤ ᠠᠬᠤᠶᠢᠯᠠᠯ ᠬᠥᠳᠡᠯᠮᠦᠷᠢᠴᠢᠳ ᠯᠦᠭᠡ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠬᠤ | ᠬᠡᠷᠡᠭᠲᠡᠶ᠃ ︵ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭᠤᠷᠢᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭᠤᠷᠢᠭ ᠤᠨ ᠠᠵᠢᠯᠴᠢᠨ ᠤ | ᠶᠡᠷᠦᠩᠬᠡᠶ ᠡᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠠᠵᠢᠯᠴᠢᠨ | ᠬᠡᠷᠡᠭᠯᠡᠬᠦ ᠠᠵᠤ ᠠᠬᠤᠶᠢᠯᠠᠯ ᠨᠠᠶᠢᠳᠠᠪᠤᠷᠢᠵᠢᠭᠤᠯᠤᠨ᠎ᠠ︶ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠪᠠᠶᠢᠴᠠᠭᠠᠬᠤ ᠲᠥᠰᠦᠯ ᠲᠣᠭᠲᠠᠭᠠᠵᠤ᠂ | ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠵᠢᠯ ᠤᠨ ᠠᠭᠤᠯᠭ᠎ᠠ ᠪᠣᠯᠤᠨ | ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ ᠦᠨᠡᠯᠡᠨ ᠵᠢᠱᠢᠬᠦ ᠶᠢᠨ ᠬᠠᠮᠲᠤ ᠵᠠᠷᠯᠠᠬᠤ ᠬᠡᠷᠡᠭᠲᠡᠶ᠃ | ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠳᠤᠷᠠᠨ᠂ 2020 ᠣᠨ ᠤ ᠰᠡᠭᠦᠯᠴᠢ ᠪᠠᠷ ᠡᠯ᠎ᠡ ᠠᠵᠤ ᠠᠬᠤᠶᠢᠯᠠᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ | ᠪᠣᠯᠤᠨ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠵᠦ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ | ᠂ ᠦᠨᠡᠯᠡᠨ ᠵᠢᠱᠢᠭᠰᠡᠨ ᠦᠷ᠎ᠡ ᠳ᠋ᠦᠩ ᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ | ᠃ | ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠃ ︵2020 ᠣᠨ ᠤ 1 ᠰᠠᠷ᠎ᠠ ᠶᠢᠨ 1 ᠤ | ᠡᠳᠦᠷ — 2020 ᠣᠨ ᠤ 12 ᠰᠠᠷ᠎ᠠ ᠶᠢᠨ 31 ᠤ ᠡᠳᠦᠷ︶ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠣᠳᠠᠲᠤ ᠪᠠᠶᠢᠳᠠᠯ | ᠲᠠᠢ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠥᠰᠦᠯ ᠤᠨ ᠲᠠᠪᠤᠨ ᠵᠦᠢᠯ ᠤᠨ | ᠠᠵᠢᠯᠯᠠᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠥᠷᠨᠢᠭᠦᠯᠭᠦ ᠶᠢ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢᠨ | ᠭᠦᠢᠴᠡᠳᠬᠡᠯ ᠲᠤᠭ᠎ᠠ ᠶᠢ ᠪᠡᠶᠡᠯᠡᠭᠦᠯᠬᠦ ᠶᠢ ᠦᠨᠡᠨᠬᠦ ᠪᠠᠳᠣᠯᠠᠬᠤ ᠬᠡᠷᠡᠭᠳᠡᠢ᠃ | ︵ᠬᠤᠶᠠᠷ︶ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠬᠦ᠃ ︵2020 ᠣᠨ ᠤ 9 ᠰᠠᠷ᠎ᠠ ᠶᠢᠨ | 1 ᠤ ᠡᠳᠦᠷ — 2020 ᠣᠨ ᠤ 9 ᠰᠠᠷ᠎ᠠ ᠶᠢᠨ 31 ᠤ ᠡᠳᠦᠷ︶ ᠲᠤᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠳᠣᠷᠠᠨ ᠬᠢᠨᠠᠨ ᠪᠠᠶᠢᠴᠠᠭᠠᠬᠤ | ᠲᠥᠰᠦᠯ ᠳᠣᠭᠳᠠᠭᠠᠨ ᠬᠢᠨᠠᠨ ᠪᠠᠶᠢᠴᠠᠭᠠᠵᠤ᠂ ᠠᠵᠢᠯ ᠤᠨ ᠠᠭᠤᠯᠭ᠎ᠠ ᠪᠣᠯᠤᠨ ᠬᠡᠷᠡᠭᠵᠢᠭᠦᠯᠦᠭᠰᠡᠨ ᠦᠷ᠎ᠡ | ᠪᠦᠲᠦᠮᠵᠢ ᠶᠢ ᠶᠡᠷᠦᠩᠬᠡᠶᠢᠯᠡᠨ ᠦᠨᠡᠯᠡᠨ ᠵᠢᠱᠢᠬᠦ ᠶᠢᠨ ᠬᠠᠮᠲᠤ ᠵᠠᠷᠯᠠᠬᠤ ᠬᠡᠷᠡᠭᠲᠡᠶ᠃ | ︵ᠭᠤᠷᠪᠠ︶ ᠳ᠋ᠦᠩᠨᠡᠨ ᠴᠡᠭᠴᠡᠯᠡᠨ ᠰᠠᠶᠢᠵᠢᠷᠠᠭᠤᠯᠬᠤ ᠃ ︵2020 ᠣᠨ ᠤ 10 ᠰᠠᠷ᠎ᠠ ᠶᠢᠨ 1 ᠤ | ᠡᠳᠦᠷ — 2020 ᠣᠨ ᠤ 12 ᠰᠠᠷ᠎ᠠ ᠶᠢᠨ 31 ᠤ ᠡᠳᠦᠷ︶ ᠶᠡᠷᠦᠩᠬᠡᠶᠢᠯᠡᠨ ᠦᠨᠡᠯᠡᠨ ᠵᠢᠱᠢᠭᠰᠡᠨ ᠪᠠᠶᠢᠳᠠᠯ | ᠶᠣᠰᠣᠭᠠᠷ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠳ᠋ᠦᠩᠨᠡᠨ | ᠳᠡᠯᠭᠡᠷᠡᠭᠦᠯᠵᠦ᠂ ᠰᠣᠯᠢᠯᠴᠠᠨ ᠰᠤᠷᠤᠯᠴᠠᠬᠤ ᠪᠠᠨ ᠴᠢᠩᠭᠠᠳᠬᠠᠬᠤ ᠬᠡᠷᠡᠭᠲᠡᠶ᠃ ᠣᠷᠣᠰᠢᠵᠤ ᠪᠠᠶᠢᠭ᠎ᠠ ᠠᠰᠠᠭᠤᠳᠠᠯ | ᠪᠠ ᠬᠦᠷᠦᠯᠴᠡᠬᠦ ᠦᠭᠡᠢ ᠲᠠᠯ᠎ᠠ ᠶᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠳᠡᠢ᠃ | ᠳᠠᠭᠠᠯᠳᠤᠭᠤᠯᠤᠯ᠄ | 1᠂ ᠬᠢᠶ᠎ᠠ ᠪᠠᠭᠰᠢ ᠲᠣᠭᠤᠷᠢᠭ ᠤᠨ ᠲᠣᠭᠤᠰᠣᠲᠤ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ | ᠠᠵᠢᠯ ᠤᠨ ᠤᠳᠤᠷᠢᠳᠬᠤ ᠳᠤᠭᠤᠶᠢᠯᠠᠩ | 2᠂ ᠬᠢᠶ᠎ᠠ ᠪᠠᠭᠰᠢ ᠲᠣᠭᠤᠷᠢᠭ ᠤᠨ ᠲᠣᠭᠤᠰᠣᠲᠤ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠠᠵᠢᠯᠯᠠᠭ᠎ᠠ ᠶᠢᠨ ᠡᠬᠡ ᠳᠠᠩᠰᠠ | ᠣᠷᠳᠣᠰ ᠬᠤᠲᠠ ᠶᠢᠨ ᠬᠢᠶ᠎ᠡ ᠪᠠᠭᠰᠢ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 6 ᠰᠠᠷ᠎ᠠ ᠶᠢᠨ 18 ᠤ ᠡᠳᠦᠷ |