ᠬᠢᠶ᠎ᠠ ᠪᠠᠭᠰᠢ ᠲᠣᠭᠤᠷᠢᠭ ᠤᠨ ᠲᠣᠭᠤᠰᠣᠳᠣ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ  ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/8/20
ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ᠂ ᠡᠭᠴᠡ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠤᠯᠤᠰ  ᠤᠨ  ᠥᠮᠴᠢᠯᠡᠯᠡᠳᠦ ᠠᠵᠤ ᠠᠬᠤᠶᠢᠯᠠᠯ᠄          ᠲᠣᠭᠤᠷᠢᠭ ᠤᠨ ᠠᠷᠠᠳ ᠤᠨ ᠵᠠᠰᠠᠭ   ᠤᠨ ᠣᠷᠳᠣᠨ ᠤ ᠵᠥᠪᠰᠢᠶᠡᠷᠡᠯ ᠢᠶᠠᠷ᠂ ᠡᠳᠦᠭᠡ ︽ᠬᠢᠶ᠎ᠠ ᠪᠠᠭᠰᠢ ᠲᠣᠭᠤᠷᠢᠭ ᠤᠨ ᠲᠣᠭᠤᠰᠣᠳᠣ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                         ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                           2020 ᠣᠨ ᠤ 6 ᠰᠠᠷ᠎ᠠ ᠶᠢᠨ 18 ᠤ ᠡᠳᠦᠷ                  ᠬᠢᠶ᠎ᠠ ᠪᠠᠭᠰᠢ ᠲᠣᠭᠤᠷᠢᠭ ᠤᠨ ᠲᠣᠭᠤᠰᠣᠳᠣ ᠠᠭᠤᠰᠬᠢᠨ ᠡᠪᠡᠳᠴᠢᠨ ᠢ                  ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ          ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ  ᠨᠥᠭᠦᠷ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠠ ︽ᠤᠯᠤᠰ  ᠤᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠲᠥᠯᠥᠪᠯᠡᠭᠡ ︵2016 —2020 ᠣᠨ︶︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ  ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠳᠣᠬᠠᠨ ᠤ ᠲᠣᠭᠤᠰᠣᠳᠣ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠣᠯᠳᠠᠯᠭ᠎ᠠ ᠲᠠᠢ ᠪᠠ ᠭᠦᠴᠢᠷᠳᠡᠯᠳᠡᠢ ᠠᠰᠠᠭᠤᠳᠠᠯ ᠢ ᠰᠢᠢᠳᠪᠦᠷᠢᠯᠡᠵᠦ᠂ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠵᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 10 ᠰᠠᠯᠠᠭ᠎ᠠ ᠮᠥᠴᠢᠷ ᠤᠨ ︽ᠣᠷᠳᠣᠰ ᠬᠤᠳᠠ ᠶᠢᠨ ᠲᠣᠭᠤᠰᠣᠳᠣ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠦᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠣᠷᠳᠣᠰ ᠡᠷᠡᠭᠦᠯ ᠬᠠᠮᠠᠭᠠᠯᠠᠯ ᠲᠠᠷᠬᠠᠭᠠᠭᠰᠠᠨ ︹ 2020 ︺ 69  ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠤ  ᠪᠠᠶᠢᠳᠠᠯ ᠲᠠᠢ ᠤᠶᠠᠯᠳᠤᠭᠤᠯᠵᠤ᠂ ᠲᠤᠰ ᠠᠵᠢᠯᠯᠠᠭ᠎ᠠ ᠶᠢᠨ ᠲᠥᠰᠦᠯ ᠢ ᠲᠣᠭᠲᠠᠭᠠᠪᠠ᠃          ᠨᠢᠭᠡ᠂ ᠶᠡᠷᠦᠩᠬᠡᠶ ᠱᠠᠭᠠᠷᠳᠠᠯᠭ᠎ᠠ          ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ  ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ   ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 10 ᠰᠠᠯᠠᠭ᠎ᠠ ᠮᠥᠴᠢᠷ ᠤᠨ ᠲᠣᠭᠤᠰᠣᠲᠤ ᠠᠭᠤᠰᠬᠢᠨ ᠡᠪᠡᠳᠴᠢᠨ ᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠠᠵᠢᠯ ᠮᠡᠷᠭᠡᠵᠢᠯ ᠤᠨ ᠡᠷᠡᠭᠦᠯ ᠮᠡᠨᠳᠦ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠴᠢᠳᠠᠪᠤᠷᠢ ᠪᠣᠯᠤᠨ   ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠤᠨ ᠲᠤᠯᠭᠠᠭᠤᠷᠢᠯᠠᠬᠤ  ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠭᠤᠰᠣᠲᠤ ᠠᠭᠤᠰᠬᠢᠨ ᠡᠪᠡᠳᠴᠢᠲᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠲᠣᠭᠤᠰᠣᠲᠤ ᠠᠭᠤᠰᠬᠢᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠷᠠᠯᠲᠠ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠵᠡᠷᠭᠡᠪᠡᠷ ᠪᠡᠶᠡᠯᠡᠭᠦᠯᠬᠦ ᠶᠢ ᠪᠠᠲᠤᠯᠠᠨ᠎ᠠ᠃          ᠬᠤᠶᠠᠷ᠂ ᠭᠤᠣᠯᠳᠠᠯᠭ᠎ᠠ ᠲᠠᠢ ᠡᠭᠦᠷᠭᠡ          ︵ᠨᠢᠭᠡ︶ ᠰᠠᠭᠤᠷᠢ ᠳ᠋ᠠᠶᠢᠲ᠋ᠠ ᠶᠢᠨ ᠪᠠᠶᠢᠴᠠᠭᠠᠯᠲᠠ          1᠂ ᠠᠵᠢᠯ ᠤᠨ ᠨᠥᠯᠥᠭᠡᠨ ᠤ ᠴᠢᠨᠠᠷᠲᠠᠶ ᠲᠣᠭᠤᠰᠣᠲᠤ ᠠᠭᠤᠰᠬᠢᠨ ᠡᠪᠡᠳᠴᠢᠲᠡᠨ ᠢ ᠳᠠᠭᠠᠵᠤ  ᠰᠤᠷᠪᠣᠯᠵᠢᠯᠠᠨ ᠪᠠᠶᠢᠴᠠᠭᠠᠨ᠎ᠠ᠃ 2018 ᠣᠨ ᠤ ᠡᠴᠦᠰ ᠪᠣᠯᠲᠠᠯ᠎ᠠ ᠮᠡᠳᠡᠭᠦᠯᠦᠭᠰᠡᠨ ᠪᠣᠶ ᠪᠥᠬᠦᠶ  ᠲᠣᠭᠤᠰᠣᠲᠤ ᠠᠭᠤᠰᠬᠢᠨ  ᠡᠪᠡᠳᠴᠢᠲᠡᠨ ᠤ ᠲᠠᠷᠬᠠᠯᠲᠠ᠂ ᠡᠪᠡᠳᠴᠢᠨ ᠤ ᠪᠠᠶᠢᠳᠠᠯ᠂ ᠪᠠᠲᠤᠯᠠᠭ᠎ᠠ ᠶᠢᠨ ᠪᠠᠶᠢᠳᠠᠯ ᠵᠡᠷᠭᠡ ᠦᠨᠳᠦᠰᠦᠨ ᠮᠡᠳᠡᠭᠡ ᠵᠠᠩᠭᠢ ᠶᠢ ᠳᠣᠳᠣᠷᠬᠠᠢ ᠣᠶᠢᠯᠠᠭᠠᠨ᠎ᠠ᠃ ᠰᠠᠭᠤᠭᠠᠯᠢ ᠠᠷᠠᠳ ᠤᠨ ᠦᠬᠦᠭᠰᠡᠨ ᠰᠢᠯᠲᠠᠭᠠᠨ ᠢ ᠬᠢᠨᠠᠨ ᠬᠡᠮᠵᠢᠬᠦ᠂ ᠲᠣᠭᠤᠰᠣᠲᠤ ᠠᠭᠤᠰᠬᠢᠨ ᠡᠪᠡᠳᠴᠢᠨ ᠤ  ᠪᠠᠶᠢᠴᠠᠭᠠᠯᠳᠠ ᠪᠠ ᠲᠣᠭᠤᠰᠣᠲᠤ ᠠᠭᠤᠰᠬᠢᠨ ᠡᠪᠡᠳᠴᠢᠨ ᠤ ᠮᠡᠳᠡᠭᠦᠯᠦᠯᠲᠡ ᠶᠢᠨ ᠰᠢᠰᠲ᠋ᠧᠮ ᠢ ᠠᠰᠢᠭᠯᠠᠨ ᠰᠠᠭᠤᠷᠢ ᠮᠡᠳᠡᠭᠡ  ᠵᠠᠩᠭᠢ ᠶᠢ ᠣᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ   ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠲᠣᠭᠤᠰᠣᠲᠤ ᠠᠭᠤᠰᠬᠢᠨ ᠡᠪᠡᠳᠴᠢᠲᠡᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂  ᠠᠮᠢᠳᠣᠷᠠᠯ ᠤᠨ ᠪᠠᠶᠢᠳᠠᠯ᠂ ᠠᠪᠤᠷᠠᠨ ᠳᠣᠰᠠᠯᠠᠭᠰᠠᠨ ᠪᠠᠶᠢᠳᠠᠯ᠂ ᠬᠠᠷᠢᠯᠴᠠᠬᠤ ᠠᠷᠭ᠎ᠠ ᠮᠠᠶ᠋ᠢᠭ ᠢ ᠣᠯᠵᠤ ᠳᠠᠭᠠᠵᠤ ᠰᠤᠷᠪᠤᠯᠵᠢᠯᠠᠨ᠎ᠠ᠃ ︵ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠬᠠᠷᠢᠭᠤᠴᠠᠵᠤ᠂  ᠲᠣᠭᠤᠷᠢᠭ ᠤᠨ ᠭᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠬᠠᠮᠵᠢᠯᠴᠠᠨ᠎ᠠ︶          2᠂ ᠲᠣᠭᠤᠰᠣᠨ ᠤ ᠬᠤᠤᠷ ᠬᠥᠨᠥᠭᠡᠯ ᠤᠨ ᠲᠤᠭ᠎ᠠ ᠪᠠᠷᠢᠮᠲᠠ ᠶᠢᠨ ᠪᠠᠶᠢᠴᠠᠭᠠᠯᠲᠠ᠃ ᠭᠤᠣᠯᠳᠠᠯᠭ᠎ᠠ ᠲᠠᠢ ᠠᠵᠢᠯ ᠲᠥᠷᠥᠯ ᠤᠨ ᠲᠣᠭᠤᠰᠣᠨ ᠤ ᠬᠤᠣᠷ ᠬᠥᠨᠥᠭᠡᠯ ᠳᠤ ᠲᠤᠰᠬᠠᠶ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠮᠦᠨ ᠬᠡᠷᠡᠭᠯᠡᠬᠦ ᠪᠠᠶᠢᠭᠤᠯᠭ᠎ᠠ ᠶᠢᠨ ᠲᠣᠭᠤᠰᠣ ᠶᠢᠨ ᠬᠤᠤᠷ ᠬᠥᠨᠥᠭᠡᠯ ᠤᠨ ᠲᠠᠷᠬᠠᠯᠲᠠ ᠶᠢᠨ ᠪᠠᠶᠢᠳᠠᠯ ᠪᠣᠯᠤᠨ ᠦᠨᠳᠦᠰᠦᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠡᠵᠡᠮᠰᠢᠵᠦ᠂ ᠲᠣᠭᠤᠰᠣ ᠶᠢᠨ ᠬᠤᠤᠷ ᠬᠥᠨᠥᠭᠡᠯ ᠤᠨ ᠰᠠᠭᠤᠷᠢ ᠳ᠋ᠠᠶᠢᠲ᠋ᠠ ᠶᠢᠨ ᠬᠥᠮᠥᠷᠭᠡ ᠶᠢ  ᠪᠠᠶᠢᠭᠤᠯᠤᠨ᠂ 2020 ᠣᠨ ᠤ ᠰᠡᠭᠦᠯᠴᠢ ᠠᠴᠠ ᠡᠮᠦᠨ᠎ᠡ ᠪᠠᠶᠢᠴᠠᠭᠠᠯᠲᠠ ᠶᠢᠨ ᠠᠵᠢᠯ ᠢ ᠳᠠᠭᠤᠰᠬᠠᠨ᠎ᠠ᠃ ︵ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠬᠠᠷᠢᠭᠤᠴᠠᠨ᠎ᠠ︶          ︵ ᠬᠤᠶᠠᠷ︶ ᠲᠣᠭᠤᠰᠣᠲᠤ ᠠᠭᠤᠰᠬᠢᠨ ᠡᠪᠡᠳᠴᠢᠲᠡᠨ ᠢ ᠠᠪᠤᠷᠠᠨ  ᠵᠠᠰᠠᠵᠤ ᠳᠤᠰᠠᠯᠠᠬᠤ          3᠂ ᠲᠣᠭᠤᠰᠣᠲᠤ ᠠᠭᠤᠰᠬᠢᠨ ᠡᠪᠡᠳᠴᠢᠨ ᠢ ᠬᠢᠨᠠᠨ ᠬᠡᠮᠵᠢᠬᠦ ᠪᠠ ᠰᠢᠭᠰᠢᠨ ᠪᠠᠶᠢᠴᠠᠭᠠᠬᠤ ᠶᠢ ᠴᠢᠩᠭᠠᠳᠬᠠᠨ᠎ᠠ᠃ ︽ᠠᠵᠢᠯ ᠤᠨ ᠨᠥᠯᠥᠭᠡᠨ ᠤ ᠡᠪᠡᠳᠴᠢᠨ ᠤ ᠠᠩᠭᠢᠯᠠᠯ ᠪᠠ ᠭᠠᠷᠴᠠᠭ︾ ᠲᠠᠬᠢ 13 ᠵᠦᠢᠯ ᠤᠨ ᠲᠣᠭᠤᠰᠣᠲᠤ ᠠᠭᠤᠰᠬᠢᠨ ᠡᠪᠡᠳᠴᠢᠨ ᠢ ᠭᠤᠤᠯᠳᠠᠯᠭ᠎ᠠ ᠲᠠᠢ ᠠᠵᠢᠯ ᠤᠨ ᠨᠥᠯᠥᠭᠡᠨ ᠤ ᠡᠪᠡᠳᠴᠢᠨ ᠢ ᠬᠢᠨᠠᠨ ᠬᠡᠮᠵᠢᠬᠦ ᠠᠭᠤᠯᠭ᠎ᠠ ᠳᠤ ᠣᠷᠣᠭᠤᠯᠣᠨ᠎ᠠ᠃ ᠲᠣᠭᠤᠰᠣᠲᠤ ᠠᠭᠤᠰᠬᠢᠨ ᠡᠪᠡᠳᠴᠢᠨ ᠢ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ ᠶᠢ ᠴᠢᠩᠭᠠᠳᠬᠠᠵᠤ᠂ ᠲᠣᠭᠤᠰᠣᠲᠤ ᠠᠭᠤᠰᠬᠢᠨ ᠡᠪᠡᠳᠴᠢᠨ ᠢ ᠰᠢᠭᠰᠢᠨ ᠪᠠᠶᠢᠴᠠᠭᠠᠬᠤ ᠲᠤᠷᠰᠢᠯᠲᠠ ᠶᠢᠨ ᠠᠵᠢᠯ ᠢ ᠥᠷᠨᠢᠭᠦᠯᠦᠨ᠎ᠡ᠃ ᠲᠣᠭᠤᠰᠣᠲᠤ ᠠᠭᠤᠰᠬᠢᠨ ᠡᠪᠡᠳᠴᠢᠨ ᠢᠶᠠᠷ ᠣᠨᠣᠰᠢᠯᠠᠭᠰᠠᠨ ᠪᠣᠢ ᠪᠦᠬᠦᠢ ᠡᠪᠡᠳᠴᠢᠲᠡᠨ ᠳᠤ ᠳᠠᠩᠰᠠ ᠡᠪᠬᠡᠮᠡᠯ ᠪᠠᠶᠢᠭᠤᠯᠵᠤ᠂  ᠭᠦᠮᠦᠨ ᠪᠣᠯᠭᠠᠨ ᠳᠤ ᠳᠠᠩᠰᠠ ᠡᠪᠬᠡᠮᠡᠯ ᠲᠠᠢ ᠪᠠᠶᠢᠬᠤ ᠶᠢ ᠪᠠᠳᠣᠯᠠᠨ᠎ᠠ᠃  ᠲᠣᠭᠤᠰᠣᠲᠤ ᠠᠭᠤᠰᠬᠢᠨ ᠡᠪᠡᠳᠴᠢᠲᠡᠨ ᠢ ᠳᠠᠭᠠᠵᠤ ᠰᠤᠷᠪᠤᠯᠵᠢᠯᠠᠬᠤ ᠪᠠ ᠡᠷᠬᠢᠴᠡᠭᠦᠯᠭᠦ ᠴᠢᠨᠠᠷᠳᠡᠢ ᠪᠠᠶᠢᠴᠠᠭᠠᠯᠲᠠ ᠶᠢᠨ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠡᠷᠡᠭᠦᠯ ᠮᠡᠨᠳᠦ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠬᠡᠷᠡᠭᠲᠡᠶ᠃ ︵ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠬᠠᠷᠢᠭᠤᠴᠠᠵᠤ᠂   ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠠᠮᠵᠢᠯᠴᠠᠨ᠎ᠠ︶          4. ᠣᠨᠣᠰᠢᠯᠠᠭᠰᠠᠨ ᠲᠣᠭᠤᠰᠣᠲᠤ ᠠᠭᠤᠰᠬᠢᠨ ᠡᠪᠡᠳᠴᠢᠲᠡᠨ ᠢ ᠲᠥᠷᠥᠯ ᠬᠤᠪᠢᠶᠠᠨ ᠠᠪᠤᠷᠠᠨ ᠵᠠᠰᠠᠵᠤ ᠲᠤᠰᠠᠯᠠᠬᠤ ᠶᠢ ᠬᠡᠷᠡᠭᠵᠢᠭᠦᠯᠦᠨ᠎ᠡ᠃          ᠨᠢᠭᠡᠨᠲᠡ ᠠᠵᠢᠯ ᠤᠨ ᠨᠥᠯᠥᠭᠡᠨ ᠤ  ᠴᠢᠨᠠᠷᠲᠠᠶ ᠲᠣᠭᠤᠰᠣᠲᠤ ᠠᠭᠤᠰᠬᠢᠨ ᠡᠪᠡᠳᠴᠢᠨ ᠭᠡᠵᠦ ᠣᠨᠣᠰᠢᠯᠠᠭᠰᠠᠨ ᠪᠥᠭᠡᠳ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠳᠤ ᠣᠲᠣ ᠶᠢᠨ ᠪᠠᠶᠢᠭ᠎ᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠡᠯ᠎ᠡ  ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠨᠢᠭᠡᠨᠲᠡ ᠠᠵᠢᠯ ᠤᠨ ᠨᠥᠯᠥᠭᠡᠨ ᠤ  ᠴᠢᠨᠠᠷᠲᠠᠶ ᠲᠣᠭᠤᠰᠣᠲᠤ ᠠᠭᠤᠰᠬᠢᠨ ᠡᠪᠡᠳᠴᠢᠨ ᠭᠡᠵᠦ ᠣᠨᠣᠰᠢᠯᠠᠭᠰᠠᠨ ᠪᠣᠯᠪᠠᠴᠤ  ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠦᠭᠡᠢ ᠮᠥᠷᠲᠡᠭᠡᠨ ᠬᠤᠯᠪᠣᠭᠳᠠᠯ ᠪᠦᠬᠦᠢ ᠬᠥᠮᠦᠨ ᠬᠡᠷᠡᠭᠯᠡᠬᠦ  ᠪᠠᠶᠢᠭᠤᠯᠭ᠎ᠠ ᠪᠠᠰᠠ ᠣᠷᠣᠰᠢᠵᠤ ᠪᠠᠶᠢᠭ᠎ᠠ ᠡᠪᠡᠳᠴᠢᠲᠡᠨ ᠳᠤ ᠬᠥᠮᠦᠨ ᠬᠡᠷᠡᠭᠯᠡᠬᠦ ᠪᠠᠶᠢᠭᠤᠯᠭ᠎ᠠ ᠠᠴᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠡᠭᠦᠨ ᠤ ᠡᠮᠴᠢᠯᠡᠭᠡᠨ ᠤ ᠵᠠᠷᠤᠳᠠᠯ ᠪᠠ ᠬᠤᠯᠪᠣᠭᠳᠠᠯ ᠪᠦᠬᠦᠢ ᠬᠠᠷᠠᠭᠠᠯᠵᠠᠯ ᠢ ᠡᠭᠦᠷᠭᠡᠯᠡᠨ᠎ᠡ᠃ ︵ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠠᠵᠢᠯᠴᠢᠨ ᠬᠡᠷᠡᠭᠯᠡᠭᠦ ᠠᠵᠤ ᠠᠬᠤᠶᠢᠯᠠᠯ ᠨᠠᠶᠢᠳᠠᠪᠤᠷᠢᠵᠢᠭᠤᠯᠤᠨ᠎ᠠ︶          ᠨᠢᠭᠡᠨᠲᠡ ᠠᠵᠢᠯ ᠤᠨ ᠨᠥᠯᠥᠭᠡᠨ ᠤ  ᠴᠢᠨᠠᠷᠲᠠᠶ ᠲᠣᠭᠤᠰᠣᠲᠤ ᠠᠭᠤᠰᠬᠢᠨ ᠡᠪᠡᠳᠴᠢᠨ ᠭᠡᠵᠦ ᠣᠨᠣᠰᠢᠯᠠᠭᠠᠳ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠦᠭᠡᠢ ᠮᠥᠷᠲᠡᠭᠡᠨ ᠬᠥᠮᠦᠨ ᠬᠡᠷᠡᠭᠯᠡᠬᠦ ᠪᠠᠶᠢᠭᠤᠯᠭ᠎ᠠ ᠨᠢ ᠨᠢᠭᠡᠨᠳᠡ ᠣᠷᠣᠰᠢᠬᠤ ᠦᠭᠡᠢ ᠪᠣᠯᠤᠭᠰᠠᠨ  ᠪᠥᠭᠡᠳ ᠠᠵᠢᠯ ᠤᠨ ᠨᠥᠯᠥᠭᠡᠨ ᠤ ᠡᠪᠡᠳᠴᠢᠨ ᠢ ᠣᠨᠣᠰᠢᠯᠠᠬᠤ ᠳᠤ ᠬᠡᠷᠡᠭᠰᠡᠬᠦ ᠮᠠᠲ᠋ᠧᠷᠢᠶᠠᠯ  ᠳᠣᠳᠠᠭᠰᠠᠨ᠂ ᠵᠥᠪᠬᠡᠨ ᠲᠣᠭᠤᠰᠣᠲᠤ ᠠᠭᠤᠰᠬᠢᠨ  ᠡᠪᠡᠳᠴᠢᠨ ᠭᠡᠵᠦ ᠣᠨᠣᠰᠢᠯᠠᠭᠰᠠᠨ ᠡᠪᠡᠳᠴᠢᠲᠡᠨ   ᠢ ᠨᠥᠬᠦᠴᠡᠯ ᠳᠤ ᠨᠡᠶᠢᠴᠡᠬᠦ ᠶᠢ ᠨᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠵᠤ᠂ ᠦᠨᠳᠦᠰᠦᠨ  ᠡᠮᠴᠢᠯᠡᠭᠡᠨ   ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠯᠳᠠ ᠵᠡᠷᠭᠡ ᠭᠤᠷᠪᠠᠨ ᠳᠦᠷᠢᠮ ᠢ ᠨᠢᠭᠡᠳᠦᠯᠲᠡᠶ ᠲᠥᠯᠥᠪᠯᠡᠵᠦ᠂ ᠲᠤᠰᠠᠯᠠᠨ ᠳᠠᠮᠵᠢᠵᠤ ᠳᠠᠭᠠᠳᠬᠠᠯ ᠳᠤ  ᠣᠷᠣᠭᠤᠯᠬᠤ ᠠᠵᠢᠯ ᠢ ᠰᠠᠶᠢᠲᠤᠷ ᠬᠢᠵᠦ᠂ ᠶᠡᠷᠦᠩᠬᠡᠶᠢᠯᠡᠭᠰᠡᠨ ᠡᠮᠴᠢᠯᠡᠭᠡᠨ ᠤ ᠪᠠᠲᠤᠯᠠᠭ᠎ᠠ ᠶᠢ ᠬᠡᠷᠡᠭᠵᠢᠭᠦᠯᠵᠦ᠂ ᠡᠪᠡᠳᠴᠢᠲᠡᠨ ᠤ ᠳᠠᠷᠤᠭᠠᠰᠤ ᠶᠢ ᠱᠠᠲᠤ ᠳᠠᠷᠠᠭᠠᠯᠠᠨ ᠬᠥᠩᠭᠡᠷᠡᠭᠦᠯᠦᠨ᠎ᠡ᠃ ᠦᠨᠳᠦᠰᠦᠨ ᠠᠮᠢᠳᠤᠷᠠᠯ  ᠬᠦᠴᠢᠷᠳᠡᠯᠲᠡᠶ ᠳᠤᠨᠢ ᠠᠮᠢᠳᠤᠷᠠᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ  ᠪᠠᠳᠣᠯᠠᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠢᠯ  ᠤᠨ ᠶᠠᠪᠤᠴᠠ ᠶᠢᠨ ᠶᠣᠰᠣᠭᠠᠷ ᠨᠥᠬᠦᠴᠡᠯ ᠳᠤ ᠨᠡᠶᠢᠴᠡᠬᠦ ᠲᠣᠭᠤᠰᠣᠲᠤ ᠠᠭᠤᠰᠬᠢᠨ  ᠡᠪᠡᠳᠴᠢᠨ ᠢ ᠡᠮᠨᠡᠨ ᠵᠠᠰᠠᠬᠤ ᠡᠮ ᠪᠠ ᠡᠮᠨᠡᠨ ᠵᠠᠰᠠᠬᠤ ᠮᠡᠷᠭᠡᠵᠢᠯ ᠢ ᠦᠨᠳᠦᠰᠦᠨ ᠡᠮᠴᠢᠯᠡᠭᠡᠨ ᠤ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠥᠭᠬᠦ ᠬᠡᠪᠴᠢᠶᠡᠨ ᠳᠤ  ᠣᠷᠣᠭᠤᠯᠣᠨ᠎ᠠ᠃ ︵ᠲᠤᠭᠤᠷᠢᠭ   ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶          5᠂ ᠲᠣᠭᠤᠰᠣᠲᠤ ᠠᠭᠤᠰᠬᠢᠨ ᠡᠪᠡᠳᠴᠢᠨ ᠤ ᠭᠤᠤᠯᠳᠠᠯᠭ᠎ᠠ ᠲᠠᠢ ᠠᠵᠢᠯ ᠲᠥᠷᠥᠯ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠬᠥᠮᠦᠨ ᠬᠡᠷᠡᠭᠯᠡᠬᠦ ᠪᠠᠶᠢᠭᠤᠯᠭ᠎ᠠ ᠶᠢᠨ ᠬᠥᠳᠡᠯᠮᠦᠷᠢᠯᠡᠭᠴᠢᠳ ᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠬᠡᠪᠴᠢᠶᠡᠨ ᠳᠤ ᠴᠠᠭ ᠲᠤᠬᠠᠶ ᠳᠤᠨᠢ ᠣᠷᠣᠭᠤᠯᠵᠤ᠂ ᠲᠣᠭᠤᠰᠣᠨ ᠤ ᠬᠤᠤᠷ ᠬᠥᠨᠥᠭᠡᠯ ᠤᠨ ᠰᠠᠭᠤᠷᠢ ᠳ᠋ᠠᠶᠢᠲ᠋ᠠ ᠬᠥᠮᠥᠷᠭᠡ ᠶᠢᠨ ᠮᠡᠳᠡᠭᠡ ᠵᠠᠩᠭᠢ ᠶᠢᠨ ᠰᠢᠨᠡᠴᠢᠯᠡᠯᠲᠡ ᠶᠢᠨ  ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠣᠶᠢᠯᠠᠭᠠᠬᠤ ᠬᠡᠷᠡᠭᠲᠡᠶ᠃ ︵ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠷᠢᠭᠤᠴᠠᠵᠤ᠂  ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠵᠢᠯᠴᠠᠨ᠎ᠠ︶          ︵ ᠭᠤᠷᠪᠠ︶ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠲᠤᠰᠬᠠᠶ  ᠵᠦᠢᠯ ᠤᠨ ᠴᠡᠭᠴᠡᠯᠡᠨ ᠵᠠᠰᠠᠯᠲᠠ          6. ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠨ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃  ᠲᠤᠭᠤᠷᠢᠭ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ  ᠠᠵᠢᠯᠳᠠᠨ ᠢ ᠲᠡᠭᠦᠯᠳᠡᠷᠵᠢᠭᠦᠯᠵᠦ᠂ ᠲᠤᠭᠤᠷᠢᠭ ᠤᠨ  ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠣᠷᠣᠭᠤᠯᠤᠯᠲᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠪᠡᠶᠡᠯᠡᠭᠦᠯᠵᠦ᠂ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠡᠷᠡᠭᠴᠡᠭᠡ ᠶᠢ ᠪᠠᠲᠤᠯᠠᠨ᠎ᠠ᠃  ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠨ  ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠲᠤᠰᠬᠠᠶ ᠮᠡᠷᠭᠡᠵᠢᠯ ᠤᠨ ᠮᠡᠳᠡᠯᠭᠡ ᠵᠡᠷᠭᠡ ᠲᠠᠯ᠎ᠠ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠨ  ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠤᠨ ᠨᠣᠷᠮ᠎ᠠ  ᠶᠢ100% ᠳᠤ ᠬᠦᠷᠦᠭᠦᠯᠦᠨ᠎ᠡ᠃ ︵ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶          7. ᠭᠤᠤᠯᠳᠠᠯᠭ᠎ᠠ ᠲᠠᠢ ᠠᠵᠢᠯ ᠲᠥᠷᠥᠯ ᠤᠨ ᠲᠤᠰᠬᠠᠶᠢᠯᠠᠨ ᠵᠠᠰᠠᠬᠤ ᠠᠵᠢᠯᠯᠠᠭ᠎ᠠ᠃ ᠭᠤᠣᠯᠳᠠᠯᠭ᠎ᠠ ᠲᠠᠢ ᠠᠵᠢᠯ ᠲᠥᠷᠥᠯ ᠤᠨ ᠲᠣᠭᠤᠰᠣᠨ ᠤ ᠬᠤᠣᠷ ᠬᠥᠨᠥᠭᠡᠯ ᠢ ᠲᠤᠰᠬᠠᠶᠢᠯᠠᠨ ᠵᠠᠰᠠᠬᠤ ᠠᠵᠢᠯ ᠢ ᠥᠷᠨᠢᠭᠦᠯᠵᠦ᠂ ᠬᠥᠮᠦᠨ ᠬᠡᠷᠡᠭᠯᠡᠬᠦ ᠪᠠᠶᠢᠭᠤᠯᠭ᠎ᠠ ᠶᠢᠨ ᠪᠠᠷᠢᠯᠭ᠎ᠠ ᠶᠢᠨ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠶᠢᠨ ᠥᠭᠡᠷᠡᠴᠢᠯᠡᠯᠳᠡ ᠶᠢ ᠴᠢᠩᠭᠠᠳᠬᠠᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ  ᠨᠠᠶᠢᠳᠠᠪᠤᠷᠢᠵᠢᠭᠤᠯᠤᠨ ᠂ ᠲᠣᠭᠤᠰᠣᠨ ᠤ ᠬᠤᠤᠷ ᠬᠥᠨᠥᠭᠡᠯ ᠢ ᠰᠡᠷᠭᠡᠶᠢᠯᠡᠨ ᠡᠵᠡᠮᠳᠡᠭᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠥᠳᠡᠯᠮᠦᠷᠢᠯᠡᠭᠴᠢᠳ ᠤᠨ ᠠᠵᠢᠯᠯᠠᠬᠤ ᠣᠷᠴᠢᠨ ᠢ ᠬᠢᠵᠠᠭᠠᠷᠯᠠᠨ ᠰᠠᠶᠢᠵᠢᠷᠠᠭᠤᠯᠵᠤ᠂ ᠠᠵᠢᠯ ᠤᠨ ᠨᠥᠯᠥᠭᠡᠨ ᠤ  ᠴᠢᠨᠠᠷᠲᠠᠶ ᠲᠣᠭᠤᠰᠣᠲᠤ ᠠᠭᠤᠰᠬᠢᠨ ᠡᠪᠡᠳᠴᠢᠨ ᠢ ᠰᠡᠷᠭᠡᠶᠢᠯᠡᠨ ᠬᠤᠷᠢᠭᠯᠠᠬᠤ ᠬᠡᠷᠡᠭᠲᠡᠶ᠃ 2020 ᠣᠨ ᠤ ᠰᠡᠭᠦᠯᠴᠢ ᠪᠣᠯᠬᠤ ᠳᠤ᠂ ᠠᠵᠢᠯ ᠲᠥᠷᠥᠯ ᠤᠨ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠨᠣᠷᠮ᠎ᠠ ᠂ ᠠᠵᠢᠯ ᠤᠨ ᠨᠥᠯᠥᠭᠡᠨ ᠤ ᠡᠪᠡᠳᠴᠢᠨ ᠤ ᠬᠤᠤᠷ ᠬᠦᠨᠦᠭᠡᠯᠳᠤ ᠬᠦᠴᠦᠨ ᠵᠦᠢᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠡᠮᠵᠢᠬᠦ ᠨᠣᠷᠮ᠎ᠠ᠂ ᠠᠵᠢᠯ ᠤᠨ ᠨᠥᠯᠥᠭᠡᠨ ᠤ ᠡᠪᠡᠳᠴᠢᠨ ᠤ ᠬᠤᠤᠷ ᠬᠥᠨᠥᠭᠡᠯ ᠲᠠᠢ ᠣᠶᠢᠷᠠᠲᠤᠭᠰᠠᠨ ᠬᠥᠳᠡᠯᠮᠦᠷᠢᠯᠡᠭᠴᠢᠳ ᠤᠨ ᠠᠵᠢᠯ ᠤᠨ ᠪᠠᠶᠢᠷᠢ ᠳᠤ ᠪᠠᠶᠢᠬᠤ ᠬᠤᠭᠤᠴᠠᠭᠠᠨ ᠳᠠᠬᠢ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠨᠣᠷᠮ᠎ᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠶᠢ ᠱᠠᠭᠠᠷᠳᠠᠵᠤ  ᠂ ᠬᠥᠮᠦᠨ ᠬᠡᠷᠡᠭᠯᠡᠬᠦ  ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ  ᠬᠠᠮᠢᠶᠠᠷᠤᠯᠳᠠ ᠶᠢᠨ ᠠᠵᠢᠯᠲᠠᠨ ᠪᠣᠯᠤᠨ ᠠᠵᠢᠯ ᠤᠨ ᠨᠥᠯᠥᠭᠡᠨ ᠤ ᠡᠪᠡᠳᠴᠢᠨ ᠤ ᠬᠤᠤᠷ ᠬᠥᠨᠥᠭᠡᠯ ᠤᠨ ᠬᠦᠴᠦᠨ ᠵᠦᠢᠯ ᠲᠠᠢ ᠣᠶᠢᠷᠠᠲᠤᠭᠰᠠᠨ ᠬᠥᠳᠡᠯᠮᠦᠷᠢᠯᠡᠭᠴᠢᠳ ᠤᠨ ᠪᠣᠯᠪᠠᠰᠤᠷᠠᠭᠤᠯᠤᠯ ᠤᠨ ᠨᠣᠷᠮ᠎ᠠ ᠶᠢ ᠴᠥᠮ 95% ᠠᠴᠠ ᠳᠡᠭᠡᠭᠰᠢ ᠳᠤ ᠬᠦᠷᠦᠭᠦᠯᠦᠨ᠎ᠡ᠃          8  ᠂ ᠭᠤᠤᠯᠳᠠᠯᠭ᠎ᠠ ᠲᠠᠢ ᠪᠠᠶᠢᠭᠤᠯᠭ᠎ᠠ ᠶᠢᠨ ᠬᠢᠨᠠᠨ ᠪᠠᠶᠢᠴᠠᠭᠠᠯᠲᠠ᠃ ᠠᠵᠢᠯᠯᠠᠬᠤ  ᠭᠠᠵᠠᠷ ᠤᠨ ᠲᠣᠭᠤᠰᠣᠨ ᠤ ᠥᠳᠬᠡᠴᠡ ᠨᠢ ᠪᠠᠷᠢᠮᠵᠢᠶ᠎ᠠ ᠠᠴᠠ ᠶᠡᠭᠡ  ᠪᠠᠷ ᠬᠡᠳᠦᠷᠡᠭᠰᠡᠨ ᠪᠥᠭᠡᠳ ᠪᠠᠷᠢᠯᠭ᠎ᠠ ᠪᠤᠶᠤ ᠬᠤᠪᠢ ᠪᠡᠶ᠎ᠡ   ᠶᠢᠨ ᠪᠦᠲᠦᠮᠵᠢᠲᠡᠶ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠦᠭᠡᠢ  ᠪᠠᠶᠢᠪᠠᠯ᠂ ᠭᠤᠣᠯᠳᠠᠯᠭ᠎ᠠ ᠲᠠᠢ ᠬᠢᠨᠠᠯᠲᠠ ᠲᠠᠯᠪᠢᠵᠤ᠂ ᠠᠶᠤᠯ ᠶᠡᠬᠡᠲᠡᠶ ᠪᠠᠶᠢᠭᠤᠯᠭ᠎ᠠ ᠶᠢᠨ ᠨᠡᠷᠡᠰ ᠢ  ᠵᠢᠭᠰᠠᠭᠠᠵᠤ᠂ ᠬᠠᠤᠯᠢ ᠬᠡᠷᠡᠭᠵᠢᠭᠦᠯᠬᠦ ᠤᠳᠠᠭ᠎ᠠ   ᠪᠠᠨ ᠨᠡᠮᠡᠭᠳᠡᠭᠦᠯᠦᠨ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠡᠳᠦᠶ ᠪᠤᠶᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢ ᠬᠠᠩᠭᠠᠭᠰᠠᠨ ᠦᠭᠡᠢ ᠬᠥᠮᠦᠨ ᠬᠡᠷᠡᠭᠯᠡᠬᠦ  ᠪᠠᠶᠢᠭᠤᠯᠭ᠎ᠠ ᠳᠤ᠂ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠵᠦ᠂ ᠴᠡᠭᠴᠡᠯᠡᠨ ᠵᠠᠰᠠᠵᠤ ᠲᠡᠶᠢᠯᠭᠦ ᠦᠭᠡᠢ ᠶᠢ ᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ  ᠮᠡᠳᠡᠭᠦᠯᠵᠦ ᠬᠠᠤᠯᠢ ᠶᠣᠰᠣᠭᠠᠷ ᠡᠭᠦᠳᠡ ᠶᠢ ᠨᠢ ᠬᠠᠭᠠᠭᠠᠨ᠎ᠠ᠃ ︵ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ  ᠶᠢᠨ ᠲᠣᠪᠴᠢᠶ᠎ᠠ᠂ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ ᠨᠠᠶᠢᠳᠠᠪᠤᠷᠢᠵᠢᠭᠤᠯᠤᠨ᠎ᠠ︶          ︵ ᠲᠦᠷᠪᠡ︶ ᠠᠵᠢᠯ ᠮᠡᠷᠭᠡᠵᠢᠯ ᠤᠨ ᠡᠷᠡᠭᠦᠯ ᠮᠡᠨᠳᠦ ᠶᠢ ᠬᠠᠮᠠᠭᠠᠯᠠᠬᠤ ᠠᠵᠢᠯᠯᠠᠭ᠎ᠠ          9᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠲᠣᠭᠤᠰᠣᠲᠤ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠵᠠᠰᠠᠭ ᠤᠨ ᠣᠷᠳᠣᠨ ᠤ ᠵᠥᠪᠳᠡᠯᠴᠡᠭᠦ ᠠᠰᠠᠭᠤᠳᠠᠯ ᠳᠤ ᠣᠷᠣᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ   ᠬᠠᠷᠢᠭᠤᠴᠠᠭᠰᠠᠨ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠣᠭᠤᠰᠣᠲᠤ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠴᠢᠬᠤᠯᠠ ᠠᠭᠤᠯᠭ᠎ᠠ ᠪᠣᠯᠭᠠᠨ᠎ᠠ᠃ ᠪᠣᠳᠠᠲᠤ  ᠪᠠᠶᠢᠳᠠᠯ ᠲᠠᠢ  ᠪᠠᠨ ᠤᠶᠠᠯᠳᠤᠭᠤᠯᠤᠨ ᠠᠵᠢᠯᠯᠠᠭᠠᠨ ᠤ ᠲᠥᠰᠦᠯ ᠲᠣᠭᠲᠠᠭᠠᠵᠤ ᠂ ᠠᠵᠢᠯ ᠤᠨ ᠡᠬᠡ ᠳᠠᠩᠰᠠ ᠶᠢ ᠪᠠᠶᠢᠭᠤᠯᠤᠨ᠎ᠠ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ   ᠳᠤ ᠨᠠᠶᠢᠳᠠᠵᠤ ᠡᠯ᠎ᠡ  ᠵᠦᠢᠯ ᠤᠨ ᠰᠡᠷᠭᠡᠶᠢᠯᠡᠨ ᠵᠠᠰᠠᠬᠤ ᠠᠵᠢᠯ ᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃          10᠂ ᠰᠡᠷᠭᠡᠶᠢᠯᠡᠨ ᠵᠠᠰᠠᠬᠤ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ᠃ ᠥᠪᠡᠷᠲᠡᠭᠡᠨ ᠵᠠᠰᠠᠬᠤ ᠣᠷᠣᠨ᠂ ᠬᠤᠲᠠ᠂ ᠲᠣᠭᠤᠷᠢᠭ ᠭᠤᠷᠪᠠᠨ ᠱᠠᠲᠤᠨ ᠤ ᠲᠤᠯᠭᠠᠭᠤᠷᠢᠯᠠᠬᠤ ᠲᠣᠤᠷ ᠰᠦᠯᠵᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠮᠠᠨ ᠤ ᠲᠣᠭᠤᠷᠢᠭ ᠤᠨ ᠲᠣᠭᠤᠰᠣᠲᠤ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠎ᠠ᠃ 2020 ᠣᠨ ᠤ ᠰᠡᠭᠦᠯᠴᠢ ᠪᠣᠯᠲᠠᠯ᠎ᠠ᠂ ᠬᠤᠲᠠ ᠶᠢᠨ ᠰᠢᠭᠤᠳ ᠬᠠᠷᠢᠶ᠎ᠠ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠦᠰᠢᠭᠯᠡᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ ᠪᠠᠶᠢᠩᠭᠤ ᠰᠠᠭᠤᠭ᠎ᠠ ᠲᠣᠭᠤᠰᠣᠲᠤ ᠠᠭᠤᠰᠬᠢᠨ  ᠡᠪᠡᠳᠴᠢᠲᠡᠨ 100 ᠬᠥᠮᠦᠨ ᠳᠤ ᠬᠦᠷᠦᠭᠰᠡᠨ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠲᠦᠰᠢᠭᠯᠡᠨ ᠲᠣᠭᠤᠰᠣᠲᠤ ᠠᠭᠤᠰᠬᠢᠨ ᠡᠪᠡᠳᠴᠢᠨ ᠤ ᠡᠷᠡᠭᠦᠯᠵᠢᠯ ᠤᠨ ᠥᠷᠲᠡᠭᠡ ᠪᠠᠶᠢᠭᠤᠯᠬᠤ ᠶᠢᠨ ᠬᠠᠮᠲᠤ ᠬᠠᠮᠢᠶ᠎ᠠ ᠪᠥᠬᠦᠶ ᠲᠥᠬᠦᠭᠡᠷᠦᠮᠵᠢ ᠪᠠ ᠦᠷᠭᠦᠯᠵᠢ ᠬᠡᠷᠡᠭᠯᠡᠬᠦ ᠡᠮ ᠤᠨ ᠵᠦᠢᠯ ᠢ ᠳᠣᠭᠢᠷᠠᠭᠤᠯᠤᠨ᠎ᠠ᠃ ᠪᠠᠶᠢᠩᠭᠤ ᠰᠠᠭᠤᠭ᠎ᠠ ᠲᠣᠭᠤᠰᠣᠲᠤ ᠠᠭᠤᠰᠬᠢᠨ ᠡᠪᠡᠳᠴᠢᠲᠡᠨ  10 ᠬᠥᠮᠦᠨ ᠬᠦᠷᠦᠭᠰᠡᠨ ᠨᠡᠶᠢᠭᠡᠮ ᠲᠣᠭᠤᠷᠢᠭ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠲᠦᠰᠢᠭᠯᠡᠨ ᠲᠣᠭᠤᠰᠣᠲᠤ ᠠᠭᠤᠰᠬᠢᠨ ᠡᠪᠡᠳᠴᠢᠨ ᠤ ᠡᠷᠡᠭᠦᠯᠵᠢᠯ ᠤᠨ ᠭᠠᠵᠠᠷ ᠪᠠᠶᠢᠭᠤᠯᠵᠤ᠂ ᠬᠠᠮᠢᠶ᠎ᠠ ᠪᠦᠬᠦᠢ ᠲᠥᠬᠦᠭᠡᠷᠦᠮᠵᠢ ᠪᠣᠯᠤᠨ ᠦᠷᠭᠦᠯᠵᠢ ᠬᠡᠷᠡᠭᠯᠡᠬᠦ ᠡᠮ ᠤᠨ ᠵᠦᠢᠯ ᠢ ᠲᠣᠬᠢᠷᠠᠭᠤᠯᠬᠤ ᠬᠡᠷᠡᠭᠲᠡᠶ᠃ ︵ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠵᠤ᠂ ᠲᠣᠭᠤᠷᠢᠭ ᠤᠨ ᠭᠥᠭᠵᠢᠭᠦᠯᠦᠯᠲᠡ ᠪᠠ ᠥᠭᠡᠷᠡᠴᠢᠯᠡᠯᠳᠡ ᠶᠢᠨ ᠵᠦᠪᠯᠡᠯ ᠬᠠᠮᠵᠢᠯᠴᠠᠨ᠎ᠠ︶          11᠂ ᠬᠥᠳᠡᠯᠮᠦᠷᠢᠯᠡᠭᠴᠢᠳ ᠤᠨ ᠲᠣᠭᠤᠰᠣ ᠶᠢᠨ ᠬᠥᠨᠥᠭᠡᠯ ᠢ ᠰᠡᠷᠭᠡᠶᠢᠯᠡᠨ ᠵᠠᠰᠠᠬᠤ ᠮᠡᠳᠡᠯᠭᠡ ᠪᠣᠯᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ ᠣᠯᠠᠨ ᠵᠦᠢᠯ ᠤᠨ ᠬᠡᠯᠪᠡᠷᠢ ᠪᠠᠷ ᠬᠥᠳᠡᠯᠮᠦᠷᠢᠴᠢᠳ ᠲᠤ ᠲᠣᠭᠤᠰᠣᠲᠤ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠭ᠎ᠠ ᠬᠢᠵᠦ᠂ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠤᠪᠢ ᠬᠥᠮᠦᠨ ᠤ ᠬᠠᠮᠠᠭᠠᠯᠠᠯᠲᠠ ᠶᠢᠨ ᠬᠡᠷᠡᠭᠰᠡᠯ ᠢ ᠤᠬᠠᠮᠰᠠᠷ ᠠᠴᠠ ᠪᠠᠨ ᠵᠥᠪ ᠬᠡᠷᠡᠭᠯᠡᠵᠦ᠂ ᠠᠵᠢᠯᠯᠠᠬᠤ ᠳᠦᠷᠢᠮ   ᠢ ᠴᠢᠩᠭ᠎ᠠ ᠵᠢᠷᠤᠮᠯᠠᠨ ᠠᠵᠢᠯᠯᠠᠬᠤ ᠬᠡᠷᠡᠭᠲᠡᠶ᠃ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠠᠭᠤᠯᠭ᠎ᠠ ᠶᠢ ᠣᠶᠢᠯᠠᠭᠠᠬᠤ ᠬᠡᠷᠡᠭᠲᠡᠶ᠃ ︵ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠷᠢᠭᠤᠴᠠᠵᠤ᠂ ᠲᠣᠭᠤᠷᠢᠭ ᠤᠨ ᠠᠵᠢᠯᠴᠢᠨ ᠤ ᠶᠡᠷᠥᠩᠬᠡᠢ ᠡᠪᠯᠡᠯ ᠬᠠᠮᠵᠢᠯᠴᠠᠵᠦ᠂ ᠡᠯ᠎ᠡ ᠠᠵᠢᠯᠴᠢᠨ ᠬᠡᠷᠡᠭᠯᠡᠬᠦ  ᠠᠵᠤ ᠠᠬᠤᠶᠢᠯᠠᠯ  ᠨᠠᠶᠢᠳᠠᠪᠤᠷᠢᠵᠢᠭᠤᠯᠤᠨ᠎ᠠ︶          ︵ᠲᠠᠪᠤ︶ ᠬᠥᠮᠦᠨ ᠬᠡᠷᠡᠭᠯᠡᠬᠦ ᠪᠠᠶᠢᠭᠤᠯᠭ᠎ᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ          12᠂ ᠬᠥᠮᠦᠨ ᠬᠡᠷᠡᠭᠯᠡᠬᠦ ᠪᠠᠶᠢᠭᠤᠯᠭ᠎ᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃  ᠲᠣᠭᠤᠰᠣᠨ ᠤ ᠬᠤᠤᠷ ᠬᠥᠨᠥᠭᠡᠯ ᠬᠦᠨᠳᠦ ᠨᠣᠴᠢᠲᠠᠶ ᠪᠠᠶᠢᠭᠤᠯᠭ᠎ᠠ  ᠳᠣᠰᠬᠠᠶᠢᠯᠠᠭᠰᠠᠨ ᠬᠠᠮᠢᠶᠠᠷᠤᠯᠳᠠ ᠶᠢᠨ ᠠᠵᠢᠯᠲᠠᠨ ᠳᠣᠬᠢᠷᠠᠭᠤᠯᠤᠨ ᠲᠣᠭᠤᠰᠣ ᠶᠢ ᠰᠡᠷᠭᠡᠶᠢᠯᠡᠨ ᠵᠠᠰᠠᠬᠤ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠵᠤ᠂ ᠱᠠᠭᠠᠷᠳᠠᠯᠭ᠎ᠠ ᠶᠣᠰᠣᠭᠠᠷ  ᠲᠣᠭᠤᠰᠣᠨ ᠤ ᠬᠤᠤᠷ ᠬᠥᠨᠥᠭᠡᠯ ᠤᠨ ᠲᠥᠷᠥᠯ  ᠵᠦᠢᠯ ᠢ ᠮᠡᠳᠡᠭᠦᠯᠬᠦ ᠶᠢᠨ ᠬᠠᠮᠲᠤ ᠲᠣᠭᠤᠰᠣᠨ ᠤ ᠡᠳᠦᠷ ᠲᠤᠲᠤᠮ ᠤᠨ ᠬᠢᠨᠠᠨ ᠬᠡᠮᠵᠢᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ  ᠰᠢᠯᠭᠠᠬᠤ ᠠᠵᠢᠯ ᠢ ᠥᠷᠨᠢᠭᠦᠯᠬᠦ ᠬᠡᠷᠡᠭᠲᠡᠶ᠃ ᠬᠥᠮᠦᠨ ᠬᠡᠷᠡᠭᠯᠡᠬᠦ ᠪᠠᠶᠢᠭᠤᠯᠭ᠎ᠠ ᠬᠥᠳᠡᠯᠮᠦᠷᠢᠴᠢᠳ ᠲᠠᠢ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠲᠤᠰᠢᠶᠠᠵᠤ᠂ ᠬᠥᠳᠡᠯᠮᠦᠷᠢᠴᠢᠳ ᠲᠤ ᠬᠢᠷᠢ ᠲᠡᠩᠴᠡᠭᠰᠡᠨ ᠪᠦᠲᠦᠮᠵᠢᠲᠡᠶ ᠬᠠᠮᠠᠭᠠᠯᠠᠯᠲᠠ ᠶᠢᠨ ᠬᠡᠷᠡᠭᠰᠡᠯ ᠲᠣᠬᠢᠷᠠᠭᠤᠯᠵᠤ᠂ ᠬᠥᠳᠡᠯᠮᠦᠷᠢᠴᠢᠳ ᠲᠤ ᠲᠣᠭᠤᠰᠣᠲᠤ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠮᠡᠳᠡᠯᠭᠡ ᠶᠢᠨ  ᠪᠤᠯᠪᠠᠰᠣᠷᠠᠭᠤᠯᠤᠯ ᠬᠢᠵᠦ᠂ ᠬᠥᠳᠡᠯᠮᠦᠷᠢᠴᠢᠳ ᠢ ᠵᠣᠬᠢᠶᠠᠨ ᠪᠠᠶᠢᠭᠤᠯᠵᠤ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠪᠠᠶᠢᠴᠠᠭᠠᠯᠲᠠ ᠬᠢᠭᠦ ᠶᠢᠨ ᠬᠠᠮᠲᠤ  ᠬᠥᠳᠡᠯᠮᠦᠷᠢᠴᠢᠳ  ᠲᠤ ᠬᠤᠪᠢ ᠬᠥᠮᠦᠨ ᠤ ᠠᠵᠢᠯ ᠮᠡᠷᠭᠡᠵᠢᠯ ᠤᠨ ᠡᠷᠡᠭᠦᠯ ᠮᠡᠨᠳᠤ ᠶᠢ ᠬᠢᠨᠠᠨ ᠬᠠᠮᠠᠭᠠᠯᠠᠬᠤ ᠲᠠᠩᠰᠠ ᠡᠪᠬᠡᠮᠡᠯ ᠪᠠᠶᠢᠭᠤᠯᠵᠤ ᠥᠭᠭᠦᠨ᠎ᠡ᠃ ᠡᠷᠡᠭᠦᠯ ᠮᠡᠨᠳᠦ  ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠠᠵᠤ ᠠᠬᠤᠶᠢᠯᠠᠯ ᠤᠨ ᠲᠣᠭᠤᠰᠣᠨ ᠤ ᠬᠤᠤᠷ ᠬᠥᠨᠥᠭᠡᠯ ᠢ ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠪᠣᠯᠤᠨ ᠡᠭᠦᠷᠭᠡ ᠪᠠᠨ ᠬᠢᠨᠠᠮᠠᠭᠠᠶ ᠭᠦᠢᠴᠡᠳᠬᠡᠭᠦ   ᠶᠢ ᠲᠦᠯᠬᠢᠨ ᠠᠬᠢᠭᠤᠯᠬᠤ ᠬᠡᠷᠡᠭᠳᠡᠢ᠃ 2020 ᠣᠨ ᠤ ᠰᠡᠭᠦᠯᠴᠢ ᠠᠴᠠ ᠡᠮᠦᠨ᠎ᠡ᠂ ᠭᠤᠤᠯᠳᠠᠯᠭ᠎ᠠ ᠲᠠᠢ ᠠᠵᠢᠯ ᠲᠥᠷᠥᠯ ᠤᠨ ᠬᠥᠮᠦᠨ ᠬᠡᠷᠡᠭᠯᠡᠬᠦ  ᠪᠠᠶᠢᠭᠤᠯᠭ᠎ᠠ ᠶᠢᠨ ᠬᠥᠳᠡᠯᠮᠦᠷᠢᠴᠢᠳ  ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠪᠦᠷᠬᠦᠴᠡ ᠶᠢᠨ ᠨᠣᠷᠮ᠎ᠠ  ᠶᠢ 80% ᠠᠴᠠ ᠳᠡᠭᠡᠭᠰᠢ ᠳᠤ ᠬᠦᠷᠦᠭᠦᠯᠵᠦ᠂ ᠠᠵᠤ ᠠᠬᠤᠶᠢᠯᠠᠯ ᠬᠥᠳᠡᠯᠮᠦᠷᠢᠴᠢᠳ ᠯᠦᠭᠡ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠬᠤ ᠬᠡᠷᠡᠭᠲᠡᠶ᠃ ︵ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠠᠵᠢᠯᠴᠢᠨ ᠬᠡᠷᠡᠭᠯᠡᠬᠦ ᠠᠵᠤ ᠠᠬᠤᠶᠢᠯᠠᠯ  ᠨᠠᠶᠢᠳᠠᠪᠤᠷᠢᠵᠢᠭᠤᠯᠤᠨ᠎ᠠ︶ ᠲᠤᠭᠤᠷᠢᠭ ᠤᠨ  ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠪᠠᠶᠢᠴᠠᠭᠠᠬᠤ ᠲᠥᠰᠦᠯ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠵᠢᠯ ᠤᠨ ᠠᠭᠤᠯᠭ᠎ᠠ ᠪᠣᠯᠤᠨ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ ᠦᠨᠡᠯᠡᠨ ᠵᠢᠱᠢᠬᠦ ᠶᠢᠨ ᠬᠠᠮᠲᠤ  ᠵᠠᠷᠯᠠᠬᠤ ᠬᠡᠷᠡᠭᠲᠡᠶ᠃  ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ  ᠬᠠᠮᠳᠤᠷᠠᠨ᠂ 2020 ᠣᠨ ᠤ ᠰᠡᠭᠦᠯᠴᠢ ᠪᠠᠷ ᠡᠯ᠎ᠡ ᠠᠵᠤ ᠠᠬᠤᠶᠢᠯᠠᠯ ᠤᠨ ᠨᠠᠶᠢᠳᠠᠪᠤᠷᠢᠵᠢᠭᠤᠯᠤᠭᠰᠠᠨ  ᠪᠠᠶᠢᠳᠠᠯ ᠪᠣᠯᠤᠨ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠵᠦ  ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠦᠨᠡᠯᠡᠨ ᠵᠢᠱᠢᠭᠰᠡᠨ ᠦᠷ᠎ᠡ ᠳ᠋ᠦᠩ ᠢ ᠲᠤᠭᠤᠷᠢᠭ ᠤᠨ ᠠᠷᠠᠳ ᠤᠨ ᠵᠠᠰᠠᠭ   ᠤᠨ ᠣᠷᠳᠣᠨ ᠳᠤ ᠮᠡᠳᠡᠭᠦᠯᠬᠦ ᠬᠡᠷᠡᠭᠲᠡᠶ᠃          ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ          ︵ᠨᠢᠭᠡ︶ ᠨᠠᠶᠢᠳᠠᠪᠤᠷᠢᠵᠢᠭᠤᠯᠤᠯᠲᠠ ᠶᠢ  ᠠᠬᠢᠭᠤᠯᠬᠤ᠃ ︵2020 ᠣᠨ ᠤ 1 ᠰᠠᠷ᠎ᠠ ᠶᠢᠨ 1 ᠤ ᠡᠳᠦᠷ — 2020 ᠣᠨ ᠤ 12 ᠰᠠᠷ᠎ᠠ ᠶᠢᠨ 31 ᠤ ᠡᠳᠦᠷ︶ ᠡᠯ᠎ᠡ ᠬᠤᠯᠪᠣᠭᠳᠠᠯ ᠪᠦᠬᠦᠢ  ᠪᠠᠶᠢᠭᠤᠯᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠥᠰᠦᠯ ᠤᠨ ᠲᠠᠪᠤᠨ ᠵᠦᠢᠯ ᠤᠨ ᠠᠵᠢᠯᠯᠠᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠥᠷᠨᠢᠭᠦᠯᠭᠦ ᠶᠢ ᠠᠬᠢᠭᠤᠯᠵᠤ᠂  ᠡᠯ᠎ᠡ ᠵᠦᠢᠯ ᠤᠨ ᠡᠭᠦᠷᠭᠡ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠬᠦ ᠶᠢ ᠦᠨᠡᠨᠬᠦ  ᠪᠠᠳᠣᠯᠠᠬᠤ ᠬᠡᠷᠡᠭᠳᠡᠢ᠃          ︵ᠬᠤᠶᠠᠷ︶ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠬᠦ᠃ ︵2020 ᠣᠨ ᠤ 9 ᠰᠠᠷ᠎ᠠ ᠶᠢᠨ 1 ᠤ ᠡᠳᠦᠷ — 2020 ᠣᠨ ᠤ 9 ᠰᠠᠷ᠎ᠠ ᠶᠢᠨ 31 ᠤ ᠡᠳᠦᠷ︶  ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ  ᠬᠠᠮᠳᠣᠷᠠᠨ ᠬᠢᠨᠠᠨ ᠪᠠᠶᠢᠴᠠᠭᠠᠬᠤ ᠲᠥᠰᠦᠯ ᠳᠣᠭᠳᠠᠭᠠᠨ ᠬᠢᠨᠠᠨ  ᠪᠠᠶᠢᠴᠠᠭᠠᠵᠤ᠂ ᠠᠵᠢᠯ ᠤᠨ  ᠠᠭᠤᠯᠭ᠎ᠠ ᠪᠣᠯᠤᠨ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ ᠦᠨᠡᠯᠡᠨ ᠵᠢᠱᠢᠬᠦ ᠶᠢᠨ ᠬᠠᠮᠲᠤ  ᠵᠠᠷᠯᠠᠬᠤ ᠬᠡᠷᠡᠭᠲᠡᠶ᠃          ︵ᠭᠤᠷᠪᠠ︶ ᠳ᠋ᠦᠩᠨᠡᠨ ᠴᠡᠭᠴᠡᠯᠡᠨ ᠰᠠᠶᠢᠵᠢᠷᠠᠭᠤᠯᠬᠤ  ᠃ ︵2020 ᠣᠨ ᠤ 10 ᠰᠠᠷ᠎ᠠ ᠶᠢᠨ 1 ᠤ ᠡᠳᠦᠷ — 2020 ᠣᠨ ᠤ 12 ᠰᠠᠷ᠎ᠠ ᠶᠢᠨ 31 ᠤ ᠡᠳᠦᠷ︶ ᠶᠡᠷᠦᠩᠬᠡᠶᠢᠯᠡᠨ ᠦᠨᠡᠯᠡᠨ ᠵᠢᠱᠢᠭᠰᠡᠨ ᠪᠠᠶᠢᠳᠠᠯ ᠶᠣᠰᠣᠭᠠᠷ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠳ᠋ᠦᠩᠨᠡᠨ  ᠳᠡᠯᠭᠡᠷᠡᠭᠦᠯᠵᠦ᠂  ᠰᠣᠯᠢᠯᠴᠠᠨ ᠰᠤᠷᠤᠯᠴᠠᠬᠤ ᠪᠠᠨ ᠴᠢᠩᠭᠠᠳᠬᠠᠬᠤ ᠬᠡᠷᠡᠭᠲᠡᠶ᠃ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠴᠠᠭ ᠲᠤᠬᠠᠶ ᠳᠤᠨᠢ ᠴᠡᠭᠴᠡᠯᠡᠨ  ᠰᠠᠶᠢᠵᠢᠷᠠᠭᠤᠯᠬᠤ ᠬᠡᠷᠡᠭᠳᠡᠢ᠃ᠳᠠᠭᠠᠯᠳᠤᠭᠤᠯᠤᠯ᠄          1᠂ ᠬᠢᠶ᠎ᠠ ᠪᠠᠭᠰᠢ ᠲᠣᠭᠤᠷᠢᠭ ᠤᠨ ᠲᠣᠭᠤᠰᠣᠲᠤ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ  ᠳᠤᠭᠤᠶᠢᠯᠠᠩ          2᠂ ᠬᠢᠶ᠎ᠠ ᠪᠠᠭᠰᠢ ᠲᠣᠭᠤᠷᠢᠭ ᠤᠨ ᠲᠣᠭᠤᠰᠣᠲᠤ ᠠᠭᠤᠰᠬᠢᠨ ᠡᠪᠡᠳᠴᠢᠨ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ  ᠠᠵᠢᠯᠯᠠᠭ᠎ᠠ ᠶᠢᠨ ᠡᠬᠡ ᠳᠠᠩᠰᠠ                                      ᠣᠷᠳᠣᠰ ᠬᠤᠲᠠ ᠶᠢᠨ ᠬᠢᠶ᠎ᠡ ᠪᠠᠭᠰᠢ ᠲᠣᠭᠤᠷᠢᠭ ᠤᠨ                                      ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                              2020 ᠣᠨ ᠤ 6 ᠰᠠᠷ᠎ᠠ ᠶᠢᠨ 18 ᠤ ᠡᠳᠦᠷ
ᠢᠷᠡᠯᠲᠡ᠄ ᠲᠤᠰ ᠰᠦᠯᠵᠢᠶ᠎ᠡ