ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠬᠤᠶᠠᠳᠤᠭᠠᠷ ᠲᠤᠭᠤᠢᠢᠯᠠᠩ ᠤᠨ ᠵᠠᠬᠢᠳᠠᠯ ᠰᠤᠷᠪᠤᠯᠵᠢᠯᠠᠯ ᠢᠯᠠᠴᠢᠯᠠᠨ ᠮᠡᠳᠡᠭᠦᠯᠬᠦ ᠠᠷᠭ᠎ᠠ ᠬᠡᠯᠪᠡᠷᠢ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2020/9/15
           ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠡ ᠶᠢᠨ ᠱᠠᠯᠠᠪᠳᠠᠭᠤᠯᠤᠨ ᠪᠠᠶᠢᠴᠠᠭᠠᠬᠤ ᠬᠤᠶᠠᠳᠤᠭᠠᠷ ᠲᠤᠭᠤᠢᠢᠯᠠᠩ ᠤᠷᠳᠤᠰ ᠬᠤᠳᠠ ᠳᠤ ᠰᠠᠭᠤᠬᠤ ᠴᠠᠭ ᠨᠢ 25 ᠡᠳᠦᠷ ︵2020 ᠤᠨ ᠤ 9 ᠰᠠᠷ᠎ᠡ ᠶᠢᠨ 2 ᠤᠨ ᠡᠳᠦᠷ — 9 ᠰᠠᠷ᠎ᠡ ᠶᠢᠨ 26 ᠤ ᠡᠳᠦᠷ︶ ᠪᠤᠯᠤᠨ᠎ᠠ᠃ ᠤᠷᠤᠵᠤ ᠰᠠᠭᠤᠬᠤ ᠬᠤᠭᠤᠴᠠᠭᠠᠨ ᠳᠤ ᠲᠤᠰᠬᠠᠢ ᠵᠢᠵᠢᠭᠦᠷᠯᠡᠭᠦ ᠤᠳᠠᠰᠤ ᠲᠤᠭᠢᠷᠠᠭᠤᠯᠵᠡᠢ᠄ 0477 — 8324018᠂ ᠲᠤᠰᠬᠠᠢ ᠰᠢᠤᠳᠠᠨ ᠬᠠᠶᠢᠷᠴᠠᠭ᠄ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ 10001 ᠨᠤᠮᠧᠷᠳᠤ ᠰᠢᠤᠳᠡᠨ ᠬᠠᠶᠢᠷᠴᠠᠭ᠃ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠢᠯᠡᠴᠢᠯᠡᠨ ᠮᠡᠳᠡᠭᠦᠯᠭᠦ ᠤᠳᠠᠰᠤ ᠶᠢ ᠭᠦᠯᠢᠶᠡᠨ ᠠᠪᠬᠤ ᠴᠠᠭ ᠨᠢ ᠡᠳᠦᠷ ᠪᠦᠷᠢ ᠶᠢᠨ 8᠄ 00 — 20᠄ 00 ᠴᠠᠭ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠱᠠᠭᠠᠷᠳᠠᠯᠭ᠎ᠠ ᠪᠡ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠲᠤᠰᠢᠶᠡᠯ ᠬᠠᠷᠢᠭᠤᠴᠠᠯᠭ᠎ᠠ ᠶᠢ ᠦᠨᠳᠦᠰᠦᠯᠡᠪᠡᠯ᠂ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠡ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠭᠤᠤᠯᠳᠠᠭᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠡ ᠶᠢᠨ ᠲᠡᠯ᠎ᠡ ᠶᠢᠨ ᠢᠷᠡᠭᠦᠯᠦᠭᠰᠡᠨ ᠵᠠᠭᠢᠳᠡᠯ ᠢᠯᠡᠴᠢᠯᠡᠨ ᠮᠡᠳᠡᠭᠦᠯᠦᠭᠰᠡᠨ ᠤᠳᠠᠰᠤ ᠶᠢ ᠭᠦᠯᠢᠶᠡᠨ ᠠᠪᠤᠨ᠎ᠡ᠃ ᠭᠦᠯᠢᠶᠡᠨ ᠠᠪᠴᠤ ᠰᠢᠢᠳᠪᠤᠷᠢᠯᠡᠭᠦ ᠭᠡᠪᠴᠢᠶᠡᠨ ᠳᠤ ᠬᠠᠷᠢᠶᠠᠯᠠᠬᠳᠠᠬᠤ ᠦᠭᠡᠢ ᠵᠠᠭᠢᠳᠡᠯ ᠰᠤᠷᠪᠤᠯᠵᠢᠯᠡᠯ ᠤᠨ ᠠᠰᠠᠭᠤᠳᠡᠯ ᠢ ᠲᠤᠬᠳᠠᠭᠠᠯ ᠶᠤᠰᠤᠭᠠᠷ ᠱᠠᠯᠠᠪᠳᠠᠭᠤᠯᠤᠨ ᠪᠠᠶᠢᠴᠠᠭᠠᠬᠳᠠᠬᠤ ᠭᠠᠵᠠᠷ ᠤᠷᠤᠨ ᠳᠤ ᠲᠤᠰᠢᠶᠡᠨ ᠰᠢᠢᠳᠪᠤᠷᠢᠯᠡᠭᠦᠯᠦᠨ᠎ᠡ᠃
ᠢᠷᠡᠯᠲᠡ᠄ ᠤᠷᠳᠤᠰ ᠮᠤᠩᠭᠤᠯ ᠰᠦᠯᠵᠢᠶ᠎ᠡ