ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡᠳᠤ ᠪᠠᠯᠭᠠᠰᠤᠨ ᠤ 123 ᠬᠡᠰᠡᠭ ᠵᠦᠯᠭᠡ ᠶᠢᠨ ᠡᠵᠡᠯᠡᠬᠦ | ᠲᠠᠯᠠᠪᠠᠢ ᠨᠢ 107 ᠲᠦᠮᠡᠨ ᠲᠡᠭᠰᠢ ᠳᠥᠷᠪᠡᠯᠵᠢᠨ ᠮᠧᠲᠷ ᠲᠤ ᠭᠦᠷᠳᠡᠭ᠃ ᠵᠦᠯᠬᠡᠨ ᠤ ᠬᠤᠭ ᠡᠪᠡᠰᠦ ᠶᠢ | ᠠᠷᠢᠯᠭᠠᠬᠤ᠂ ᠵᠠᠰᠠᠵᠤ ᠠᠷᠠᠴᠢᠯᠠᠬᠤ᠂ ᠠᠷᠢᠭᠤᠨ ᠴᠡᠪᠡᠷ ᠢ ᠪᠠᠳᠤᠯᠠᠬᠤ ᠵᠡᠷᠭᠡ ᠡᠳᠦᠷ ᠲᠤᠳᠤᠮ ᠤᠨ ᠠᠵᠢᠯ ᠢ ᠪᠦᠬᠦ | ᠬᠤᠰᠢᠭᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠢ᠂ ᠨᠡᠶᠢᠭᠡᠮ ᠤᠨ ᠪᠦᠯᠬᠦᠮ ᠤᠨ ᠺᠠᠳ᠋ᠷ᠂ ᠠᠵᠢᠯᠲᠠᠨ | ᠠᠵᠢᠯᠴᠢᠨ ᠬᠠᠮᠲᠤ ᠪᠠᠷ ᠪᠡᠶᠡᠯᠡᠭᠦᠯᠵᠦ᠂ ᠣᠯᠠᠨ ᠢᠶᠠᠷ ᠢᠶᠠᠨ ᠢᠳᠡᠪᠬᠢᠲᠡᠢ ᠬᠠᠮᠵᠢᠯᠴᠠᠨ᠂ ᠬᠥᠮᠦᠨ ᠪᠦᠬᠦᠨ | ᠨᠣᠭᠤᠭᠠᠷᠠᠭᠤᠯᠤᠯᠲᠠ ᠳᠤ ᠣᠷᠣᠯᠴᠠᠵᠤ᠂ ᠦᠵᠡᠰᠬᠦᠯᠡᠩᠳᠤ ᠰᠠᠶᠢᠬᠠᠨ ᠭᠡᠷ ᠣᠷᠣᠨ ᠢ ᠬᠠᠮᠳᠤ ᠪᠠᠷ ᠪᠦᠲᠦᠭᠡᠨ | ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠤᠬᠦᠯᠵᠤ ᠪᠠᠶᠢᠨ᠎ᠠ᠃ | ᠭᠠᠷᠠᠭ ᠪᠦᠷᠢ ᠶᠢᠨ ᠳᠥᠷᠪᠡᠨ ᠪᠣᠯ ᠪᠦᠬᠦ ᠬᠤᠰᠢᠭᠤᠨ ᠤ ᠡᠯ᠎ᠡ ᠪᠠᠶᠢᠭᠤᠯᠭ᠎ᠠ ᠨᠢᠬᠡᠴᠢ ᠶᠢᠨ ᠵᠦᠯᠬᠡ | ᠠᠷᠠᠴᠢᠯᠠᠨ ᠬᠠᠮᠠᠭᠠᠯᠠᠬᠤ ᠡᠳᠤᠷ ᠪᠤᠯᠤᠨ᠎ᠠ᠃ ᠡᠨᠡ ᠡᠳᠤᠷ᠂ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠤᠪᠴᠢᠶ᠎ᠠ ᠶᠢᠨ ᠠᠷᠠᠳ ᠤᠨ ᠴᠠᠭᠳᠠᠭ᠎ᠠ ᠨᠠᠷ ᠤᠯᠠᠭᠠᠨ ᠣᠯᠠᠨ ᠤᠯᠤᠰ ᠤᠨ ᠲᠣᠮᠣ ᠪᠠᠭᠤᠳᠠᠯ ᠤᠨ | ᠡᠰᠡᠷᠭᠦ ᠲᠠᠯ᠎ᠠ ᠶᠢᠨ ᠵᠦᠯᠭᠡ ᠶᠢ ᠵᠠᠰᠠᠵᠤ᠂ ᠬᠤᠭ ᠨᠣᠪᠰᠢ ᠲᠡᠭᠦᠵᠦ᠂ ᠮᠤᠳᠤᠨ ᠤ ᠬᠤᠪᠠᠭ᠋ᠠᠶ ᠰᠠᠯᠠᠭ᠎ᠠ ᠨᠠᠪᠴᠢ ᠶᠢ | ᠵᠦᠬᠡᠬᠡᠪᠤᠷᠢᠯᠠᠨ᠂ ᠵᠦᠯᠭᠡ ᠶᠢ ᠠᠷᠠᠴᠢᠯᠠᠨ ᠬᠠᠮᠠᠭᠠᠯᠠᠵᠤ ᠪᠠᠶᠢᠯ᠎ᠠ᠃ | ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠠᠭᠳᠠᠭ᠎ᠠ ᠲᠢᠶᠠᠨ | ᠯᠢᠶᠠᠩ᠄ ︽ᠨᠢᠭᠡ ᠦᠳᠡ ᠶᠢᠨ ᠡᠮᠦᠨ᠎ᠡ ᠶᠢᠨ ᠬᠥᠳᠡᠯᠮᠦᠷᠢ ᠶᠢᠨ ᠦᠷ᠎ᠡ ᠪᠦᠲᠦᠭᠡᠯ ᠢᠶᠠᠨ ᠣᠯᠵᠤ ᠦᠵᠡᠭᠡᠳ ᠮᠠᠰᠢ | ᠪᠠᠶᠠᠷᠲᠠᠶ ᠪᠠᠶᠢᠨ᠎ᠠ᠂ ᠣᠯᠠᠨ ᠢᠶᠠᠷ ᠢᠶᠠᠨ ᠣᠷᠴᠢᠨ ᠲᠣᠭᠤᠷᠢᠨ ᠢ ᠨᠠᠩ ᠰᠠᠶᠢᠨ ᠬᠠᠮᠠᠭᠠᠯᠠᠬᠤ ᠶᠢ ᠬᠦᠰᠡᠶ᠎ᠠ︾ ᠬᠡᠬᠦ | ᠶᠤᠮ᠃ | ᠤᠶᠢᠷ᠎ᠠ ᠶᠢᠨ ᠵᠢᠯ ᠠᠴᠠ ᠨᠠᠭᠠᠰᠢ᠂ ᠬᠤᠲᠠ ᠶᠢᠨ ᠴᠡᠴᠡᠷᠯᠢᠭᠵᠢᠬᠦᠯᠦᠯᠳᠡ ᠨᠣᠭᠤᠭᠠᠷᠠᠭᠤᠯᠤᠯᠲᠠ ᠶᠢᠨ | ᠠᠯᠬᠤᠴᠠ ᠶᠢ ᠲᠦᠷᠭᠡᠳᠬᠡᠵᠤ᠂ ᠬᠤᠲᠠ ᠶᠢᠨ ᠣᠷᠣᠰᠢᠨ ᠠᠮᠢᠳᠤᠷᠠᠬᠤ ᠳᠤ ᠲᠠᠭᠠᠯᠠᠮᠵᠢᠳᠡᠢ ᠤᠷᠴᠢᠨ ᠲᠤᠭᠤᠷᠢᠨ ᠢ | ᠪᠦᠬᠦ ᠲᠠᠯ᠎ᠠ ᠪᠠᠷ ᠰᠠᠶᠢᠵᠢᠷᠠᠭᠤᠯᠵᠤ᠂ ︽ᠬᠤᠳᠠ ᠶᠢᠨ ᠲᠤᠮᠳᠠ ᠤᠰᠤ ᠲᠠᠢ᠂ ᠭᠠᠯᠪᠢᠷ ᠰᠠᠶᠢᠬᠠᠨ ᠲᠦᠷᠬᠦ ᠲᠠᠢ᠂ | ᠤᠷᠤᠰᠢᠨ ᠠᠮᠢᠳᠤᠷᠠᠬᠤ ᠳᠤ ᠳᠠᠭᠠᠯᠠᠮᠵᠢᠳᠠᠢ︾ ᠣᠷᠴᠢᠨ ᠲᠣᠭᠤᠷᠢᠨ ᠢ ᠪᠠᠶᠢᠭᠤᠯᠬᠤ ᠶᠢᠨ ᠲᠤᠰᠠᠳᠠ ᠡᠵᠡᠨ ᠬᠤᠷᠤᠭ᠎ᠠ | ᠬᠤᠰᠢᠭᠤ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠬᠤᠲᠠ ᠶᠢᠨ ᠴᠡᠴᠡᠷᠯᠢᠭᠵᠢᠬᠦᠯᠦᠯᠳᠡ | ᠨᠣᠭᠤᠭᠠᠷᠠᠭᠤᠯᠤᠯᠲᠠ ᠶᠢᠨ ᠠᠷᠠᠴᠢᠯᠠᠯᠲᠠ ᠬᠠᠮᠢᠶᠠᠷᠤᠯᠲᠠ ᠳᠤ ᠢᠳᠡᠪᠬᠢᠲᠡᠢ ᠤᠷᠤᠯᠴᠠᠭᠤᠯᠵᠤ᠂ ᠪᠦᠬᠦ ᠬᠤᠰᠢᠭᠤᠨ ᠤ | ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠢ ᠳᠤ ᠵᠦᠯᠬᠡ ᠶᠢ ᠲᠠᠭᠠᠭᠠᠴᠢᠯᠠᠭᠤᠯᠤᠨ ᠠᠷᠠᠴᠢᠯᠠᠵᠤ ᠬᠠᠮᠠᠭᠠᠯᠠᠬᠤ | ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ | ᠵᠦᠯᠬᠡ ᠶᠢ ᠠᠷᠠᠴᠢᠯᠠᠵᠤ ᠬᠠᠮᠠᠭᠠᠯᠠᠬᠤ ᠠᠵᠢᠯᠯᠠᠭ᠎ᠠ ᠶᠢ ᠥᠷᠨᠢᠭᠦᠯᠬᠦ ᠳᠤᠮᠳᠠ᠂ ᠴᠡᠴᠡᠷᠯᠢᠭᠵᠢᠬᠦᠯᠤᠯᠳᠠ ᠶᠢᠨ | ᠲᠣᠪᠴᠢᠶ᠎ᠠ ᠲᠠᠭᠠᠭᠠᠴᠢᠯᠠᠨ ᠠᠷᠠᠴᠢᠯᠠᠵᠤ ᠬᠠᠮᠠᠭᠠᠯᠠᠬᠤ ᠪᠠᠶᠢᠭᠤᠯᠭ᠎ᠠ ᠨᠢᠬᠡᠴᠢ ᠲᠠᠢ ᠬᠡᠯᠡᠯᠴᠡᠭᠡᠷ ᠲᠣᠭᠲᠠᠵᠤ᠂ | ᠲᠠᠭᠠᠭᠠᠴᠢᠯᠠᠨ ᠠᠷᠠᠴᠢᠯᠠᠵᠤ ᠬᠠᠮᠠᠭᠠᠯᠠᠬᠤ ᠪᠠᠶᠢᠭᠤᠯᠭ᠎ᠠ ᠨᠢᠬᠡᠴᠢ ᠬᠡᠯᠡᠯᠴᠡᠭᠡᠷ ᠶᠣᠰᠣᠭᠠᠷ ᠵᠦᠯᠬᠡᠳᠤ ᠭᠠᠵᠠᠷ ᠤᠨ | ᠠᠷᠠᠴᠢᠯᠠᠯᠲᠠ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠠᠵᠢᠯ ᠢ ᠦᠷᠨᠢᠬᠦᠯᠦᠨ᠂ ᠵᠦᠯᠬᠡᠳᠤ ᠭᠠᠵᠠᠷ ᠲᠤ ᠠᠷᠠᠴᠢᠯᠠᠵᠤ | ᠬᠠᠮᠠᠭᠠᠯᠠᠬᠤ ᠫᠠᠶᠢᠰᠠ ᠲᠡᠮᠳᠡᠭ ᠪᠤᠰᠬᠠᠵᠤ᠂ ᠮᠡᠷᠭᠡᠵᠢᠯ ᠤᠨ ᠵᠢᠯᠤᠭᠤᠳᠤᠯᠭ᠎ᠠ ᠵᠢᠴᠢ ᠬᠠᠷᠢᠯᠴᠠᠬᠤ ᠠᠷᠭ᠎ᠠ ᠵᠡᠷᠭᠡ ᠶᠢ | ᠲᠣᠳᠣᠷᠬᠠᠶᠢᠯᠠᠬᠰᠠᠨ ᠪᠠᠶᠢᠨ᠎ᠠ᠃ ᠡᠨᠡ ᠬᠦ ᠠᠷᠭ᠎ᠠ ᠬᠡᠯᠪᠡᠷᠢ ᠪᠠᠷ ᠳᠠᠮᠵᠢᠭᠤᠯᠤᠨ ᠪᠦᠬᠦ ᠠᠷᠠᠳ ᠤᠨ | ᠨᠣᠭᠤᠭᠠᠷᠠᠭᠤᠯᠤᠯᠲᠠ ᠶᠢ ᠬᠠᠶᠢᠷᠠᠯᠠᠨ ᠬᠠᠮᠠᠭᠠᠯᠠᠬᠤ ᠦᠵᠡᠯ ᠤᠬᠠᠮᠰᠠᠷ ᠢ ᠴᠢᠨᠠᠬᠰᠢᠳᠠ ᠳᠡᠭᠡᠭᠰᠢᠯᠡᠭᠦᠯᠵᠦ᠂ | ᠬᠤᠲᠠ ᠶᠢᠨ ᠠᠷᠠᠳ ᠤᠨ ᠠᠮᠢ ᠠᠬᠤᠢ ᠶᠢ ᠬᠠᠶᠢᠷᠠᠯᠠᠬᠤ ᠳᠠᠳᠬᠠᠯ ᠢ ᠪᠣᠶ ᠪᠣᠯᠭᠠᠨ᠂ ᠬᠤᠲᠠ ᠶᠢᠨ ᠬᠠᠮᠢᠶᠠᠷᠤᠯᠳᠠ ᠶᠢᠨ | ᠠᠵᠢᠯ ᠳᠤ ᠰᠠᠨᠠᠭᠠᠴᠢᠯᠠᠭ᠎ᠠ ᠠᠴᠠ ᠪᠠᠨ ᠤᠷᠤᠯᠴᠠᠵᠤ᠂ ᠬᠤᠳᠠ ᠶᠢᠨ ᠴᠢᠨᠠᠷᠵᠢᠯ ᠢ ᠲᠡᠬᠡᠭᠰᠢᠯᠡᠬᠦᠯᠬᠦ ᠶᠢ ᠤᠷᠢᠶᠠᠯᠠᠬᠰᠠᠨ | ᠪᠠᠶᠢᠨ᠎ᠠ᠃ |