ᠳ᠋ᠦᠡᠭᠱᠸᠡᠭ ᠲᠤᠭᠤᠷᠢᠭ ᠪᠤᠯᠪᠠᠰᠤᠨ ᠬᠤᠳᠠ ᠶᠢ ᠡᠬᠦᠳᠤᠨ ᠪᠠᠶᠢᠭᠤᠯᠤᠭᠰᠠᠨ ᠦᠷ᠎ᠡ ᠪᠦᠳᠤᠬᠡᠯ ᠢ ᠪᠠᠬᠢᠵᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2020/9/17
          ᠪᠦᠭᠦ ᠤᠯᠤᠰ ᠤᠨ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠲᠦᠪ ᠤᠨ ᠲᠤᠷᠰᠢᠯᠳᠡ ᠶᠢᠨ ᠴᠡᠭ ᠢᠶᠠᠷ ᠠᠵᠡ ᠲᠤᠭᠢᠶᠡᠯ ᠪᠤᠯᠭᠠᠨ᠂ ᠳ᠋ᠦᠡᠭᠱᠸᠡᠭ ᠲᠤᠭᠤᠷᠢᠭ ᠪᠦᠭᠦ ᠤᠯᠤᠰ ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠤᠬᠰᠡᠨ ᠦᠷ᠎ᠡ ᠪᠦᠳᠦᠭᠡᠯ ᠢ ᠭᠦᠴᠦᠯᠡᠨ ᠪᠠᠭᠢᠵᠢᠭᠦᠯᠵᠤ᠂ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠤ᠂ ᠬᠤᠳᠠ ᠶᠢᠨ ᠠᠷᠠᠳ ᠤᠨ ᠪᠤᠯᠪᠠᠰᠤᠨ ᠤ ᠭᠡᠪ ᠪᠤᠯᠪᠠᠰᠤᠷᠡᠯ ᠢ ᠲᠡᠭᠡᠭᠰᠢᠯᠡᠭᠦᠯᠦᠨ᠂ ᠪᠤᠯᠪᠠᠰᠤᠨ ᠬᠤᠳᠠ ᠶᠢᠨ ᠠᠮᠢᠵᠢᠷᠡᠯ ᠤᠨ ᠭᠦᠴᠦᠨ ᠢ ᠭᠦᠢᠴᠡᠳ ᠭᠦᠭᠵᠢᠭᠡᠭᠰᠡᠨ ᠪᠠᠶᠢᠨ᠎ᠡ᠃           ᠰᠠᠶᠢᠨ ᠲᠤᠷ᠎ᠡ ᠶᠢᠨ ᠴᠡᠴᠡᠭᠡᠰ ᠭᠠᠵᠠᠷ ᠪᠤᠯᠭᠠᠨ ᠳᠤ ᠲᠡᠯᠭᠡᠷᠡᠪᠡ᠃ ᠳ᠋ᠦᠡᠭᠱᠸᠡᠭ ᠲᠤᠭᠤᠷᠢᠭ ᠤᠨ ᠨᠡᠭᠡᠮᠡᠯ ᠵᠡᠭᠡᠯᠢ ᠭᠤᠳᠤᠮᠵᠢ ᠶᠢᠨ ᠨᠠᠨ ᠬᠤ᠋ ᠨᠡᠶᠢᠭᠡᠮ ᠲᠤᠭᠤᠷᠢᠭ ᠤᠨ ᠬᠤᠤ ᠵᠢᠶᠡ ᠮᠢᠩ ᠰᠠᠭᠤᠭᠠᠯᠢ ᠲᠤᠭᠤᠷᠢᠭ ᠤᠨ ᠰᠢᠨ᠎ᠡ ᠴᠠᠭ ᠦᠶ ᠎ᠡ ᠶᠢᠨ ᠪᠤᠯᠪᠠᠰᠤᠨ ᠤ ᠦᠢᠯᠡᠳᠦᠯᠭᠡ ᠶᠢᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭᠠᠨ ᠤ ᠲᠡᠯᠡᠪᠡᠢ ᠳᠤ ᠭᠦᠭᠡ ᠦᠡᠭᠭᠡᠳᠡᠢ ᠬᠤᠪᠴᠠᠰᠤ ᠡᠮᠦᠰᠦᠭᠰᠡᠨ ᠪᠢᠴᠢᠬᠠᠨ ᠰᠠᠶᠢᠨ ᠲᠤᠷᠠᠴᠤᠤᠯ ᠨᠠᠭᠠᠰᠢ ᠴᠠᠭᠠᠰᠢ ᠪᠠᠨ ᠶᠠᠭᠠᠷᠡᠯᠳᠡᠢ ᠵᠦᠷᠢᠯᠳᠦᠬᠦ ᠨᠢ ᠭᠦᠮᠦᠰ ᠤᠨ ᠠᠩᠬᠠᠷᠤᠯ ᠢ ᠤᠨᠴᠡ ᠲᠠᠳᠡᠨ᠎ᠡ᠃ ︽5 ᠨᠠᠰᠤᠳᠡᠢ ᠪᠠᠶᠢᠬᠤ ᠳᠤ ᠡᠵᠢ ᠨᠠᠳᠡ ᠶᠢ ᠰᠠᠶᠢᠨ ᠲᠤᠷ᠎ᠡ ᠶᠢᠨ ᠦᠢᠯᠡᠴᠢᠯᠡᠭᠡᠨ ᠤ ᠠᠵᠢᠯᠯᠠᠭ᠎ᠠ ᠳᠤ ᠲᠠᠭᠠᠭᠤᠯᠤᠨ ᠤᠷᠤᠯᠴᠠᠵᠤ ᠪᠠᠶᠢᠬᠰᠡᠨ᠂ ᠲᠤᠬᠠᠢ ᠶᠢᠨ ᠦᠶᠡᠰ ᠨᠠᠰᠤᠳᠡᠨ ᠢ ᠠᠰᠠᠷᠠᠬᠤ ᠭᠦᠷᠢᠶᠠᠯᠠᠩ ᠤᠨ ᠡᠪᠦᠭᠡ ᠡᠮᠡᠭᠡ ᠨᠡᠷ ᠤᠨ ᠭᠦᠯ ᠢ ᠨᠢ ᠤᠭᠢᠶᠡᠨ᠎ᠠ᠂ ᠦᠰᠦ ᠵᠠᠰᠠᠭᠠᠳ ᠭᠠᠵᠠᠷ ᠲᠡᠭᠡᠷ᠎ᠠ ᠬᠠᠶᠠᠭᠰᠠᠨ ᠭᠡᠵᠢᠭᠡ ᠶᠢ ᠪᠢ ᠱᠦᠭᠦᠷᠳᠡᠳᠡᠭ ᠰᠢᠦ︾ ᠭᠡᠵᠤ 10 ᠨᠠᠰᠤᠳᠡᠢ ᠪᠢᠴᠢᠬᠠᠨ ᠰᠠᠶᠢᠨ ᠲᠤᠷᠠᠴᠤᠤᠯ ᠰᠢᠤᠢ ᠢ ᠵᠢᠶᠡᠨ ᠮᠠᠰᠢ ᠤᠮᠤᠬᠰᠢᠯ ᠲᠠᠢ ᠶᠠᠷᠢᠨ᠎ᠡ᠃           ᠰᠠᠶᠢᠨ ᠲᠤᠷ᠎ᠡ ᠶᠢᠨ ᠦᠢᠯᠡᠴᠢᠯᠡᠭᠡ ᠪᠤᠯ ᠨᠢᠭᠡ ᠬᠤᠳᠠ ᠶᠢᠨ ᠬᠠᠮᠤᠭ ᠤᠨᠴᠠᠯᠢᠬᠳᠠᠬᠤ ᠨᠡᠷᠡᠳᠤ ᠲᠡᠮᠳᠡᠭᠳᠦ ᠪᠤᠯᠤᠨ᠎ᠡ᠃ ᠳ᠋ᠦᠡᠭᠱᠸᠡᠭ ᠲᠤᠭᠤᠷᠢᠭ ᠤᠨ ᠪᠠᠶᠠᠯᠢᠭ ᠠᠭᠤᠯᠭ᠎ᠠ ᠪᠦᠭᠦᠢ ᠰᠠᠶᠢᠨ ᠲᠤᠷᠠᠴᠤᠤᠯ ᠤᠨ ᠦᠢᠯᠡ ᠠᠵᠢᠯᠯᠠᠭ᠎ᠠ ᠨᠢ ᠭᠡᠳᠦ᠋ᠢᠪᠡᠷ ᠪᠦᠷ ᠡᠳᠦᠷ ᠲᠤᠳᠤᠮ ᠤᠨ ᠠᠷᠰᠠᠷ ᠤᠴᠢᠷ ᠪᠤᠯᠪᠠᠴᠤ ᠡᠨᠡ ᠭᠦ ᠬᠤᠳᠠ ᠶᠢᠨ ᠪᠤᠯᠪᠠᠰᠤᠨ ᠤ ᠪᠦᠭᠦ ᠲᠡᠯ᠎ᠡ ᠶᠢ ᠬᠠᠷᠠᠭᠤᠯᠵᠤ ᠪᠠᠶᠢᠳᠠᠭ᠃           ︽ᠮᠠᠨ ᠤ ᠰᠠᠶᠢᠨ ᠲᠤᠷᠠᠴᠤᠤᠯ ᠤᠨ ᠭᠦᠮᠦᠨ ᠤᠯᠡᠨ ᠮᠦᠷᠳᠡᠭᠡᠨ ᠭᠡᠪᠴᠢᠶ᠎ᠡ ᠨᠢ ᠦᠷᠭᠡᠨ᠂ ᠰᠠᠶᠢᠨ ᠲᠤᠷ᠎ᠡ ᠶᠢᠨ ᠦᠢᠯᠡᠴᠢᠯᠡᠭᠡᠨ ᠤ ᠠᠵᠢᠯᠯᠠᠭᠠᠨ ᠳᠤ ᠤᠷᠤᠯᠴᠠᠬᠤ ᠭᠦᠮᠦᠰ ᠤᠨ ᠢᠳᠡᠪᠭᠢᠵᠢᠯ ᠦᠨᠳᠦᠷ ᠪᠠᠶᠢᠳᠠᠭ︾ ᠭᠡᠵᠤ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠡᠨ ᠤ ᠤᠬᠠᠭᠤᠯᠬᠤ ᠭᠡᠯᠳᠡᠰ ᠤᠨ ᠲᠡᠳ᠋ ᠲᠠᠷᠤᠭ᠎ᠠ᠂ ᠤᠶᠤᠨ ᠰᠠᠨᠠᠭᠠᠨ ᠤ ᠪᠤᠯᠪᠠᠰᠤᠨ ᠤ ᠪᠠᠶᠢᠭᠤᠯᠤᠯᠳᠡ ᠶᠢᠨ ᠠᠯᠪᠡᠨ ᠭᠡᠷ ᠤᠨ ᠡᠷᠭᠢᠯᠡᠭᠴᠢ ᠭᠤᠤ ᠬᠤᠢ ᠭᠡᠯᠡᠨ᠎ᠡ᠃           ᠳ᠋ᠦᠡᠭᠱᠸᠡᠭ ᠲᠤᠭᠤᠷᠢᠭ ᠤᠨ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠲᠦᠪ ᠤᠨ ᠬᠢᠨ ︽8+N︾ ᠰᠠᠶᠢᠨ ᠲᠤᠷ᠎ᠡ ᠶᠢᠨ ᠦᠢᠯᠡᠴᠢᠯᠡᠭᠡᠨ ᠤ ᠭᠡᠪ ᠵᠠᠬᠪᠤᠷ ᠢ ᠪᠦᠷᠢᠯᠳᠦᠭᠦᠯᠦᠨ᠂ ᠤᠨᠤᠯ ᠤᠨ ᠤᠬᠠᠭᠤᠯᠭ᠎ᠠ ᠭᠢᠭᠦ᠂ ᠰᠤᠶᠤᠯ ᠤᠷᠠᠯᠢᠭ ᠤᠨ ᠲᠤᠬᠯᠠᠯᠳᠡ ᠭᠠᠷᠭᠠᠬᠤ᠂ ᠰᠤᠷᠤᠯᠭ᠎ᠠ ᠶᠢ ᠲᠡᠮᠵᠢᠭᠦ᠂ ᠶᠠᠳᠠᠭᠤ ᠭᠦᠴᠢᠷᠳᠡᠯᠳᠡᠢ ᠭᠦᠮᠦᠰ ᠢ ᠲᠡᠳᠭᠦᠭᠦ ᠵᠡᠷᠭᠡ 8 ᠲᠦᠷᠦᠯ ᠤᠨ ᠰᠠᠶᠢᠨ ᠲᠤᠷ᠎ᠡ ᠶᠢᠨ ᠦᠢᠯᠡᠴᠢᠯᠡᠭᠡᠨ ᠤ ᠡ᠊ᠡᠭᠨᠡᠭᠡ ᠪᠠᠷ ᠭᠤᠤᠯ ᠪᠤᠯᠭᠠᠵᠤ᠂ ᠲᠤᠰ ᠪᠠᠶ᠎ᠡ ᠶᠢᠨ ᠤᠨᠴᠠᠯᠢᠭ ᠪᠡ ᠲᠠᠪᠠᠭᠤᠯᠢᠭ ᠲᠡᠯ᠎ᠡ ᠲᠠᠢ ᠰᠠᠶᠢᠨ ᠲᠤᠷᠠᠴᠤᠤᠯ ᠤᠨ ᠡ᠊ᠡᠭᠨᠡᠭᠡ ᠶᠢ ᠵᠤᠭᠢᠶᠡᠨ ᠪᠠᠶᠢᠭᠤᠯᠤᠨ᠂ 408 ᠰᠠᠯᠪᠤᠷᠢ ᠰᠠᠶᠢᠨ ᠲᠤᠷ᠎ᠡ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠲᠡᠩᠰᠡᠯᠠᠭᠤᠯᠤᠬᠰᠡᠨ ᠰᠠᠶᠢᠨ ᠲᠤᠷᠠᠴᠤᠤᠯ 114960 ᠭᠦᠮᠦᠨ ᠳᠤ ᠬᠦᠷᠴᠦ᠂ ᠳ᠋ᠦᠡᠭᠱᠸᠡᠭ ᠲᠤᠭᠤᠷᠢᠭ ᠤᠨ ᠪᠦᠭᠦ ᠭᠦᠮᠦᠨ ᠠᠮᠡ ᠶᠢᠨ 21% ᠶᠢ ᠡᠵᠡᠯᠡᠵᠤ᠂ ᠰᠠᠶᠢᠨ ᠲᠤᠷ᠎ᠡ ᠶᠢᠨ ᠦᠢᠯᠡᠴᠢᠯᠡᠭᠡ ᠶᠢ ᠪᠦᠭᠦ ᠲᠡᠯ᠎ᠡ ᠪᠠᠷ ᠪᠦᠷᠭᠦᠭᠦᠯᠵᠡᠢ᠃           ᠡᠭᠦᠨ ᠤ ᠬᠠᠮᠳᠤ ᠰᠠᠶᠢᠨ ᠲᠤᠷ᠎ᠡ ᠶᠢᠨ ᠦᠢᠯᠡᠴᠢᠯᠡᠭᠡ ᠳᠤ ᠲᠦᠰᠢᠭᠯᠡᠨ᠂ ︽15 ᠮᠢᠨᠦ᠋ᠲ ᠤᠨ ᠦᠢᠯᠡᠴᠢᠯᠡᠭᠡᠨ ᠤ ᠲᠤᠭᠤᠷᠢᠭ︾᠂ ᠳ᠋ᠦᠡᠭᠱᠸᠡᠭ ᠲᠤᠭᠤᠷᠢᠭ ᠤᠨ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠲᠦᠪ ᠨᠢᠭᠡᠨᠳᠡ ᠪᠠᠯᠭᠠᠰᠤ᠂ ᠵᠡᠭᠡᠯᠢ ᠭᠤᠳᠤᠮᠵᠢ ᠨᠡᠶᠢᠭᠡᠮ ᠲᠤᠭᠤᠷᠢᠭ ᠤᠨ ᠦᠢᠯᠡᠳᠦᠯᠭᠡ ᠶᠢᠨ ᠭᠠᠵᠡᠷ᠂ ᠦᠷᠳᠡᠭᠡ ᠶᠢ ᠪᠦᠷᠭᠦᠭᠦᠯᠵᠤ᠂ 72 ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠲᠦᠪ᠂ ᠭᠠᠵᠠᠷ᠂ ᠦᠷᠳᠡᠭᠡ᠂ ᠴᠡᠭ ᠢ ᠰᠤᠯᠪᠢᠴᠠᠭᠤᠯᠤᠨ ᠪᠠᠶᠢᠭᠤᠯᠵᠤ᠂ ᠲᠡᠪᠴᠠᠩ ᠨᠢᠭᠡᠪᠤᠷᠢ ᠨᠢ ᠤᠬᠠᠭᠤᠯᠭ᠎ᠠ ᠦᠢᠯᠡᠴᠢᠯᠡᠭᠡᠨ ᠤ ᠲᠤᠮᠦ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠲᠡᠭᠡᠳᠤ ᠲᠤᠤᠷᠡᠳᠤ ᠱᠠᠳᠤ ᠬᠠᠷᠢᠯᠴᠡᠨ ᠨᠠᠪᠳᠡᠷᠡᠯᠴᠡᠭᠰᠡᠨ᠂ ᠡᠷᠴᠢᠮᠵᠢᠭᠰᠡᠨ ᠦᠨᠳᠦᠷ ᠦᠷ᠎ᠡ ᠪᠦᠳᠦᠮᠵᠢᠳᠡᠢ ᠪᠤᠯᠪᠠᠰᠤᠨ ᠤ ᠦᠢᠯᠡᠳᠦᠯᠭᠡ ᠶᠢᠨ ᠰᠠᠭᠤᠷᠢᠨ ᠢ ᠪᠦᠷᠢᠯᠳᠦᠭᠦᠯᠪᠡ᠃           ᠤᠬᠠᠭᠤᠯᠭ᠎ᠠ ᠭᠦᠮᠦᠵᠢᠯ ᠨᠢ ᠪᠦᠭᠦ ᠠᠷᠠᠳ ᠤᠨ ᠤᠶᠤᠨ ᠰᠠᠨᠠᠭᠠᠨ ᠤ ᠭᠦᠴᠦᠨ ᠴᠢᠳᠡᠯ ᠢ ᠨᠢᠬᠳᠠᠷᠠᠭᠤᠯᠪᠠ᠃ ᠨᠢᠭᠡ ᠭᠦᠮᠦᠨ ᠤ ᠦᠰᠦᠨ ᠪᠤᠶᠢᠵᠢᠯᠳᠡ ᠨᠢ ᠤᠶᠤᠨ ᠰᠠᠨᠠᠭᠠᠨ ᠤ ᠭᠦᠴᠦᠨ ᠴᠢᠳᠡᠯ ᠤᠨ ᠡᠭᠢ ᠰᠤᠷᠪᠤᠯᠵᠢ ᠠᠴᠠ ᠰᠠᠯᠵᠤ ᠴᠢᠳᠠᠬᠤ ᠦᠭᠡᠢ︔ ᠨᠢᠭᠡ ᠬᠤᠳᠠ ᠶᠢᠨ ᠦᠷᠨᠢᠨ ᠭᠦᠭᠵᠢᠭᠦ ᠨᠢ ᠣᠶᠣᠨ ᠰᠠᠨᠠᠭᠠᠨ ᠤ ᠲᠤᠯᠭᠠᠭᠤᠷᠢᠯᠡᠯ ᠠᠴᠠ ᠰᠠᠯᠵᠤ ᠪᠤᠯᠤᠰᠢ ᠦᠭᠡᠢ ᠪᠠᠶᠢᠳᠠᠭ᠃ ᠤᠷᠳᠤ ᠬᠤᠭᠤᠴᠠᠭᠠᠨ ᠤ ᠲᠤᠷᠰᠢ᠂ ᠳ᠋ᠦᠡᠭᠱᠸᠡᠭ ᠲᠤᠭᠤᠷᠢᠭ ᠭᠦᠮᠦᠨ ᠤ ᠭᠡᠪ ᠪᠤᠯᠪᠠᠰᠤᠷᠡᠯ ᠢ ᠲᠡᠭᠡᠭᠰᠢᠯᠡᠭᠦᠯᠭᠦ ᠪᠠᠷ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠡᠭᠦᠰᠦᠯᠳᠡ ᠶᠢᠨ ᠴᠡᠭ ᠪᠡ ᠲᠤᠰᠤᠯᠳᠡ ᠶᠢᠨ ᠴᠡᠭ ᠪᠤᠯᠭᠠᠨ᠂ ᠤᠯᠡᠨ ᠭᠡᠯᠪᠡᠷᠢ ᠪᠠᠷ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠤᠬᠠᠭᠤᠯᠤᠨ᠂ ᠪᠦᠭᠦ ᠲᠡᠯ ᠎ᠡ ᠶᠢᠨ᠂ ᠤᠯᠡᠨ ᠲᠡᠰ ᠲᠡᠪᠬᠤᠷᠭ᠎ᠠ᠂ ᠪᠤᠳᠠᠳᠡᠢ ᠲᠠᠢ ᠨᠡᠶᠢᠴᠡᠭᠰᠡᠨ ᠤᠬᠠᠭᠤᠯᠤᠨ ᠲᠠᠶᠢᠯᠪᠤᠷᠢᠯᠠᠬᠤ ᠪᠠᠶᠢᠳᠡᠯ ᠢ ᠪᠤᠢ ᠪᠤᠯᠭᠠᠪᠡ᠃           ᠤᠯᠡᠨ ᠲᠦᠮᠡᠨ ᠢᠶᠠᠷ ᠤᠯᠡᠨ ᠲᠦᠮᠡᠨ ᠤ ᠦᠯᠢᠭᠡᠷ ᠢ ᠶᠠᠷᠢᠭᠤᠯᠪᠡ᠃ ︽ᠪᠢ ᠡᠭᠡ ᠤᠯᠤᠰ ᠲᠠᠭᠠᠨ ᠬᠠᠶᠢᠷᠡᠳᠡᠢ︾ ᠭᠡᠭᠦ ᠤᠬᠠᠭᠤᠯᠭ᠎ᠠ ᠶᠢᠨ ᠠᠵᠢᠯᠯᠠᠭ᠎ᠠ ᠳᠤ ᠳ᠋ᠦᠡᠭᠱᠸᠡᠭ ᠲᠤᠭᠤᠷᠢᠭ ᠦᠡᠭᠭᠡᠷᠡᠭᠰᠡᠨ ᠤ ︽ᠴᠢ ᠶᠠᠷᠢᠵᠤ ᠪᠢ ᠰᠤᠨᠤᠰᠬᠤ︾᠂ ︽ᠤᠨᠤᠯ ᠤᠨ ᠤᠬᠠᠭᠤᠯᠭ᠎ᠠ︾ ᠶᠢᠨ ᠤᠯᠠᠮᠵᠢᠯᠠᠯᠳᠤ ᠭᠡᠯᠪᠡᠷᠢ ᠶᠢ ᠬᠤᠪᠢᠷᠠᠭᠤᠯᠤᠨ᠂ ᠤᠯᠡᠨ ᠲᠦᠮᠡᠨ ᠢᠶᠠᠷ ᠤᠬᠠᠭᠤᠯᠭ᠎ᠠ ᠭᠦᠮᠦᠵᠢᠯ ᠤᠨ ᠭᠤᠤᠯ ᠲᠦᠷᠢ ᠶᠢ ᠲᠤᠬᠯᠠᠭᠤᠯᠵᠡᠢ᠃ ᠡᠭᠦᠨ ᠤ ᠲᠤᠳᠤᠷ᠎ᠡ ᠤᠷᠤᠰᠬᠠᠯ ᠰᠦᠷᠦᠨ ᠤᠷᠤᠬᠰᠢᠯᠠᠬᠴᠢ ︽ᠭᠢᠵᠢᠭ ᠲᠠᠢ ᠲᠡᠮᠡᠴᠡᠭᠰᠡᠨ ᠪᠠᠭᠠᠳᠤᠷ︾ ᠤᠨ ᠦᠢᠯᠡ ᠠᠵᠢᠯᠯᠠᠭ᠎ᠠ ᠪᠠᠶᠢᠬᠤ ᠪᠦᠭᠡᠳ ᠡᠪᠡᠳᠴᠢᠨ ᠡᠮᠭᠡᠭ ᠲᠠᠢ ᠲᠤᠯᠤᠯᠳᠤᠬᠰᠡᠨ ᠰᠡᠳᠭᠢᠯ ᠭᠦᠳᠡᠯᠭᠡᠮ᠎ᠡ ᠦᠯᠢᠭᠡᠷ ᠤᠳ ᠪᠤᠢ ᠁ ᠡᠳᠡᠭᠡᠷ ︽ᠦᠯᠢᠭᠡᠷ︾ ᠨᠢ ᠠᠮᠢᠳᠤᠷᠡᠯ ᠲᠠᠢ ᠤᠢᠢᠷᠠᠳᠤᠵᠤ᠂ ᠤᠯᠡᠨ ᠲᠦᠮᠡᠨ ᠤ ᠲᠤᠮᠳᠡ ᠭᠦᠨᠵᠡᠭᠡᠶᠢᠷᠡᠨ᠂ ᠭᠢᠵᠠᠭᠠᠯᠠᠰᠢ ᠦᠭᠡᠢ ᠢᠳᠡᠪᠭᠢ ᠭᠦᠴᠦᠨ ᠢ ᠲᠡᠮᠵᠢᠭᠤᠯᠵᠤ ᠴᠢᠳᠠᠵᠡᠢ᠃           ︽ᠤᠳᠤᠷᠢᠳᠤᠯᠭ᠎ᠠ ᠠᠴᠠ ᠨᠠᠮ ᠤᠨ ᠭᠢᠴᠢᠶᠡᠯ ᠤᠷᠤᠬᠤ᠂ ᠤᠬᠠᠭᠤᠯᠤᠨ ᠲᠠᠶᠢᠯᠪᠤᠷᠢᠯᠠᠬᠴᠢ ᠠᠴᠠ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ᠂ ᠲᠤᠰᠬᠠᠢ ᠮᠡᠷᠭᠡᠵᠢᠯᠳᠡᠨ ᠲᠤᠰᠬᠠᠢ ᠰᠡᠳᠦᠪ ᠢᠶᠠᠷ ᠲᠡᠶᠢᠯᠤᠮᠵᠢ ᠭᠢᠭᠦ᠂ ᠵᠢᠱᠢᠶᠡᠴᠢ ᠭᠦᠮᠦᠰ ᠤᠨ ᠲᠤᠷᠰᠢᠯᠭ᠎ᠠ ᠪᠠᠨ ᠶᠠᠷᠢᠬᠤ᠂ ᠤᠯᠡᠨ ᠲᠦᠮᠡᠨ ᠦᠯᠢᠭᠡᠷ ᠶᠠᠷᠢᠬᠤ︾ ᠪᠠᠷ ᠭᠠᠷᠳᠡᠴᠡ ᠪᠤᠯᠭᠠᠨ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠰᠠᠶᠢᠨ ᠲᠤᠷ᠎ᠡ ᠶᠢᠨ ᠦᠢᠯᠡᠴᠢᠯᠡᠭᠡᠨ ᠤ ᠡ᠊ᠡᠭᠨᠡᠭᠡ ᠪᠠᠷ ᠠᠴᠢᠶᠠᠯᠬᠠᠴᠢ ᠪᠠᠶ᠎ᠡ ᠪᠤᠯᠭᠠᠨ᠂ ᠳ᠋ᠦᠡᠭᠱᠸᠡᠭ ᠲᠤᠭᠤᠷᠢᠭ ᠤᠬᠠᠭᠤᠯᠭ᠎ᠠ ᠶᠢᠨ ᠰᠢᠨ᠎ᠡ ᠶᠢ ᠡᠭᠦᠳᠴᠤ᠂ ᠤᠬᠠᠭᠤᠯᠭ᠎ᠠ ᠪᠠᠨ ᠦᠷᠭᠡᠳᠭᠡᠨ ᠂ ᠪᠠᠶᠢᠡᠭᠭᠤᠵᠢᠭᠤᠯᠤᠨ ᠤᠬᠠᠭᠤᠯᠬᠤ ᠶᠢ ᠪᠠᠶᠠᠯᠡᠭᠦᠯᠵᠡᠢ᠃ ᠤᠳᠤᠬᠠᠨ ᠪᠤᠯᠳᠡᠯ᠎ᠡ᠂ ᠡᠯ᠎ᠡ ᠲᠦᠷᠦᠯ ᠤᠨ ᠲᠤᠮᠦ ᠭᠡᠯᠪᠡᠷᠢ ᠶᠢᠨ ᠲᠦᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠶᠢ 600 ᠭᠠᠷᠤᠢ ᠲᠡᠯᠡᠪᠡᠢ ᠦᠷᠨᠢᠭᠦᠯᠦᠨ᠂ ᠭᠦᠯᠢᠶᠡᠨ ᠠᠪᠤᠬᠰᠡᠨ ᠤᠯᠡᠨ ᠲᠦᠮᠡᠨ 7 ᠲᠦᠮᠡ ᠭᠠᠷᠤᠢ ᠭᠦᠮᠦᠨ ᠤᠳᠠᠭ᠎ᠠ ᠳᠤ ᠭᠦᠷᠴᠡᠢ᠃
ᠢᠷᠡᠯᠲᠡ᠄ ᠤᠷᠳᠤᠰ ᠮᠤᠩᠭᠤᠯ ᠰᠦᠯᠵᠢᠶ᠎ᠡ