︽ᠢᠳᠡᠭᠡᠨ ᠤᠮᠳᠠᠭᠠᠨ + ᠰᠣᠶᠣᠯ︾ ᠨᠢ ᠬᠢᠶ᠎ᠠ ᠪᠠᠭᠰᠢ ᠶᠢᠨ ᠰᠥᠨᠢ ᠶᠢᠨ ᠵᠠᠬ᠎ᠠ ᠲᠡᠯᠭᠡᠭᠦᠷ ᠲᠤ ᠠᠮᠢᠵᠢᠷᠠᠯ ᠡᠪᠴᠢᠷᠠᠨ᠎ᠠ
ᠨᠡᠶᠢᠲᠡᠯᠡᠭᠰᠡᠨ ᠴᠠᠭ᠄
2020/9/17
           
         ᠣᠶᠢᠷ᠎ᠠ ᠳᠤ᠂ ᠬᠢᠶ᠎ᠠ ᠪᠠᠯᠭᠠᠰᠤᠨ ᠤ ᠦᠳᠡᠰᠢ ᠬᠦᠷ ᠬᠦᠭᠵᠢᠶᠡᠨ ᠢᠶᠠᠷ ᠪᠢᠯᠬᠠᠵᠤ ᠵᠤᠭᠠᠴᠠᠭᠰᠠᠳ ᠡ᠊ᠨᠳᠡᠬᠢ ᠶᠢᠨ ᠠᠮᠲᠠᠲᠤ ᠢᠳᠡᠭᠡᠨ᠂ ᠭᠤᠶᠢᠳᠠ ᠦᠵᠡᠮᠵᠢ ᠪᠣᠯᠤᠨ ᠤᠷᠠᠨ ᠰᠠᠶᠢᠬᠠᠨ ᠤ ᠲᠣᠭᠯᠠᠯᠲᠠ ᠳᠤ ᠰᠤᠬᠲᠤᠭᠤᠷᠠᠵᠠᠭᠠᠨ᠎ᠠ᠃ ᠡᠨᠡ ᠬᠦ ᠬᠦᠷ ᠬᠦᠭᠵᠢᠶᠡᠨᠲᠤ ᠤᠯᠠᠷᠢᠯ ᠳᠤ ᠡᠵᠡᠩᠨᠡᠭᠴᠢᠳ ᠴᠤ ᠡᠵᠡᠩᠨᠡᠯᠲᠡ ᠶᠢᠨ ᠴᠠᠭ ᠢᠶᠠᠨ ᠠᠮᠢᠳᠤᠯᠢᠭ ᠢᠶᠠᠷ ᠲᠣᠬᠢᠷᠠᠭᠤᠯᠵᠤ᠂ ᠣᠯᠠᠨ ᠶᠠᠩᠵᠤ ᠶᠢᠨ ᠰᠥᠨᠢ ᠶᠢᠨ ᠬᠡᠷᠡᠭᠯᠡᠭᠡᠨ ᠤ ᠦᠶ᠋ᠯᠡᠳᠬᠦᠨ ᠢ ᠬᠠᠨᠭ᠍ᠭᠠᠯ᠎ᠠ᠃ ᠡᠯ᠎ᠡ ᠡᠳᠡᠬᠡᠳ ᠤᠨ ᠬᠢᠨ ᠠᠴᠠ ᠴᠤ ᠡᠯᠪᠡᠭ ᠪᠠᠶᠠᠯᠢᠭ ᠰᠣᠶᠣᠯ ᠤᠨ ᠠᠵᠢᠯᠯᠠᠭ᠎ᠠ ᠥᠷᠨᠢᠭᠦᠯᠵᠦ᠂ ᠬᠢᠶ᠎ᠠ ᠪᠠᠭᠰᠢ ᠲᠤᠭᠤᠷᠢᠭ ᠤᠨ ᠰᠥᠨᠢ ᠶᠢᠨ ᠵᠠᠬ᠎ᠠ ᠲᠡᠯᠭᠡᠭᠦᠷ ᠲᠤ ᠬᠦᠴᠦᠨ ᠨᠡᠮᠡᠷᠢᠯᠡᠪᠡ᠃          ᠤᠷᠠᠨ ᠰᠠᠶᠢᠬᠠᠨ ᠤ ᠲᠣᠭᠯᠠᠯᠲᠠ᠂ ︽ᠲᠠᠩᠰᠤᠭ ᠰᠠᠶᠢᠬᠠᠨ ᠬᠢᠶ᠎ᠠ ᠪᠠᠭᠰᠢ︾ ᠰᠣᠶᠣᠯ ᠤᠨ ᠴᠤᠭᠯᠠᠭ᠎ᠠ ᠮᠠᠶᠢᠮᠠᠢ᠂ ᠰᠢᠭᠤᠳ ᠨᠡᠪᠲᠡᠷᠡᠭᠦᠯᠬᠡ ᠪᠠᠷ ᠪᠠᠷᠠᠭ᠎ᠠ ᠪᠤᠷᠤᠯᠠᠭᠤᠯᠬᠤ᠂ ᠺᠢᠨᠣ᠋ ᠶᠢᠨ ᠦᠵᠡᠭᠦᠯᠭᠡ᠂ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠭᠡ ᠁ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠵᠢᠴᠢ ᠲᠠᠯ᠎ᠠ ᠨᠤᠲᠤᠭ ᠤᠨ ᠳᠠᠭᠤᠤ ᠬᠥᠭᠵᠢᠮ ᠠᠮᠲᠠᠲᠤ ᠢᠳᠡᠭᠡᠨ ᠤ ᠤᠯᠠᠷᠢᠯ ᠵᠢᠩᠬᠢᠨᠢ ᠪᠠᠷ ᠡᠬᠢᠯᠡᠵᠤ᠂ ᠬᠢᠶ᠎ᠠ ᠪᠠᠯᠭᠠᠰᠤᠨ ᠳᠤ ᠡᠳᠦᠷ ᠪᠦᠷᠢ ᠠᠳᠠᠯᠢ ᠪᠤᠰᠤ ᠭᠤᠤᠯ ᠰᠡᠳᠦᠪᠲᠦ ᠠᠵᠢᠯᠯᠠᠭ᠎ᠠ ᠶᠠᠪᠤᠭᠳᠠᠵᠤ᠂ ᠰᠦᠨᠢ ᠶᠢᠨ ᠵᠠᠬ᠎ᠠ ᠲᠡᠯᠭᠡᠭᠦᠷ ᠠᠮᠢᠵᠢᠷᠠᠯ ᠤᠨ ᠬᠦᠴᠤᠨ ᠪᠢᠯᠬᠠᠮ᠎ᠠ ᠪᠤᠯᠪᠠ᠃ ᠬᠢᠶ᠎ᠠ ᠪᠠᠭᠰᠢ ᠲᠤᠭᠤᠷᠢᠭ ᠲᠤ ᠪᠤᠯᠤᠬᠰᠠᠨ ︽ᠥᠪᠥᠷ ᠮᠣᠩᠭᠤᠯ ᠤᠨ ᠤᠬᠢ ᠠᠮᠲᠠ︾ ᠲᠠᠯ᠎ᠠ ᠨᠤᠲᠤᠭ ᠤᠨ ᠠᠮᠲᠠᠲᠤ ᠢᠳᠡᠭᠡᠨ ᠤ ᠴᠤᠬᠯᠠᠭᠠᠨ ᠨᠢ ᠤᠯᠠᠭᠠᠨᠬᠠᠳᠠ᠂ ᠬᠥᠬᠡᠬᠤᠲᠠ᠂ ᠠᠯᠠᠱᠠ᠂ ᠪᠠᠶᠠᠨᠨᠠᠭᠤᠷ᠂ ᠣᠷᠳᠣᠰ ᠵᠡᠷᠭᠡ ᠭᠠᠵᠠᠷ ᠤᠨ ᠣᠨᠴᠠᠯᠢᠭ ᠲᠠᠢ ᠠᠮᠲᠠᠲᠤ ᠢᠳᠡᠭᠡᠨ ᠢ ᠴᠤᠭᠯᠠᠭᠤᠯᠵᠤ᠂ ᠴᠠᠢ᠂ ᠴᠠᠭᠠᠨ ᠢᠳᠡᠭᠡ᠂ ᠤᠲᠤᠮᠠᠯ ᠲᠠᠬᠢᠶ᠎ᠠ᠂ ᠬᠠᠯᠠᠭᠤᠨ ᠲᠣᠭᠤᠭ᠎ᠠ ᠵᠡᠷᠭᠡ ᠠᠮᠲᠠᠲᠤ ᠢᠳᠡᠭᠡᠨ ᠨᠢ ᠵᠦᠭ ᠪᠦᠷᠢ ᠶᠢᠨ ᠵᠤᠭᠠᠴᠠᠬᠰᠠᠳ ᠤᠨ ᠠᠩᠬᠠᠷᠤᠯ ᠢ ᠲᠠᠲᠠᠯ᠎ᠠ᠃ ᠦᠳᠡᠰᠢ ᠪᠣᠯᠬᠤ ᠳᠤ᠂ ᠬᠤᠭᠤᠯᠠᠨ ᠤ ᠭᠠᠵᠠᠷ ᠵᠣᠴᠢᠳ ᠳᠦᠭᠦᠷᠲᠡᠯ᠎ᠡ ᠰᠠᠭᠤᠵᠤ᠂ ᠠᠮᠲᠠᠲᠤ ᠢᠳᠡᠭᠡᠨ ᠢ ᠠᠮᠲᠠᠯᠠᠵᠤ᠂ ᠡᠯ᠎ᠡ ᠲᠥᠷᠥᠯ ᠤᠨ ᠰᠣᠶᠣᠯ ᠤᠨ ᠲᠣᠭᠯᠠᠯᠲᠠ ᠶᠢ ᠰᠤᠨᠢᠷᠬᠠᠵᠠᠭᠠᠨ᠎ᠠ᠃ ᠤᠢᠢᠯᠠᠭᠠᠬᠰᠠᠨ ᠢᠶᠠᠷ᠂ ᠣᠶᠢᠷ᠎ᠠ ᠶᠢᠨ ᠡᠳᠦᠷ ᠤᠳ ᠤᠨ ᠬᠢᠶ᠎ᠠ ᠪᠠᠯᠭᠠᠰᠤᠨ ᠤ ᠵᠤᠴᠢᠳ ᠤᠨ ᠤᠷᠤᠰᠬᠠᠯ ᠨᠢᠳᠤᠨᠤᠨ ᠤ ᠠᠳᠠᠯᠢ ᠬᠤᠭᠤᠴᠠᠭᠠᠨ ᠠᠴᠠ ᠬᠤᠯᠠ ᠳᠠᠪᠠᠵᠠᠶ᠃          ᠮᠧᠩ ᠰᠢᠨ ᠠᠭᠤᠳᠠᠮ ᠲᠠᠯᠠᠪᠠᠢ ᠶᠢᠨ ᠬᠤᠳᠠᠯᠳᠤᠭᠠᠨ ᠤ ᠲᠣᠭᠤᠷᠢᠭ ᠲᠤ ᠬᠤᠳᠠᠯᠳᠤᠭᠠᠴᠢᠨ ᠤ ᠡᠵᠡᠩᠨᠡᠯᠲᠡ ᠶᠢᠨ ᠴᠠᠭ ᠨᠢ ᠤᠤᠯ ᠤᠨ 10 ᠴᠠᠭ ᠠᠴᠠ 22 ᠴᠠᠭ ᠪᠣᠯᠲᠠᠯ᠎ᠠ ᠪᠠᠶᠢᠬᠰᠠᠨ ᠢᠶᠠᠨ ᠤᠳᠤ 24 ᠴᠠᠭ ᠪᠤᠯᠭᠠᠨ ᠤᠷᠳᠤᠳᠬᠠᠵᠤ᠂ ᠴᠥᠭᠡᠨ ᠪᠤᠰᠤ ᠬᠤᠳᠠᠯᠳᠤᠭᠠᠴᠢᠨ ᠥᠷᠯᠥᠭᠡ ᠶᠢᠨ 2 ᠴᠠᠭ ᠪᠣᠯᠲᠠᠯ᠎ᠠ ᠡᠵᠡᠩᠨᠡᠬᠦ ᠪᠤᠯᠵᠤ᠂ ᠬᠦᠮᠦᠰ ᠤᠨ ᠰᠥᠨᠢ ᠶᠢᠨ ᠬᠡᠷᠡᠭᠯᠡᠭᠡᠨ ᠤ ᠬᠡᠷᠡᠭᠴᠡᠭᠡ ᠶᠢ ᠬᠠᠨᠭ᠍ᠭᠠᠪᠠ᠃ ᠬᠤᠳᠠᠯᠳᠤᠭᠠᠴᠢᠳ ᠤᠨ ᠡᠵᠡᠩᠨᠡᠯᠲᠡ ᠶᠢᠨ ᠴᠠᠭ ᠢ ᠤᠷᠲᠤᠳᠬᠠᠵᠤ᠂ ᠮᠧᠩ ᠰᠢᠨ ᠠᠭᠤᠳᠠᠮ ᠲᠠᠯᠠᠪᠠᠢ ᠶᠢᠨ ᠰᠥᠨᠢ ᠶᠢᠨ ᠵᠠᠬ᠎ᠠ ᠳᠡᠯᠭᠡᠭᠦᠷ ᠤᠨ ᠨᠡᠭᠡᠭᠡᠯᠲᠡ ᠨᠢ ᠶᠡᠭᠡ ᠬᠡᠮᠵᠢᠶᠡᠨ ᠤ ᠵᠤᠴᠢᠳ ᠤᠨ ᠤᠷᠤᠰᠬᠠᠯ ᠢ ᠲᠠᠲᠠᠵᠠᠢ᠃ ᠰᠥᠨᠢ ᠶᠢᠨ ᠵᠠᠬ᠎ᠠ ᠳᠡᠯᠭᠡᠭᠦᠷ ᠳᠡᠭᠡᠷ᠎ᠡ ᠡᠯ᠎ᠡ ᠲᠥᠷᠥᠯ ᠤᠨ ᠠᠮᠲᠠᠲᠤ ᠢᠳᠡᠭᠡᠨ ᠢᠶᠠᠷ ᠲᠦᠭᠦᠷᠴᠤ᠂ ᠪᠠᠷᠤᠭ ᠳᠡᠯᠭᠡᠭᠦᠷ ᠪᠦᠷᠢ ᠶᠢᠨ ᠡᠮᠦᠨ᠎ᠡ ᠵᠣᠴᠢᠳ ᠮᠥᠷᠯᠡᠨ᠎ᠡ᠃ ᠬᠤᠳᠠᠯᠳᠤᠭᠠᠴᠢᠨ ᠤ ᠤᠷᠤᠯᠭ᠎ᠠ ᠴᠤ ᠢᠯᠡᠳᠳᠡ ᠨᠡᠮᠡᠭᠳᠡᠵᠤ᠂ ᠰᠥᠨᠢ ᠶᠢᠨ ᠵᠠᠬ᠎ᠠ ᠳᠡᠯᠭᠡᠭᠦᠷ ᠬᠥᠭᠵᠢᠶᠡᠨ ᠲᠠᠢ ᠪᠠᠶᠢᠵᠤ᠂ ᠮᠧᠩ ᠰᠢᠨ ᠠᠭᠤᠳᠠᠮ ᠲᠠᠯᠠᠪᠠᠢ ᠶᠢᠨ ᠵᠤᠴᠢᠳ ᠤᠨ ᠤᠷᠤᠰᠬᠠᠯ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠲᠡᠩᠴᠡᠭᠰᠡᠨ ᠪᠠᠶᠢᠨ᠎ᠠ᠃          ᠬᠢᠶ᠎ᠠ ᠪᠠᠭᠰᠢ ᠲᠤᠭᠤᠷᠢᠭ ᠤᠨ ᠸᠧᠨ ᠯᠠᠨ ᠶᠠ ᠵᠦ ᠰᠠᠭᠤᠭᠠᠯᠢ ᠲᠤᠭᠤᠷᠢᠭ ᠤᠨ ᠤᠷᠴᠢᠮ ᠤᠨ ᠬᠤᠳᠠᠯᠳᠤᠭᠠᠴᠢᠳ ᠴᠤ ᠨᠤᠭᠤᠯᠤᠭ᠎ᠠ ᠬᠢᠵᠦ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠦᠷᠨᠢᠭᠦᠯᠪᠡ᠃ ᠰᠤᠷᠪᠤᠯᠵᠢᠯᠠᠬᠴᠢ ᠶᠢᠨ ᠣᠯᠠᠨ ᠡᠳᠦᠷ ᠤᠨ ᠠᠵᠢᠬᠯᠠᠯᠲᠠ ᠪᠠᠷ ᠰᠥᠨᠢ ᠪᠣᠯᠬᠤ ᠪᠦᠷᠢ ᠡ᠊ᠨᠳᠡᠬᠢ ᠶᠢᠨ ᠬᠠᠯᠠᠭᠤᠨ ᠲᠣᠭᠤᠭᠠᠨ ᠤ ᠳᠡᠯᠭᠡᠭᠦᠷ᠂ ᠰᠢᠷᠠᠮᠠᠯ ᠢᠳᠡᠭᠡᠨ ᠤ ᠳᠡᠯᠭᠡᠭᠦᠷ ᠲᠤ ᠵᠤᠴᠢᠳ ᠳᠦᠭᠦᠷᠴᠦ᠂ ᠣᠯᠠᠨ ᠳᠡᠯᠭᠡᠭᠦᠷ ᠨᠢ ᠮᠥᠷᠯᠡᠨ ᠬᠦᠯᠢᠶᠡᠬᠦ ᠪᠠᠶᠢᠳᠠᠯ ᠲᠠᠢ ᠪᠠᠶᠢᠪᠠ᠃ ᠡ᠊ᠨᠳᠡᠬᠢ ᠶᠢᠨ ᠬᠠᠯᠠᠭᠤᠨ ᠲᠣᠭᠤᠭᠠᠨ ᠤ ᠳᠡᠯᠭᠡᠭᠦᠷ ᠤᠨ ᠨᠢᠭᠡᠨ ᠠᠵᠢᠯᠲᠠᠨ ᠠᠴᠠ᠄ ︽ᠪᠢᠳᠡ ᠬᠠᠮᠤᠭ ᠲᠡᠷᠢᠭᠦᠨ ᠳᠤ ᠦᠨ᠎ᠡ ᠪᠠᠭᠤᠷᠠᠭᠤᠯᠬᠤ ᠪᠠ ᠬᠠᠮᠢᠶ᠎ᠠ ᠪᠦᠬᠦᠢ ᠪᠣᠷᠣᠯᠠᠭᠤᠯᠭ᠎ᠠ ᠠᠬᠢᠭᠤᠯᠬᠤ ᠠᠵᠢᠯᠯᠠᠭ᠎ᠠ ᠦᠷᠨᠢᠭᠦᠯᠵᠤ᠂ ᠣᠷᠣᠢ ᠶᠢᠨ ᠮᠠᠶᠢᠮᠠᠢ ᠲᠤᠩ ᠰᠠᠶᠢᠨ ᠪᠤᠯᠤᠯ᠎ᠠ︾ ᠭᠡᠵᠦ ᠬᠡᠯᠡᠪᠡ᠃          ᠡᠭᠦᠨ ᠠᠴᠠ ᠭᠠᠳᠠᠨ᠎ᠠ᠂ ᠬᠤ᠋ ᠨᠧᠩ ᠠᠭᠤᠳᠠᠮ ᠲᠠᠯᠠᠪᠠᠢ ᠶᠢᠨ ᠬᠤᠳᠠᠯᠳᠤᠭᠠᠨ ᠤ ᠲᠣᠭᠤᠷᠢᠭ ᠤᠨ ᠢᠳᠡᠭᠡᠨ ᠤᠮᠳᠠᠭᠠᠨ ᠤ ᠳᠡᠯᠭᠡᠭᠦᠷ᠂ ᠺᠢᠨᠣ᠋ ᠶᠢᠨ ᠣᠷᠳᠣᠨ᠂ ᠬᠡᠲᠦ ᠳᠡᠯᠭᠡᠭᠦᠷ ᠨᠢ ᠵᠠᠯᠠᠭᠤᠴᠤᠳ ᠲᠤ ᠵᠤᠷᠢᠭᠤᠯᠤᠬᠰᠠᠨ᠂ ᠴᠢᠨᠠᠷᠵᠢᠭᠰᠠᠨ᠂ ᠥᠪᠡᠷᠮᠢᠴᠡ ᠣᠨᠴᠠᠯᠢᠭ ᠲᠠᠢ ᠰᠥᠨᠢ ᠶᠢᠨ ᠬᠡᠷᠡᠭᠯᠡᠭᠡᠨ ᠤ ᠦᠢᠯᠡᠳᠭᠦᠨ ᠤ ᠨᠡᠷᠡᠲᠦ ᠲᠡᠮᠳᠡᠭ ᠢ ᠡᠷᠴᠢᠮ ᠲᠠᠢ ᠡᠭᠦᠳᠴᠤ ᠡᠬᠢᠯᠡᠭᠰᠡᠨ ᠪᠠᠶᠢᠨ᠎ᠠ᠃ ᠺᠠᠩ ᠾᠧ ᠶᠢᠦ ᠫᠢᠨ ᠬᠡᠲᠦ ᠳᠡᠯᠭᠡᠭᠦᠷ ᠨᠢ ᠦᠳᠡᠰᠢ ᠳᠡᠯᠭᠡᠭᠦᠷ ᠢᠶᠠᠨ ᠬᠠᠭᠠᠬᠤ ᠦᠶ᠎ᠡ ᠬᠦᠷᠬᠦ ᠳᠤ ᠴᠤ ᠮᠥᠨ ᠴᠥᠭᠡᠨ ᠪᠤᠰᠤ ᠵᠣᠴᠢᠳ ᠴᠤᠬᠯᠠᠷᠠᠵᠤ ᠪᠠᠶᠢᠬᠤ ᠪᠣᠯᠬᠤᠷ ᠠᠵᠢᠯᠲᠠᠳ ᠮᠦᠨ ᠯᠠ ᠲᠣᠭᠠᠴᠠᠭ᠎ᠠ ᠬᠢᠵᠤ ᠶᠠᠭᠠᠷᠠᠵᠠᠭᠠᠨ᠎ᠠ᠃ ᠡᠯ᠎ᠡ ᠲᠥᠷᠥᠯ ᠤᠨ ᠠᠮᠲᠠᠲᠤ ᠢᠳᠡᠭᠡᠨ ᠤ ᠬᠤᠳᠠᠯᠳᠤᠭᠠᠴᠢᠨ ᠴᠤ ᠣᠷᠣᠢ ᠶᠢᠨ 10 ᠴᠠᠭ ᠪᠣᠯᠲᠠᠯ᠎ᠠ ᠡᠵᠡᠩᠨᠡᠵᠦ᠂ ︽ᠵᠣᠴᠢᠨ ᠲᠠᠢ ᠪᠣᠯ ᠪᠢᠳᠡ ᠡᠭᠦᠳᠡ ᠪᠠᠨ ᠬᠠᠭᠠᠬᠤ ᠥᠬᠡᠶ᠂ ᠵᠣᠴᠢᠨ ᠢ ᠰᠢᠪᠠᠳᠠᠬᠤ ᠥᠬᠡᠶ︾ ᠬᠡᠵᠤ ᠺᠠᠨᠭ᠌ ᠾᠧ ᠷᠧᠨ ᠵᠢᠶᠠ ᠶᠢᠨ ᠬᠠᠷᠢᠭᠤᠴᠠᠯᠭᠠᠳᠠᠨ ᠰᠤᠷᠪᠤᠯᠵᠢᠯᠬᠠᠴᠢ ᠳᠤ ᠬᠡᠯᠡᠯ᠎ᠡ᠃          ᠬᠢᠶ᠎ᠠ ᠪᠠᠭᠰᠢ ᠲᠤᠭᠤᠷᠢᠭ ᠨᠢ ︽ᠢᠳᠡᠭᠡᠨ ᠤᠮᠳᠠᠭᠠᠨ + ᠰᠣᠶᠣᠯ︾ ᠤᠨ ᠵᠠᠭᠪᠤᠷ ᠢᠶᠠᠷ ᠢᠳᠡᠭᠡᠨ ᠤᠮᠳᠠᠭᠠᠨ᠂ ᠵᠤᠭᠠᠴᠠᠯ᠂ ᠪᠤᠷᠤᠯᠠᠭᠤᠯᠭ᠎ᠠ᠂ ᠵᠤᠭ᠎ᠠ ᠴᠡᠩᠭᠡᠯ᠂ ᠦᠵᠡᠭᠦᠯᠭᠡ᠂ ᠲᠣᠭᠯᠠᠯᠲᠠ ᠵᠡᠷᠭᠡ ᠣᠯᠠᠨ ᠡᠰᠢᠲᠦ ᠬᠡᠷᠡᠭᠯᠡᠭᠡᠨ ᠤ ᠵᠠᠬ᠎ᠠ ᠲᠡᠯᠭᠡᠭᠦᠷ ᠢ ᠨᠡᠬᠡᠬᠡᠵᠤ᠂ ︽ᠰᠥᠨᠢ ᠶᠢᠨ ᠵᠠᠬ᠎ᠠ ᠲᠡᠯᠭᠡᠭᠦᠷ︾ ᠨᠢ ᠠᠳᠠᠯᠢ ᠪᠤᠰᠤ ᠳᠡᠰ ᠳᠠᠪᠬᠤᠷᠭ᠎ᠠ ᠶᠢᠨ ᠬᠡᠷᠡᠭᠯᠡᠭᠡ ᠶᠢ ᠬᠠᠩᠭᠠᠵᠤ᠂ ᠠᠵᠢᠯ ᠣᠯᠭᠤᠯᠲᠠ ᠪᠠ ᠦᠶ᠋ᠯᠡᠰ ᠪᠣᠰᠬᠠᠬᠤ ᠶᠢ ᠳᠠᠶᠢᠴᠢᠯᠠᠵᠤ᠂ ᠤᠷᠤᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠵᠡᠶ᠃
ᠢᠷᠡᠯᠲᠡ᠄ ᠤᠷᠳᠤᠰ ᠮᠤᠩᠭᠤᠯ ᠰᠦᠯᠵᠢᠶ᠎ᠡ