8 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠠ ᠺᠦᠶ ᠨᠠᠷ ᠬᠢᠶ᠎ᠠ ᠪᠠᠭᠰᠢ | ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠼᠤᠤ ᠶᠢᠨ ᠰᠢᠨ ᠪᠠᠷᠠᠭᠠᠳᠠᠪᠠ᠃ | | | | ᠮᠠ ᠺᠦᠢ ᠨᠡᠷ ᠺᠠᠩ ᠵᠧᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠣᠮᠣ ᠵᠠᠬ᠎ᠠ ᠶᠢ ᠪᠠᠶᠢᠴᠠᠭᠠᠨ | ᠦᠵᠡᠵᠦ᠂ ᠬᠠᠮᠢᠶ᠎ᠠ ᠪᠥᠬᠦᠶ ᠲᠠᠨᠢᠯᠴᠠᠭᠤᠯᠭ᠎ᠠ ᠶᠢ ᠬᠢᠨᠠᠮᠠᠭᠠᠶ ᠰᠣᠨᠣᠰᠴᠤ᠂ ᠬᠢᠶ᠎ᠠ ᠪᠠᠭᠰᠢ ᠲᠣᠭᠤᠷᠢᠭ ᠤᠨ ᠰᠢᠨᠵᠢᠯᠡᠭᠡ | ᠮᠡᠷᠭᠡᠵᠢᠯ ᠤᠨ ᠨᠡᠶᠢᠬᠡᠮᠯᠢᠭ ᠤᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ | ᠮᠠ ᠺᠦᠶ ᠬᠢᠶ᠎ᠠ ᠪᠠᠭᠰᠢ ᠲᠣᠭᠤᠷᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ | ᠥᠷᠨᠢᠭᠦᠯᠦᠭᠰᠡᠨ ᠪᠠᠶᠢᠳᠠᠯ ᠢ ᠳᠡᠭᠡᠳᠦ ᠬᠡᠮᠵᠢᠶ᠎ᠡ ᠪᠠᠷ ᠨᠤᠲᠠᠯᠠᠪᠠ᠃ ᠲᠡᠷᠡ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠤᠨ ᠡᠯ᠎ᠡ ᠵᠦᠢᠯ ᠤᠨ ᠠᠵᠢᠯ ᠢ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠭᠤᠤᠯ ᠠᠵᠢᠯ ᠲᠠᠢ ᠤᠶᠠᠯᠳᠤᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠲᠠᠢ ᠣᠶᠢᠷᠡᠳᠬᠤ ᠰᠢᠨᠵᠢᠯᠡᠬᠦ | ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠥᠯᠵᠦ᠂ ᠥᠷᠭᠡᠨ ᠣᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠨᠠᠩ ᠰᠠᠶᠢᠨ ᠦᠢᠯᠡᠴᠢᠯᠡᠭᠦ ᠬᠡᠷᠡᠭᠳᠡᠢ᠃ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠲᠥᠬᠦᠭᠡᠷᠦᠮᠵᠢ ᠪᠣᠯᠤᠨ ᠨᠥᠬᠦᠴᠡᠯ ᠢ ᠠᠯᠬᠤᠮ ᠳᠠᠷᠠᠭᠠᠯᠠᠨ ᠲᠡᠭᠦᠯᠳᠡᠷᠵᠢᠭᠦᠯᠵᠦ᠂ ᠭᠠᠵᠠᠷ | ᠣᠷᠣᠨ ᠤ ᠣᠨᠴᠠᠯᠢᠭ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠰᠣᠶᠣᠯ ᠢ ᠳᠡᠯᠭᠡᠷᠡᠭᠦᠯᠦᠨ | ᠤᠯᠠᠮᠵᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ | ᠳᠡᠭᠡᠭᠰᠢᠯᠡᠭᠦᠯᠭᠦ ᠬᠡᠷᠡᠭᠳᠡᠢ ᠭᠡᠵᠦ ᠴᠢᠬᠤᠯᠠᠴᠢᠯᠠᠪᠠ᠃ |