ᠰᠢᠨᠬᠤᠸᠠ ᠬᠤᠷᠢᠶᠠᠨ ᠤ ᠮᠡᠳᠡᠭᠡᠯᠡᠭᠰᠡᠨ ᠢᠶᠠᠷ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ | ᠲᠦᠷᠦᠭᠦᠬᠡᠨ ︽ᠡᠮ ᠡᠮᠴᠢᠯᠡᠭᠡᠨ ᠤ ᠦᠨᠳᠦᠰᠦᠨ ᠳᠠᠭᠠᠳᠬᠠᠯ ᠤᠨ ᠡᠮ ᠬᠡᠷᠡᠭᠯᠡᠬᠦ ᠲᠤᠬᠠᠢ ᠬᠠᠮᠢᠶᠠᠷᠤᠯᠳᠠ ᠶᠢᠨ ᠲᠦᠷ | ᠬᠡᠷᠡᠭᠵᠢᠭᠦᠯᠬᠦ ᠠᠷᠭ᠎ᠠ︾ ᠶᠢ ᠨᠡᠶᠢᠳᠡᠯᠡᠵᠤ᠂ ᠭᠤᠤᠯᠳᠠᠭᠤ ᠰᠢᠮ᠎ᠠ ᠲᠡᠵᠢᠭᠡᠯ ᠨᠦᠬᠦᠪᠦᠷᠢᠯᠡᠬᠦ ᠦᠢᠯᠡᠳᠦᠯ ᠲᠠᠢ ᠡᠮ ᠤᠨ | ᠵᠦᠢᠯ᠂ ᠡᠷᠡᠭᠦᠯᠵᠢᠯ ᠤᠨ ᠡᠮ ᠤᠨ ᠵᠦᠢᠯ ᠵᠡᠷᠭᠡ ᠨᠠᠢᠮᠠᠨ ᠲᠦᠷᠦᠯ ᠤᠨ ᠡᠮ ᠢ ︽ᠡᠮ ᠡᠮᠴᠢᠯᠡᠭᠡᠨ ᠤ ᠦᠨᠳᠦᠰᠦᠨ | ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ︾ ᠠᠴᠠ ᠭᠠᠷᠭᠠᠨ᠎ᠠ ᠭᠡᠵᠤ ᠳᠤᠳᠤᠷᠬᠠᠢᠢᠯᠠᠪᠠ᠃ ᠲᠤᠰ ᠲᠦᠷ | ᠬᠡᠷᠡᠭᠵᠢᠭᠦᠯᠬᠦ ᠠᠷᠭ᠎ᠠ ᠶᠢ 2020 ᠤᠨ ᠤ 9 ᠰᠠᠷ᠎ᠠ ᠶᠢᠨ 1 ᠤ ᠡᠳᠦᠷ ᠡᠬᠢᠯᠡᠵᠤ ᠬᠡᠷᠡᠭᠵᠢᠭᠦᠯᠦᠨ᠎ᠠ᠃ | ᠲᠤᠰ ᠲᠦᠷ ᠬᠡᠷᠡᠭᠵᠢᠭᠦᠯᠬᠦ ᠠᠷᠭ᠎ᠠ ᠳᠤ ᠳᠤᠳᠤᠷᠬᠠᠢᠢᠯᠠᠭᠰᠠᠨ ᠨᠠᠢᠮᠠᠨ ᠲᠦᠷᠦᠯ ᠤᠨ ᠡᠮ ᠪᠤᠯ᠄ | ᠭᠤᠤᠯᠳᠠᠭᠤ ᠰᠢᠮ᠎ᠠ ᠲᠡᠵᠢᠭᠡᠯ ᠨᠦᠬᠦᠪᠦᠷᠢᠯᠡᠬᠦ ᠦᠢᠯᠡᠳᠦᠯ ᠲᠠᠢ ᠡᠮ ᠤᠨ ᠵᠦᠢᠯ︔ ᠤᠯᠤᠰ ᠤᠨ ᠬᠤᠪᠤᠷ ᠨᠠᠨᠳᠢᠨ | ᠪᠤᠶᠤ ᠤᠰᠠᠳᠬᠤ ᠠᠶᠤᠯ ᠲᠠᠢ ᠪᠤᠯᠤᠭᠰᠠᠨ ᠬᠡᠭᠡᠷ᠎ᠠ ᠶᠢᠨ ᠠᠮᠢᠳᠠᠨ ᠤᠷᠭᠤᠮᠠᠯ ᠢᠶᠠᠷ ᠮᠠᠲ᠋ᠧᠷᠢᠶᠠᠯ ᠪᠤᠯᠭᠠᠭᠰᠠᠨ | ᠡᠮ ᠤᠨ ᠵᠦᠢᠯ︔ ᠡᠷᠡᠭᠦᠯᠵᠢᠯ ᠤᠨ ᠡᠮ ᠤᠨ ᠵᠦᠢᠯ︔ ᠰᠡᠷᠭᠡᠶᠢᠯᠡᠬᠦ ᠴᠢᠨᠠᠷᠳᠠᠢ ᠸᠠᠺᠼᠢᠨ ᠪᠠ ᠵᠢᠷᠮᠦᠰᠦᠯᠡᠬᠦ ᠶᠢ | ᠰᠡᠷᠭᠡᠶᠢᠯᠡᠬᠦ ᠡᠮ ᠤᠨ ᠵᠦᠢᠯ︔ ᠭᠤᠤᠯᠳᠠᠭᠤ ᠪᠡᠯᠭᠡ ᠶᠢᠨ ᠴᠢᠳᠠᠪᠤᠷᠢ ᠶᠢ ᠰᠠᠶᠢᠵᠢᠷᠠᠭᠤᠯᠬᠤ᠂ ᠬᠡᠵᠢᠭᠡ ᠤᠨᠠᠬᠤ ᠶᠢ | ᠵᠠᠰᠠᠬᠤ᠂ ᠮᠠᠷᠢᠶ᠎ᠠ ᠰᠢᠭᠤᠷᠠᠭᠤᠯᠬᠤ᠂ ᠵᠢᠰᠦ ᠭᠤᠶᠤᠯᠠᠬᠤ᠂ ᠠᠷᠢᠬᠢ ᠳᠠᠮᠠᠬᠢ ᠶᠢ ᠵᠤᠭᠰᠤᠭᠠᠬᠤ ᠵᠡᠷᠭᠡ ᠦᠢᠯᠡᠳᠦᠯ ᠲᠠᠢ | ᠡᠮ ᠤᠨ ᠵᠦᠢᠯ︔ ᠤᠨᠤᠰᠢᠯᠠᠨ ᠡᠮᠨᠡᠬᠦ ᠲᠦᠷᠦᠯ ᠵᠦᠢᠯ ᠳᠤ ᠤᠷᠤᠭᠤᠯᠤᠭᠰᠠᠨ ᠵᠡᠷᠭᠡ ᠰᠢᠯᠳᠠᠭᠠᠨ ᠠᠴᠠ ᠪᠤᠯᠵᠤ | ᠠᠰ ᠲᠤᠨᠢ ᠰᠦᠢᠳᠭᠡᠯ ᠬᠤᠷᠢᠶᠠᠬᠤ ᠶᠢᠨ ᠠᠷᠭ᠎ᠠ ᠦᠭᠡᠢ ᠡᠮ ᠤᠨ ᠵᠦᠢᠯ︔ ᠠᠷᠢᠬᠢᠨ ᠤ ᠨᠠᠶᠢᠷᠠᠯᠭ᠎ᠠ ᠲᠠᠢ᠂ | ᠴᠠᠢ ᠶᠢᠨ ᠨᠠᠶᠢᠷᠠᠯᠭ᠎ᠠ ᠲᠠᠢ᠂ ᠡᠯ᠎ᠠ ᠲᠦᠷᠦᠯ ᠤᠨ ᠵᠢᠮᠢᠰ ᠤᠨ ᠨᠠᠶᠢᠷᠠᠯᠭ᠎ᠠ ᠲᠠᠢ ︵ᠤᠨᠴᠠᠭᠠᠢ ᠪᠠᠶᠢᠳᠠᠯ ᠳᠤᠤᠷᠠᠬᠢ | ᠬᠡᠤᠬᠡᠳ ᠲᠤ ᠬᠡᠷᠡᠭᠯᠡᠬᠦ ᠡᠮ ᠢ ᠪᠠᠭᠳᠠᠭᠠᠬᠤ ᠦᠭᠡᠢ︶᠂ ᠬᠦᠯᠬᠦᠬᠦ ᠡᠮ ᠪᠤᠯᠤᠨ ᠬᠦᠭᠡᠰᠦᠷᠡᠭᠦ ᠡᠮ ︵ᠤᠨᠴᠠᠭᠠᠢ | ᠲᠤᠭᠳᠠᠭᠠᠭᠰᠠᠨ ᠪᠠᠶᠢᠳᠠᠯ ᠢ ᠪᠠᠭᠳᠠᠭᠠᠬᠤ ᠦᠭᠡᠢ︶︔ ᠡᠮ ᠡᠮᠴᠢᠯᠡᠭᠡᠨ ᠤ ᠦᠨᠳᠦᠰᠦᠨ ᠳᠠᠭᠠᠳᠬᠠᠯ ᠤᠨ ᠡᠮ | ᠬᠡᠷᠡᠭᠯᠡᠬᠦ ᠲᠤᠭᠳᠠᠭᠠᠯ ᠳᠤ ᠨᠡᠶᠢᠴᠡᠬᠦ ᠦᠭᠡᠢ ᠪᠤᠰᠤᠳ ᠡᠮ ᠤᠨ ᠵᠦᠢᠯ ᠵᠡᠷᠭᠡ ᠪᠤᠯᠤᠨ᠎ᠠ᠃ | ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ ᠶᠢᠨ ︽ᠨᠢᠭᠡᠳᠦᠭᠡᠷ ᠲᠤᠭᠠᠳᠤ ᠵᠠᠷᠯᠢᠭ︾ ᠢᠶᠠᠷ | ᠨᠡᠶᠢᠳᠡᠯᠡᠭᠳᠡᠭᠰᠡᠨ ︽ᠡᠮ ᠡᠮᠴᠢᠯᠡᠭᠡᠨ ᠤ ᠦᠨᠳᠦᠰᠦᠨ ᠳᠠᠭᠠᠳᠬᠠᠯ ᠤᠨ ᠡᠮ ᠬᠡᠷᠡᠭᠯᠡᠬᠦ ᠲᠤᠬᠠᠢ ᠬᠠᠮᠢᠶᠠᠷᠤᠯᠳᠠ ᠶᠢᠨ | ᠲᠦᠷ ᠬᠡᠷᠡᠭᠵᠢᠭᠦᠯᠬᠦ ᠠᠷᠭ᠎ᠠ︾ ᠨᠢ ᠢᠷᠡᠭᠡᠳᠦᠢ ᠶᠢᠨ ᠡᠮ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ | ᠲᠤᠬᠢᠷᠠᠭᠤᠯᠤᠯᠳᠠ ᠬᠢᠬᠦ ︽ᠵᠢᠷᠤᠮᠵᠢᠯ︾ ᠬᠡᠮᠡᠭᠳᠡᠵᠤ ᠪᠤᠢ᠃ ᠲᠦᠷ ᠬᠡᠷᠡᠭᠵᠢᠭᠦᠯᠬᠦ ᠠᠷᠭ᠎ᠠ ᠶᠢ ᠦᠨᠳᠦᠰᠦᠯᠡᠪᠡᠯ᠂ | ᠲᠦᠷᠦ ᠶᠢᠨ ᠶᠠᠪᠤᠳᠠᠯ ᠤᠨ ᠬᠤᠷᠢᠶᠠᠨ ᠤ ᠡᠮᠴᠢᠯᠡᠭᠡᠨ ᠤ ᠪᠠᠳᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ | ᠬᠦᠳᠡᠯᠦᠩᠭᠦᠢ ᠲᠤᠬᠢᠷᠠᠭᠤᠯᠤᠯᠳᠠ ᠬᠢᠬᠦ ᠲᠤᠭᠳᠠᠴᠠ ᠶᠢ ᠪᠠᠶᠢᠭᠤᠯᠤᠨ ᠪᠦᠷᠢᠨᠰᠢᠭᠦᠯᠵᠤ᠂ ᠵᠠᠷᠴᠢᠮ ᠳᠡᠭᠡᠷ᠎ᠠ ᠪᠠᠨ ᠵᠢᠯ | ᠪᠦᠷᠢ ᠨᠢᠭᠡ ᠤᠳᠠᠭ᠎ᠠ ᠲᠤᠬᠢᠷᠠᠭᠤᠯᠤᠯᠳᠠ ᠬᠢᠨ᠎ᠠ᠃ | ᠲᠦᠷ ᠬᠡᠷᠡᠭᠵᠢᠭᠦᠯᠬᠦ ᠠᠷᠭ᠎ᠠ ᠳᠤ᠂ ︽ᠡᠮ ᠡᠮᠴᠢᠯᠡᠭᠡᠨ ᠤ ᠦᠨᠳᠤᠰᠤᠨ ᠳᠠᠭᠠᠳᠬᠠᠯ ᠤᠨ ᠡᠮ ᠤᠨ | ᠵᠦᠢᠯ ᠤᠨ ᠭᠠᠷᠴᠠᠭ︾ ᠲᠠᠬᠢ ᠡᠮ ᠤᠨ ᠵᠦᠯ ᠨᠢ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠲᠤᠰᠬᠠᠢ | ᠮᠡᠷᠭᠡᠵᠢᠯᠳᠡᠨ ᠤ ᠬᠢᠨᠡᠨ ᠦᠨᠡᠯᠡᠯᠳᠡ ᠪᠠᠷ ᠳᠠᠮᠵᠢᠨ ᠭᠠᠷᠴᠠᠭ ᠠᠴᠠ ᠭᠠᠷᠭᠠᠨ᠎ᠠ᠄ ᠡᠮ ᠤᠨ ᠵᠦᠢᠯᠡᠰ ᠤᠨ ᠬᠢᠨᠠᠯᠳᠠ | ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠡᠮ ᠤᠨ ᠵᠦᠢᠯ ᠤᠨ ᠵᠦᠪᠰᠢᠶᠡᠷᠡᠯ ᠤᠨ ᠭᠡᠷᠡᠴᠢᠯᠡᠭᠡᠨ ᠤ ᠪᠢᠴᠢᠭ | ᠮᠠᠲ᠋ᠧᠷᠢᠶᠠᠯ ᠢ ᠨᠢ ᠬᠦᠴᠦᠨ ᠦᠭᠡᠢ ᠪᠤᠯᠭᠠᠭᠰᠠᠨ᠂ ᠬᠤᠷᠢᠶᠠᠨ ᠠᠪᠤᠭᠰᠠᠨ ᠪᠤᠶᠤ ᠳᠠᠩᠰᠠᠨ ᠠᠴᠠ ᠬᠠᠰᠤᠭᠰᠠᠨ︔ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠨᠠᠵᠠᠭᠠᠢ ᠲᠠᠩᠰᠡᠨ ᠳᠤ ᠤᠷᠤᠭᠤᠯᠤᠭᠰᠠᠨ︔ ᠡᠮᠴᠢᠯᠡᠭᠡᠨ ᠤ ᠦᠷᠳᠡᠭ᠂ | ᠨᠠᠵᠠᠭᠠᠢ ᠨᠦᠯᠦᠭᠡ᠂ ᠡᠮ ᠤᠨ ᠠᠵᠤ ᠠᠬᠤᠢ ᠶᠢᠨ ᠴᠢᠨᠠᠷ ᠵᠡᠷᠭᠡ ᠶᠢ ᠶᠡᠷᠦᠩᠬᠡᠶᠢᠯᠡᠨ ᠪᠤᠳᠤᠯᠬᠢᠯᠠᠵᠤ᠂ ᠠᠶᠤᠯ | ᠲᠦᠭᠰᠢᠭᠦᠷᠢ ᠨᠢ ᠦᠷ᠎ᠠ ᠠᠰᠢᠭ ᠠᠴᠠ ᠨᠢ ᠶᠡᠭᠡ ᠭᠡᠵᠦ ᠦᠨᠡᠯᠡᠭᠳᠡᠭᠰᠡᠨ︔ ᠬᠠᠭᠤᠷᠴᠤ ᠮᠡᠬᠡᠯᠡᠬᠦ ᠵᠡᠷᠭᠡ | ᠲᠤᠭᠳᠠᠭᠠᠯ ᠳᠤ ᠨᠡᠶᠢᠴᠡᠬᠦ ᠦᠭᠡᠢ ᠠᠷᠭ᠎ᠠ ᠪᠠᠷ ᠭᠠᠷᠴᠠᠭ ᠲᠤ ᠤᠷᠤᠭᠤᠯᠤᠭᠰᠠᠨ︔ ᠤᠯᠤᠰ ᠠᠴᠠ ᠲᠤᠭᠳᠠᠭᠠᠭᠰᠠᠨ | ᠭᠠᠷᠴᠠᠭ ᠠᠴᠠ ᠭᠠᠷᠭᠠᠬᠤ ᠴᠢᠬᠤᠯᠠᠳᠠᠢ ᠪᠤᠰᠤᠳ ᠪᠠᠶᠢᠳᠠᠯ ᠵᠡᠷᠭᠡ᠃ |