ᠤᠳᠤᠭ ᠤᠨ ᠡᠮᠤᠨᠠᠳᠤ ᠬᠤᠰᠢᠭᠤ ᠨᠡᠶᠢᠭᠡᠮ ᠤᠨ ᠪᠠᠳᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2020/9/4
         ᠡᠨᠡ ᠵᠢᠯ ᠠᠴᠠ ᠨᠠᠭᠠᠰᠢ᠂ ᠤᠳᠤᠭ ᠤᠨ ᠡᠮᠤᠨᠠᠳᠤ ᠬᠤᠰᠢᠭᠤ ︽ᠠᠷᠠᠳ ᠤᠨ ᠠᠮᠢᠳᠤᠷᠠᠯ ᠢ ᠯᠠᠪᠳᠠᠭᠤᠨ ᠪᠠᠳᠤᠳᠠᠢ ᠪᠠᠷ ᠪᠠᠳᠤᠯᠠᠬᠤ ᠪᠠ ᠰᠠᠶᠢᠵᠢᠷᠠᠭᠤᠯᠬᠤ︾ ᠬᠠᠷᠠᠯᠳᠠ ᠪᠠᠷ ᠨᠡᠶᠢᠭᠡᠮ ᠤᠨ ᠪᠠᠳᠤᠯᠠᠭ᠎ᠠ ᠪᠠᠷ ᠠᠷᠠᠳ ᠲᠤ ᠲᠦᠭᠦᠮ ᠦᠵᠡᠭᠦᠯᠭᠦ ᠦᠢᠯᠡᠴᠢᠯᠡᠭᠡ ᠶᠢᠨ ᠠᠷᠭ᠎ᠠ ᠪᠠᠷᠢᠯ ᠢ ᠤᠨᠤᠪᠴᠢᠳᠠᠢ ᠭᠡᠷᠡᠭᠵᠢᠭᠦᠯᠵᠤ᠂ ᠠᠷᠠᠳ ᠤᠨ ᠠᠮᠢᠳᠤᠷᠠᠯ ᠳᠤ ᠪᠠᠳᠤᠯᠠᠭ᠎ᠠ ᠤᠯᠭᠤᠵᠤ ᠪᠠᠶᠢᠨ᠎ᠠ᠃          ᠪᠦᠭᠦ ᠠᠷᠠᠳ ᠢᠶᠠᠷ ᠢᠶᠠᠨ ᠲᠠᠭᠠᠳᠬᠠᠯ ᠳᠤ ᠤᠷᠤᠯᠴᠠᠬᠤ ᠪᠠᠳᠤᠯᠠᠭ᠎ᠠ ᠲᠠᠢ ᠪᠤᠯᠪᠠ᠃ ᠡᠯᠧᠺᠲᠷᠤᠨ ᠲᠡᠯᠭᠡᠴᠡ᠂ ᠵᠢᠷᠭᠢᠶ ᠎ᠠ ᠵᠡᠷᠭᠡ ᠰᠢᠨ᠎ᠠ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠬᠯᠠᠨ ᠨᠡᠶᠢᠭᠡᠮ ᠤᠨ ᠲᠠᠭᠠᠳᠬᠠᠯ ᠤᠨ ᠲᠦᠷᠦ ᠶᠢᠨ ᠪᠤᠳᠤᠯᠭ᠎ᠠ ᠶᠢ ᠴᠠᠭ ᠲᠠᠷᠤᠢ ᠳᠤᠨᠢ ᠢᠯᠠ ᠨᠠᠶᠢᠳᠠᠯᠠᠵᠤ᠂ ᠶᠠᠳᠠᠭᠤ ᠶᠢ ᠲᠡᠳᠭᠦᠭᠦ ᠲᠦᠷᠦ ᠶᠢᠨ ᠪᠤᠳᠤᠯᠭ᠎ᠠ ᠶᠢ ᠤᠬᠠᠭᠤᠯᠬᠤ ᠤᠬᠤᠷ ᠮᠡᠳᠡᠭᠡ ᠶᠢ ᠨᠠᠶᠢᠷᠠᠭᠤᠯᠤᠨ ᠪᠦᠭᠦ ᠬᠤᠰᠢᠭᠤᠨ ᠤ ᠶᠠᠳᠠᠭᠤ ᠭᠦᠴᠢᠷᠳᠠᠯᠳᠠᠢ ᠡᠷᠦᠭᠡ ᠳᠤ ᠲᠠᠮᠵᠢᠭᠤᠯᠤᠨ ᠲᠠᠷᠬᠠᠭᠠᠬᠰᠠᠨ ᠪᠠᠶᠢᠨ᠎ᠠ᠃ ᠡᠭᠦᠨ ᠤ ᠬᠠᠮᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠰᠦᠢᠳᠭᠡᠯ ᠲᠤᠰᠢᠶᠠᠬᠤ ᠪᠠᠷᠢᠮᠵᠢᠶ᠎ᠠ ᠶᠢᠨ ᠲᠤᠬᠠᠢ ᠲᠤᠭᠠᠴᠠᠨ ᠪᠤᠳᠤᠵᠤ ᠨᠠᠷᠢᠨ ᠲᠤᠳᠤᠷᠬᠠᠢ ᠬᠠᠷᠢᠴᠠᠭᠤᠯᠤᠯ ᠭᠢᠵᠤ᠂ ᠭᠠᠴᠠᠭ᠎ᠠ ᠲᠤᠰᠬᠤᠨ ᠳᠤ ᠭᠦᠷᠴᠦ ᠡᠷᠦᠭᠡ ᠪᠠᠷ ᠭᠦᠨᠵᠡᠭᠡᠶᠢᠷᠠᠨ ᠲᠦᠷᠦ ᠶᠢᠨ ᠪᠤᠳᠤᠯᠭ᠎ᠠ ᠶᠢ ᠮᠠᠯᠴᠢᠨ ᠲᠠᠷᠢᠶᠠᠴᠢᠳ ᠲᠤ ᠲᠠᠶᠢᠯᠪᠤᠷᠢᠯᠠᠵᠠᠢ᠃ ᠢᠯᠠᠩᠭᠤᠶ᠎ᠠ ᠮᠠᠯᠵᠢᠬᠤ ᠲᠠᠷᠢᠶᠠᠯᠠᠬᠤ ᠤᠷᠤᠨ ᠤ ᠭᠠᠳᠠᠬᠰᠢ ᠭᠠᠷᠴᠦ ᠭᠦᠯᠦᠰᠦᠨ ᠠᠵᠢᠯ ᠭᠢᠵᠤ ᠪᠠᠶᠢᠭ᠎ᠠ ᠭᠦᠮᠦᠰ ᠲᠤ ᠠᠵᠢᠯ ᠠᠴᠠ ᠪᠤᠯᠵᠤ ᠭᠡᠮᠳᠦᠭᠰᠡᠨ ᠤ ᠲᠠᠷᠠᠭ᠎ᠠ ᠭᠡᠷᠭᠢᠨ ᠲᠠᠭᠠᠳᠬᠠᠯ ᠤᠨ ᠭᠠᠷ ᠭᠦᠢᠴᠡᠳᠭᠡᠯ ᠢ ᠭᠦᠢᠴᠡᠳᠭᠡᠭᠦ ᠲᠤᠬᠠᠢ ᠨᠠᠷᠢᠨ ᠲᠠᠶᠢᠯᠤᠮᠵᠢ ᠭᠢᠭᠰᠡᠨ ᠪᠠᠶᠢᠨ᠎ᠠ᠃ 7 ᠰᠠᠷ ᠎ᠠ ᠶᠢᠨ ᠰᠡᠭᠦᠯᠴᠢ ᠪᠤᠯᠳᠠᠯ᠎ᠠ ᠪᠦᠭᠦ ᠬᠤᠰᠢᠭᠤᠨ ᠤ ᠨᠡᠶᠢᠭᠡᠮ ᠤᠨ ᠲᠠᠭᠠᠳᠬᠠᠯ ᠳᠤ ᠤᠷᠤᠯᠴᠠᠬᠰᠠᠨ ᠭᠦᠮᠦᠨ ᠤ ᠲᠤᠭ᠎ᠠ ᠶᠡᠷᠦᠩᠭᠡᠢ ᠭᠦᠮᠦᠨ ᠠᠮᠠ ᠶᠢᠨ 66.3% ᠶᠢ ᠡᠵᠡᠯᠡᠪᠡ᠃          ᠨᠡᠶᠢᠭᠡᠮ ᠤᠨ ᠪᠠᠳᠤᠯᠠᠭ᠎ᠠ ᠪᠠᠷ ᠶᠠᠳᠠᠭᠤ ᠶᠢ ᠲᠡᠳᠭᠦᠭᠦ ᠶᠢ ᠪᠦᠷᠭᠦᠭᠦᠯᠪᠡ᠃ ᠤᠳᠤᠬᠠᠨ ᠳᠤ ᠭᠡᠷᠡᠭᠵᠢᠭᠦᠯᠵᠤ ᠪᠠᠶᠢᠭ᠎ᠠ ᠨᠡᠶᠢᠭᠡᠮ ᠤᠨ ᠲᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠦᠢᠯᠡᠳᠦᠯ ᠢ ᠪᠠᠳᠠᠷᠠᠭᠤᠯᠵᠤ᠂ ᠤᠨᠢᠨ ᠲᠡᠭᠡᠷ᠎ᠠ ᠨᠢ ᠶᠠᠳᠠᠭᠤ ᠶᠢ ᠲᠡᠳᠭᠦᠭᠦ ᠪᠠ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠲᠦᠷᠢᠮ ᠢ ᠬᠠᠷᠢᠯᠴᠠᠨ ᠠᠪᠴᠠᠯᠳᠤᠭᠤᠯᠵᠤ᠂ 2020 ᠤᠨ ᠳᠤ ᠪᠦᠭᠦ ᠬᠤᠰᠢᠭᠤᠨ ᠤ 918 ᠭᠦᠴᠢᠷᠳᠠᠯᠳᠠᠢ ᠭᠦᠮᠦᠰ ᠤᠨ ᠦᠨᠳᠦᠰᠦᠨ ᠨᠠᠰᠤᠵᠢᠯ ᠤᠨ ᠲᠠᠭᠠᠳᠬᠠᠯ ᠢ ᠤᠷᠤᠯᠠᠨ ᠲᠤᠰᠢᠶᠠᠬᠰᠠᠨ ᠲᠤᠭ᠎ᠠ 24 ᠲᠦᠮᠠᠨ ᠲᠦᠭᠦᠷᠢᠭ ᠲᠤ ᠭᠦᠷᠴᠦ᠂ ᠨᠦᠭᠦᠴᠡᠯ ᠳᠤ ᠨᠡᠶᠢᠴᠡᠭᠰᠡᠨ ᠶᠠᠳᠠᠭᠤ ᠭᠦᠴᠢᠷᠳᠠᠯᠳᠠᠢ ᠭᠦᠮᠦᠰ ᠤᠨ ᠨᠠᠰᠤᠵᠢᠯ ᠤᠨ ᠲᠠᠭᠠᠳᠬᠠᠯ ᠳᠤ ᠤᠷᠤᠯᠴᠠᠬᠤ ᠨᠤᠷᠮ᠎ᠠ ᠶᠢ ᠪᠦᠭᠦᠨ ᠢ ᠪᠦᠷᠭᠦᠭᠦᠯᠭᠦ᠂ ᠬᠠᠷᠠᠭᠠᠯᠵᠠᠯ ᠢ ᠪᠦᠭᠦᠨ ᠢ ᠭᠦᠷᠳᠡᠭᠡᠭᠦ ᠶᠢ ᠪᠡᠶᠡᠯᠡᠭᠦᠯᠵᠤ᠂ ᠶᠠᠳᠠᠭᠤ ᠭᠦᠴᠢᠷᠳᠠᠯᠳᠠᠢ ᠭᠦᠮᠦᠰ ᠤᠨ ᠠᠮᠢᠳᠤᠷᠠᠯ ᠤᠨ ᠭᠢᠷᠢ ᠲᠦᠪᠰᠢᠨ ᠢ ᠲᠡᠭᠡᠭᠰᠢᠯᠡᠭᠦᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠤ ᠭᠦᠴᠤᠨ ᠨᠡᠮᠠᠷᠢᠯᠠᠪᠠ᠃          ᠠᠵᠢᠯ ᠢᠶᠠᠨ ᠰᠡᠷᠭᠦᠭᠡᠨ ᠦᠢᠯᠡᠳᠪᠤᠷᠢᠯᠠᠯ ᠢᠶᠠᠨ ᠰᠡᠷᠭᠦᠭᠡᠭᠦ ᠶᠢ ᠠᠭᠢᠭᠤᠯᠪᠠ᠃ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠪᠠ ᠠᠵᠤ ᠠᠬᠤᠢ ᠨᠡᠶᠢᠭᠡᠮ ᠤᠨ ᠭᠦᠭᠵᠢᠯᠳᠠ ᠶᠢ ᠨᠢᠭᠡᠳᠤᠯᠳᠠᠢ ᠲᠦᠯᠦᠪᠵᠢᠭᠦᠯᠦᠨ ᠠᠭᠢᠭᠤᠯᠬᠤ ᠪᠠᠶᠢᠷᠢᠯᠠᠭᠤᠯᠤᠯᠳᠠ ᠶᠤᠰᠤᠭᠠᠷ᠂ ᠠᠵᠤ ᠠᠬᠤᠢᠢᠯᠠᠯ ᠳᠤ ᠬᠠᠷᠠᠭᠠᠯᠵᠠᠯ ᠦᠵᠡᠭᠦᠯᠭᠦ ᠲᠦᠷᠦ ᠶᠢᠨ ᠪᠤᠳᠤᠯᠭ᠎ᠠ ᠶᠢ ᠢᠳᠡᠪᠭᠢᠳᠠᠢ ᠨᠠᠶᠢᠳᠠᠪᠤᠷᠢᠵᠢᠭᠤᠯᠵᠤ᠂ ᠠᠵᠢᠯ ᠤᠯᠭᠤᠬᠤ ᠠᠷᠭ᠎ᠠ ᠪᠠᠷᠢᠯ ᠢ ᠲᠠᠰᠤᠷᠠᠯᠳᠠ ᠦᠭᠡᠢ ᠡᠷᠴᠢᠮᠵᠢᠭᠦᠯᠦᠨ᠂ ᠠᠵᠤ ᠠᠬᠤᠢᠢᠯᠠᠯ ᠳᠤ ᠦᠢᠯᠡᠴᠢᠯᠡᠭᠦ ᠲᠤᠬᠳᠠᠴᠠ ᠶᠢ ᠰᠢᠯᠢᠳᠡᠭᠵᠢᠭᠦᠯᠵᠤ᠂ ᠨᠡᠶᠢᠭᠡᠮ ᠤᠨ ᠲᠠᠭᠠᠳᠬᠠᠯ ᠤᠨ ᠰᠦᠢᠳᠭᠡᠯ ᠢ ᠱᠠᠳᠤᠴᠢ ᠴᠢᠨᠠᠷᠳᠠᠢ ᠪᠠᠷ ᠦᠭᠡᠶᠢᠰᠭᠡᠭᠦ ᠪᠤᠶᠤ ᠪᠠᠭᠤᠷᠠᠭᠤᠯᠬᠤ ᠠᠷᠭ᠎ᠠ ᠶᠢ ᠨᠠᠶᠢᠳᠠᠪᠤᠷᠢᠵᠢᠭᠤᠯᠤᠨ᠂ ᠲᠤᠮᠳᠠ ᠪᠠᠭ᠎ᠠ ᠵᠢᠵᠢᠭ ᠠᠵᠤ ᠠᠬᠤᠢᠢᠯᠠᠯ ᠢ ᠬᠠᠪᠰᠤᠷᠤᠨ ᠭᠦᠴᠢᠷᠳᠠᠯ ᠢ ᠬᠠᠮᠳᠤ ᠪᠠᠷ ᠲᠤᠭᠤᠯᠪᠠ᠃ 2020 ᠤᠨ ᠤ ᠲᠡᠭᠡᠷ᠎ᠠ ᠬᠠᠭᠠᠰ ᠵᠢᠯ ᠳᠤ᠂ ᠤᠳᠤᠭ ᠤᠨ ᠡᠮᠤᠨᠠᠳᠤ ᠬᠤᠰᠢᠭᠤᠨ ᠤ 157 ᠠᠵᠤ ᠠᠬᠤᠢᠢᠯᠠᠯ ᠤᠨ ᠨᠠᠰᠤᠵᠢᠯ ᠤᠨ ᠲᠠᠭᠠᠳᠬᠠᠯ ᠤᠨ ᠰᠦᠢᠳᠭᠡᠯ ᠢ ᠱᠠᠳᠤᠴᠢ ᠴᠢᠨᠠᠷᠳᠠᠢ ᠪᠠᠷ 1168 ᠲᠦᠮᠠᠨ ᠲᠦᠭᠦᠷᠢᠭ ᠦᠭᠡᠶᠢᠰᠭᠡᠭᠦ ᠪᠤᠶᠤ ᠪᠠᠭᠤᠷᠠᠭᠤᠯᠵᠤ᠂ ᠠᠵᠢᠯ ᠠᠴᠠ ᠪᠤᠯᠤᠬᠰᠠᠨ ᠡ᠊ᠨᠳᠡᠯ ᠭᠡᠷᠡᠭ ᠤᠨ ᠲᠠᠭᠠᠳᠬᠠᠯ ᠢ 45.8 ᠲᠦᠮᠠᠨ ᠲᠦᠭᠦᠷᠢᠭ ᠦᠭᠡᠶᠢᠰᠭᠡᠭᠦ ᠪᠤᠶᠤ ᠪᠠᠭᠤᠷᠠᠭᠤᠯᠵᠤ᠂ ᠵᠠᠷᠢᠮ ᠠᠵᠤ ᠠᠬᠤᠢᠢᠯᠠᠯ ᠤᠨ ᠠᠵᠢᠯ ᠢᠶᠠᠨ ᠰᠡᠷᠭᠦᠭᠡᠨ ᠦᠢᠯᠡᠳᠪᠤᠷᠢᠯᠠᠯ ᠢᠶᠠᠨ ᠰᠡᠷᠭᠦᠭᠡᠭᠦ ᠭᠦᠴᠢᠷᠳᠠᠯ᠂ ᠦᠢᠯᠡᠳᠪᠤᠷᠢᠯᠠᠯ ᠡᠵᠡᠩᠨᠡᠯᠳᠠ ᠶᠢᠨ ᠭᠦᠴᠢᠷᠳᠠᠯ ᠢ ᠪᠦᠳᠦᠮᠵᠢᠳᠠᠢ ᠰᠢᠢᠳᠪᠤᠷᠢᠯᠡᠭᠰᠡᠨ ᠪᠠᠶᠢᠨ᠎ᠠ᠃                                ︵ᠮᠠ ᠱᠦ ᠬᠤᠢ︶
ᠢᠷᠡᠯᠲᠡ᠄ ᠤᠷᠳᠤᠰ ᠮᠤᠩᠭᠤᠯ ᠰᠦᠯᠵᠢᠶ᠎ᠡ