ᠤᠯᠤᠰ ᠤᠨ ᠲᠡᠷᠢᠭᠦᠯᠡᠭᠴᠢ ᠰᠢ ᠶᠢᠨ ᠫᠢᠩ 2021 ᠣᠨ ᠤ ᠰᠢᠨ᠎ᠠ ᠵᠢᠯ ᠤᠨ ᠪᠠᠶᠠᠷ ᠤᠨ ᠦᠭᠡ ᠨᠡᠶᠢᠳᠡᠯᠡᠪᠡ
ᠨᠡᠶᠢᠲᠡᠯᠡᠭᠰᠡᠨ ᠴᠠᠭ᠄
2021/1/1
      ᠰᠢᠨ᠎ᠡ ᠵᠢᠯ ᠤᠨ ᠪᠤᠱᠤᠭᠠᠨ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠪᠤᠯᠤᠨ ᠢᠨᠲ᠋ᠧᠷ ᠰᠦᠯᠵᠢᠶ᠎ᠠ ᠪᠠᠷ ᠳᠠᠮᠵᠢᠭᠤᠯᠤᠨ᠂ 2021 ᠤᠨ ᠤ ᠰᠢᠨ᠎ᠠ ᠵᠢᠯ ᠤᠨ ᠪᠠᠶᠠᠷ ᠤᠨ ᠦᠭᠡ ᠨᠡᠶᠢᠳᠡᠯᠡᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ        ᠰᠢᠨ᠎ᠠ ᠵᠢᠯ ᠤᠨ ᠪᠤᠱᠤᠭᠠᠨ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠪᠤᠯᠤᠨ ᠢᠨᠲ᠋ᠧᠷ ᠰᠦᠯᠵᠢᠶ᠎ᠠ ᠪᠠᠷ ᠳᠠᠮᠵᠢᠭᠤᠯᠤᠨ᠂ 2021 ᠣᠨ ᠤ ᠰᠢᠨ᠎ᠠ ᠵᠢᠯ ᠤᠨ ᠪᠠᠶᠠᠷ ᠤᠨ ᠦᠭᠡ ᠨᠡᠶᠢᠳᠡᠯᠡᠪᠡ᠃ ᠪᠦᠬᠦ ᠠᠭᠤᠯᠭ᠎ᠠ ᠨᠢ ᠳᠤᠤᠷᠠᠬᠢ ᠮᠡᠳᠦ᠄        ᠲᠠ ᠨᠠᠷ ᠰᠠᠶᠢᠨ ᠪᠠᠶᠢᠨ᠎ᠠ ᠦᠦ︕ 2021 ᠣᠨ ᠤᠳᠠᠯ ᠦᠭᠡᠢ ᠬᠦᠷᠴᠦ ᠢᠷᠡᠬᠦ ᠪᠤᠯᠤᠯ᠎ᠠ᠂ ᠪᠢ ᠪᠡᠭᠡᠵᠢᠩ ᠠᠴᠠ ᠲᠠ ᠪᠦᠬᠦᠨ ᠳᠤ ᠰᠢᠨ᠎ᠠ ᠵᠢᠯ ᠤᠨ ᠰᠠᠶᠢᠨ ᠰᠠᠶᠢᠬᠠᠨ ᠬᠦᠰᠡᠯ ᠵᠦᠩᠨᠡᠯ ᠳᠡᠪᠰᠢᠭᠦᠯᠵᠤ ᠪᠠᠶᠢᠨ᠎ᠠ︕        2020 ᠣᠨ ᠪᠤᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠤᠯᠤᠨ᠎ᠠ᠃ ᠭᠡᠨᠡᠳᠳᠡ ᠪᠠᠷ ᠳᠠᠭᠠᠷᠢᠨ ᠢᠷᠡᠭᠰᠡᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠡᠮᠦᠨ᠎ᠠ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠪᠠᠷ ᠬᠦᠮᠦᠨ ᠤ ᠶᠢᠷᠳᠢᠨᠴᠤ ᠶᠢᠨ ᠠᠭᠤᠤ ᠬᠠᠶᠢᠷ᠎ᠠ ᠶᠢ ᠬᠠᠷᠠᠭᠤᠯᠵᠤ᠂ ᠲᠠᠶᠠᠭᠠᠷ ᠢᠶᠠᠨ ᠰᠡᠳᠭᠢᠯ ᠨᠢᠭᠡᠳᠴᠦ ᠬᠦᠴᠦ ᠪᠠᠨ ᠬᠠᠮᠳᠤᠳᠬᠠᠨ ᠴᠦᠬᠦᠷᠡᠰᠢ ᠦᠭᠡᠢ ᠴᠢᠷᠮᠠᠶᠢᠵᠤ᠂ ᠬᠢᠵᠢᠭ ᠲᠠᠢ ᠲᠡᠮᠡᠴᠡᠭᠰᠡᠨ ᠠᠭᠤᠤ ᠲᠤᠤᠯᠢᠰ ᠢ ᠪᠢᠴᠢᠭᠯᠡᠪᠡ᠃ ᠴᠠᠭ ᠤᠨ ᠪᠡᠷᠬᠡ ᠶᠢ ᠬᠠᠮᠳᠦ ᠪᠠᠷ ᠲᠤᠭᠤᠯᠤᠭᠰᠠᠨ ᠡᠳᠦᠷ ᠬᠤᠨᠤᠭ ᠤᠳ ᠲᠤ᠂ ᠬᠦᠴᠢᠷ ᠪᠡᠷᠬᠡ ᠶᠢ ᠰᠦᠷᠴᠤ ᠤᠷᠤᠭᠰᠢᠯᠠᠭᠰᠠᠨ ᠤᠮᠤᠭ ᠵᠤᠷᠢᠭ ᠪᠠᠶᠢᠭᠰᠠᠨ᠂ ᠨᠤᠭᠤᠷᠠᠰᠢ ᠦᠭᠡᠢ ᠲᠡᠮᠡᠴᠡᠭᠰᠡᠨ ᠪᠠᠷᠢᠮᠳᠠᠯᠠᠯ ᠪᠠᠶᠢᠭᠰᠠᠨ᠂ ᠵᠢᠷᠭᠠᠯ ᠵᠤᠪᠠᠯᠠᠩ ᠢᠶᠠᠨ ᠬᠠᠮᠳᠤᠳᠬᠠᠭᠰᠠᠨ ᠡᠭᠦᠷᠭᠡᠯᠡᠯ ᠪᠠᠶᠢᠭᠰᠠᠨ᠂ ᠦᠬᠦᠯ ᠠᠴᠠ ᠠᠶᠤᠬᠰᠠᠨ ᠦᠭᠡᠢ ᠦᠷᠡᠭᠳᠡᠯ ᠪᠠᠶᠢᠭᠰᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠳᠤᠭᠳᠤᠯᠤᠯ ᠴᠤ ᠪᠠᠶᠢᠭᠰᠠᠨ᠃ ᠡᠮᠴᠢ ᠰᠤᠪᠢᠯᠠᠬᠴᠢ ᠠᠴᠠ ᠠᠷᠠᠳ ᠤᠨ ᠴᠡᠷᠢᠭ ᠬᠦᠷᠳᠡᠯ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠠᠴᠠ ᠨᠡᠶᠢᠭᠡᠮ ᠲᠤᠭᠤᠷᠢᠭ ᠤᠨ ᠠᠵᠢᠯᠳᠠᠨ ᠬᠦᠷᠳᠡᠯ᠎ᠠ᠂ ᠰᠠᠶᠢᠨ ᠳᠤᠷᠠᠴᠤᠳ ᠠᠴᠠ ᠢᠨᠵᠧᠨᠧᠷᠢᠩ ᠤᠨ ᠪᠦᠲᠦᠭᠡᠨ ᠪᠠᠶᠢᠭᠤᠯᠤᠭᠴᠢ ᠬᠦᠷᠳᠡᠯ᠎ᠠ᠂ ᠦᠳᠡᠯᠦᠭᠡ ᠨᠠᠰᠤᠳᠠᠨ ᠠᠴᠠ ︽ᠶᠡᠷᠡᠨ ᠣᠨ ᠠᠴᠠ ᠰᠡᠭᠦᠯᠡᠷ ᠲᠦᠷᠦᠭᠰᠡᠨ︾᠂ ︽2000 ᠣᠨ ᠠᠴᠠ ᠰᠡᠭᠦᠯᠡᠷ ᠲᠦᠷᠦᠭᠰᠡᠨ︾ ᠵᠠᠯᠠᠭᠤᠴᠤᠳ ᠬᠦᠷᠳᠡᠯ᠎ᠠ᠂ ᠦᠶ ᠲᠦᠮᠡᠨ ᠬᠦᠮᠦᠨ ᠠᠮᠢ ᠨᠠᠰᠤ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠤ᠂ ᠬᠠᠯᠠᠭᠤᠨ ᠬᠠᠶᠢᠷ᠎ᠠ ᠪᠠᠷ ᠢᠶᠠᠨ ᠬᠦᠮᠦᠨ ᠠᠷᠠᠳ ᠢᠶᠠᠨ ᠬᠠᠮᠠᠭᠠᠯᠠᠵᠤ᠂ ᠬᠦᠴᠦ ᠬᠦᠴᠦ ᠪᠠᠨ ᠬᠠᠮᠳᠤᠳᠬᠠᠨ ᠠᠤᠭ᠎ᠠ ᠬᠦᠴᠦᠨ ᠢ ᠨᠢᠭᠳᠠᠷᠠᠭᠤᠯᠵᠤ᠂ ᠠᠮᠢ ᠨᠠᠰᠤ ᠶᠢ ᠬᠠᠮᠠᠭᠠᠯᠠᠬᠤ ᠪᠤᠯᠤᠳ ᠬᠡᠷᠡᠮ ᠲᠡᠮᠦᠷ ᠬᠠᠨ᠎ᠠ ᠶᠢ ᠴᠤᠭᠴᠠᠯᠠᠪᠠ᠃ ᠡᠷᠡᠭᠡᠯᠵᠡᠯ ᠦᠭᠡᠢ ᠤᠷᠤᠭᠰᠢ ᠵᠢᠳᠭᠦᠵᠤ ᠪᠠᠶᠢᠭᠰᠠᠨ ᠳᠡᠳᠡᠭᠡᠷ ᠬᠦᠮᠦᠰ᠂ ᠬᠠᠯᠠᠭᠤᠨ ᠭᠠᠷ ᠢᠶᠠᠨ ᠰᠤᠩᠭᠠᠵᠤ ᠬᠠᠷᠢᠯᠴᠠᠨ ᠲᠤᠰᠠᠯᠠᠵᠤ ᠪᠠᠶᠢᠭᠰᠠᠨ ᠬᠠᠶᠢᠷ᠎ᠠ ᠨᠠᠶᠢᠷ᠂ ᠰᠡᠳᠭᠢᠯ ᠵᠢᠷᠦᠬᠡ ᠶᠢ ᠳᠤᠭᠳᠤᠯᠤᠭᠤᠯᠵᠤ ᠪᠠᠶᠢᠭᠰᠠᠨ ᠦᠵᠡᠭᠳᠡᠯ ᠤᠳ ᠨᠢ ᠬᠢᠵᠢᠭ ᠲᠠᠢ ᠲᠡᠮᠡᠴᠡᠭᠰᠡᠨ ᠠᠭᠤᠤ ᠶᠡᠭᠡ ᠵᠤᠷᠢᠭ ᠰᠠᠨᠠᠭ᠎ᠠ ᠶᠢ ᠠᠮᠢᠳᠤᠯᠢᠭ ᠢᠶᠠᠷ ᠬᠠᠷᠠᠭᠤᠯᠤᠭᠰᠠᠨ ᠪᠠᠶᠢᠨ᠎ᠠ᠃ ᠡᠭᠡᠯ ᠵᠢᠷ ᠨᠢ ᠠᠭᠤᠤ ᠶᠡᠭᠡ ᠪᠤᠯᠵᠤ᠂ ᠠᠷᠠᠳ ᠲᠦᠮᠡᠨ ᠠᠴᠠ ᠪᠠᠭᠠᠳᠤᠷ ᠴᠤᠯᠭᠤᠷᠠᠳᠠᠭ᠃ ᠬᠦᠮᠦᠨ ᠪᠦᠬᠦᠨ ᠮᠠᠭᠳᠠᠭᠤᠰᠢᠳᠠᠢ︕ ᠵᠤᠯ ᠪᠤᠰᠤ ᠪᠠᠷ ᠬᠢᠵᠢᠭ ᠲᠤ ᠨᠡᠷᠪᠡᠭᠳᠡᠭᠰᠡᠨ ᠡᠪᠡᠳᠴᠢᠳᠡᠨ ᠢ ᠲᠤᠬᠤᠨᠢᠭᠤᠯᠵᠤ ᠪᠠᠶᠢᠬᠤ ᠪᠠᠨ ᠢᠯᠡᠳᠭᠡᠶ᠎ᠠ︕ ᠡᠭᠡᠯ ᠵᠢᠷ ᠤᠨ ᠪᠠᠭᠠᠳᠤᠷᠴᠤᠳ ᠲᠠᠭᠠᠨ ᠬᠦᠡᠳᠦᠳᠭᠡᠯ ᠳᠡᠪᠰᠢᠭᠦᠯᠦᠶ᠎ᠠ︕ ᠪᠢ ᠠᠭᠤᠤ ᠶᠡᠭᠡ ᠡᠬᠡ ᠤᠯᠤᠰ ᠪᠤᠯᠤᠨ ᠠᠷᠠᠳ ᠲᠦᠮᠡᠨ ᠢᠶᠠᠷ ᠢᠶᠠᠨ ᠪᠠᠭ᠋ᠠᠷᠬᠠᠵᠤ᠂ ᠰᠢᠷᠭᠢᠰᠢ ᠦᠭᠡᠢ ᠦᠨᠳᠦᠰᠦᠲᠡᠨ ᠤ ᠵᠤᠷᠢᠭ ᠰᠠᠨᠠᠭ᠎ᠠ ᠪᠠᠷ ᠢᠶᠠᠨ ᠤᠮᠤᠭᠰᠢᠵᠤ ᠪᠠᠶᠢᠨ᠎ᠠ︕        ᠬᠦᠴᠢᠷ ᠵᠤᠪᠠᠯᠠᠩ ᠬᠦᠮᠦᠨ ᠤ ᠤᠬᠠᠭᠠᠨ ᠴᠢᠳᠠᠯ ᠢ ᠰᠢᠯᠭᠠᠵᠤ᠂ ᠬᠠᠳᠠᠭᠤᠵᠢᠵᠤ ᠴᠢᠷᠮᠠᠶᠢᠭᠰᠠᠨ ᠤ ᠡᠴᠦᠰ ᠲᠤ ᠠᠮᠵᠢᠯᠳᠠ ᠳᠤ ᠬᠦᠷᠳᠡᠭ᠃ ᠪᠢᠳᠡ ᠬᠢᠵᠢᠭ ᠢ ᠢᠯᠠᠨ ᠳᠠᠪᠠᠵᠤ᠂ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠦᠯᠳᠠᠢ ᠲᠦᠯᠦᠪᠵᠢᠭᠦᠯᠦᠭᠡᠳ ᠴᠢᠬᠤᠯᠠ ᠶᠡᠭᠡ ᠦᠷ᠎ᠠ ᠪᠦᠲᠦᠭᠡᠯ ᠢ ᠤᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠢᠶᠠᠨ ᠠᠮᠵᠢᠯᠳᠠ ᠲᠠᠢ ᠪᠡᠶᠡᠯᠡᠭᠦᠯᠵᠤ᠂ ︽ᠠᠷᠪᠠᠨ ᠳᠦᠷᠪᠡᠳᠦᠭᠡᠷ ᠲᠠᠪᠤᠨ ᠵᠢᠯ︾ ᠢᠶᠠᠨ ᠪᠦᠬᠦ ᠲᠠᠯ᠎ᠠ ᠪᠠᠷ ᠵᠢᠷᠤᠵᠤ ᠲᠦᠯᠦᠪᠯᠡᠪᠡ᠃ ᠰᠢᠨ᠎ᠠ ᠬᠦᠭᠵᠢᠯᠳᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠳᠠᠢ ᠬᠦᠭᠵᠢᠯᠳᠡ ᠶᠢ ᠭᠦᠨᠵᠡᠭᠡᠢ ᠬᠡᠷᠡᠭᠵᠢᠭᠦᠯᠵᠤ ᠪᠠᠶᠢᠨ᠎ᠠ᠃ ᠮᠠᠨ ᠤ ᠤᠯᠤᠰ ᠳᠡᠯᠡᠬᠡᠢ ᠶᠢᠨ ᠭᠤᠤᠯ ᠪᠤᠯᠬᠤ ᠠᠵᠤ ᠠᠬᠤᠢ ᠶᠢᠨ ᠴᠤᠭᠴᠠ ᠳᠤᠮᠳᠠ ᠡᠶᠡᠷᠬᠦ ᠨᠡᠮᠡᠭᠳᠡᠯ ᠢ ᠬᠠᠮᠤᠭ ᠤᠨ ᠲᠦᠷᠦᠭᠦᠨ ᠳᠤ ᠪᠡᠶᠡᠯᠡᠭᠦᠯᠵᠤ᠂ ᠵᠢᠱᠢᠯᠳᠡ ᠪᠠᠷ 2020 ᠣᠨ ᠤ ᠤᠯᠤᠰ ᠤᠨ ᠳᠤᠳᠤᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠠᠭᠤᠨ ᠲᠦᠮᠡᠨ ᠳ᠋ᠦᠩᠰᠢᠭᠤᠷ ᠲᠦᠭᠦᠷᠢᠭ ᠤᠨ ᠰᠢᠨ᠎ᠠ ᠲᠡᠭᠳᠡᠷ ᠲᠤ ᠭᠠᠷᠤᠨ᠎ᠠ᠃ ᠠᠮᠤ ᠪᠤᠳᠠᠭᠠᠨ ᠤ ᠤᠨᠠᠯᠳᠠ ᠠᠷᠪᠠᠨ ᠳᠤᠯᠤᠭᠠᠨ ᠵᠢᠯ ᠳᠠᠷᠠᠭᠠᠯᠠᠨ ᠡᠯᠪᠡᠭ ᠬᠤᠷᠢᠶᠠᠯᠳᠠ ᠤᠯᠪᠠ᠃ ︽ᠲᠢᠶᠠᠨ ᠸᠧᠨ ᠨᠢᠭᠡᠳᠦᠭᠡᠷ ᠨᠡᠷᠡᠮᠵᠢᠳᠤ︾᠂ ︽ᠴᠠᠩ ᠡᠸ᠋ ᠲᠠᠪᠤᠳᠤᠭᠠᠷ ᠨᠡᠷᠡᠮᠵᠢᠳᠤ︾᠂ ︽ᠲᠡᠮᠡᠴᠡᠭᠴᠢ ᠨᠡᠷᠡᠮᠵᠢᠳᠤ︾ ᠵᠡᠷᠭᠡ ᠰᠢᠨᠵᠢᠯᠡᠬᠦ ᠤᠬᠠᠭᠠᠨ ᠤ ᠬᠠᠶᠢᠨ ᠰᠢᠨᠵᠢᠯᠡᠭᠡ ᠴᠢᠬᠤᠯᠠ ᠶᠡᠭᠡ ᠰᠢᠪᠳᠤᠯᠤᠯᠳᠠ ᠲᠠᠢ ᠪᠤᠯᠤᠭᠰᠠᠨ ᠪᠠᠶᠢᠨ᠎ᠠ᠃ ᠬᠠᠶᠢᠨᠠᠨ ᠤ ᠴᠢᠯᠦᠭᠡᠳᠤ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠳᠠ ᠶᠢ ᠡᠷᠴᠢᠮ ᠲᠠᠢ ᠦᠷᠨᠢᠭᠦᠯᠵᠤ ᠪᠠᠶᠢᠨ᠎ᠠ᠃ ᠪᠢᠳᠡ ᠪᠠᠰᠠ ᠬᠦᠨᠳᠦ ᠨᠤᠴᠢᠳᠠᠢ ᠦᠶᠡᠷ ᠤᠰᠤᠳᠤᠯ ᠤᠨ ᠭᠠᠮᠰᠢᠭ ᠢ ᠳᠠᠪᠠᠨ ᠲᠤᠭᠤᠯᠵᠤ᠂ ᠦᠷᠭᠡᠨ ᠤᠯᠠᠨ ᠴᠡᠷᠢᠭ ᠠᠷᠠᠳ ᠠᠶᠤᠯ ᠠᠴᠠ ᠠᠶᠤᠬᠤ ᠦᠭᠡᠢ᠂ ᠰᠡᠳᠭᠢᠯ ᠨᠢᠭᠡᠳᠦᠨ ᠬᠦᠴᠦ ᠪᠠᠨ ᠬᠠᠮᠳᠤᠳᠬᠠᠨ ᠦᠶᠡᠷ ᠲᠠᠢ ᠲᠡᠮᠡᠴᠡᠵᠤ ᠭᠠᠮᠰᠢᠭ ᠠᠴᠠ ᠠᠪᠤᠷᠠᠵᠤ᠂ ᠬᠤᠬᠢᠷᠠᠯ ᠢ ᠬᠠᠮᠤᠭ ᠤᠨ ᠪᠠᠭ᠎ᠠ ᠬᠡᠮᠵᠢᠶᠠᠨ ᠳᠤ ᠬᠢᠵᠠᠭᠠᠷᠯᠠᠪᠠ᠃ ᠪᠢ 13 ᠮᠤᠵᠢ ᠤᠷᠤᠨ ᠬᠤᠳᠠ ᠳᠤ ᠰᠢᠨᠵᠢᠯᠡᠨ ᠪᠠᠶᠢᠴᠠᠭᠠᠬᠤ ᠳᠠᠭᠠᠨ᠂ ᠤᠯᠠᠨ ᠢᠶᠠᠷ ᠢᠶᠠᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠠ ᠶᠢ ᠬᠢᠨᠠᠮᠠᠭᠠᠢ ᠨᠠᠷᠢᠯᠢᠭ ᠨᠠᠶᠢᠳᠠᠪᠤᠷᠢᠵᠢᠭᠤᠯᠵᠤ᠂ ᠴᠠᠭ ᠮᠦᠴᠡ ᠲᠠᠢ ᠤᠷᠤᠯᠳᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠵᠤ᠂ ᠪᠦᠬᠦ ᠬᠦᠴᠦ ᠪᠠᠷ ᠢᠶᠠᠨ ᠡᠭᠦᠳᠦᠯᠳᠡ ᠰᠢᠨᠡᠴᠢᠯᠡᠯᠳᠡ ᠬᠢᠵᠤ᠂ ᠬᠤᠪᠢᠯᠭᠠᠨ ᠤᠷᠤᠨ ᠢᠳᠡᠭᠡᠯ ᠲᠡᠭᠦᠯᠳᠡᠷ ᠢᠶᠠᠷ ᠦᠭᠡᠳᠡᠯᠡᠨ ᠳᠡᠪᠰᠢᠵᠦ᠂ ᠡᠷᠴᠢ ᠬᠦᠴᠦᠨ ᠪᠢᠯᠬᠠᠵᠤ᠂ ᠦᠷᠯᠦᠭᠡ ᠦᠳᠡᠰᠢ ᠦᠭᠡᠢ ᠲᠡᠮᠡᠴᠡᠭᠰᠡᠨ᠂ ᠠᠮᠢᠵᠢᠷᠠᠯ ᠤᠨ ᠬᠦᠴᠦᠨ ᠪᠢᠯᠬᠠᠭᠰᠠᠨ ᠦᠵᠡᠭᠳᠡᠯ ᠢ ᠤᠯᠵᠤ ᠬᠠᠷᠠᠵᠠᠢ᠃        2020 ᠣᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠠᠭᠤᠤ ᠶᠡᠭᠡ ᠲᠡᠤᠬᠡᠳᠤ ᠴᠢᠨᠠᠷᠳᠠᠢ ᠠᠮᠵᠢᠯᠳᠠ ᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠰᠢᠢᠳᠪᠦᠷᠢᠳᠤ ᠴᠢᠨᠠᠷᠳᠠᠢ ᠢᠯᠠᠯᠳᠠ ᠤᠯᠤᠭᠰᠠᠨ ᠪᠠᠶᠢᠨ᠎ᠠ᠃ ᠪᠢᠳᠡ ᠤᠨᠴᠠ ᠶᠠᠳᠠᠭᠤ ᠬᠦᠴᠢᠷᠳᠡᠯᠳᠠᠢ ᠭᠠᠵᠠᠷ ᠤᠷᠤᠨ ᠢ ᠶᠠᠳᠠᠭᠤ ᠠᠴᠠ ᠠᠩᠭᠢᠵᠢᠷᠠᠭᠤᠯᠬᠤ ᠶᠡᠷᠦᠩᠬᠡᠢ ᠲᠠᠶᠢᠯᠠᠯᠳᠤᠭᠠᠨ ᠬᠢᠵᠦ᠂ ᠬᠠᠮᠤᠬ ᠤᠨ ᠬᠦᠴᠢᠷ ᠠᠰᠠᠭᠤᠳᠠᠯ ᠢ ᠰᠢᠢᠳᠪᠤᠷᠢᠯᠡᠭᠰᠡᠨ ᠪᠠᠶᠢᠨ᠎ᠠ᠃ 8 ᠵᠢᠯ ᠤᠨ ᠴᠢᠷᠮᠠᠶᠢᠯᠭ᠎ᠠ ᠪᠠᠷ ᠲᠠᠮᠵᠢᠭᠠᠳ᠂ ᠤᠳᠤ ᠶᠢᠨ ᠭᠡᠷᠡᠭᠵᠢᠬᠦᠯᠵᠤ ᠪᠠᠶᠢᠭ᠎ᠠ ᠪᠠᠷᠢᠮᠵᠢᠶ᠎ᠠ ᠠᠴᠠ ᠲᠤᠤᠷ᠎ᠠ ᠪᠠᠶᠢᠭ᠎ᠠ ᠬᠦᠳᠡᠭᠡ ᠲᠤᠰᠬᠤᠨ ᠤ ᠨᠢᠬᠡ ᠳ᠋ᠦᠩᠰᠢᠭᠤᠷ ᠰᠢᠬᠠᠮ ᠶᠠᠳᠠᠭᠤ ᠬᠦᠴᠢᠷᠳᠡᠯᠳᠠᠢ ᠬᠦᠮᠤᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠵᠤ᠂ ᠶᠠᠳᠠᠭᠤ ᠬᠦᠴᠢᠷᠳᠡᠯᠳᠠᠢ 832 ᠰᠢᠶᠠᠨ ᠢ ᠪᠦᠬᠦᠨ ᠢ ᠶᠠᠳᠠᠭᠤ ᠠᠴᠠ ᠠᠩᠬᠢᠵᠢᠷᠠᠭᠤᠯᠵᠠᠢ᠃ ᠤᠢᠢᠷ᠎ᠠ ᠶᠢᠨ ᠵᠢᠯ ᠤᠳ ᠲᠤ᠂ ᠪᠢ ᠪᠦᠬᠦ ᠤᠯᠤᠰ ᠤᠨ 14 ᠲᠦᠪᠯᠡᠷᠡᠵᠦ ᠵᠠᠯᠭᠠᠯᠳᠤᠬᠰᠠᠨ ᠤᠨᠴᠠ ᠬᠦᠴᠢᠷᠳᠡᠯᠳᠠᠢ ᠭᠠᠵᠠᠷ ᠤᠷᠤᠨ ᠢᠶᠠᠷ ᠬᠦᠷᠤᠯ᠎ᠠ᠂ ᠲᠡᠨᠳᠡᠬᠢ ᠠᠷᠠᠳ ᠤᠯᠠᠨ ᠤ ᠠᠭᠤᠯᠠ ᠶᠢ ᠨᠡᠬᠦᠯᠬᠡᠬᠦ ᠡᠷᠴᠢ ᠬᠦᠴᠤᠨ᠂ ᠶᠠᠳᠠᠭᠤ ᠶᠢ ᠲᠡᠳᠬᠦᠬᠦ ᠦᠷᠬᠡᠨ ᠤᠯᠠᠨ ᠺᠠᠳ᠋ᠷ ᠤᠨ ᠴᠢᠩ ᠰᠡᠳᠬᠢᠯ ᠤᠨ ᠵᠢᠳᠭᠦᠯ ᠴᠢᠷᠮᠠᠶᠢᠯᠭ᠎ᠠ ᠨᠢ ᠮᠢᠨᠤ ᠰᠡᠳᠬᠢᠯ ᠳᠤ ᠪᠠᠶᠢᠩᠭᠤ ᠪᠤᠳᠤᠬᠳᠠᠭᠠᠳ ᠪᠠᠶᠢᠨ᠎ᠠ᠃ ᠪᠢᠳᠠ ᠬᠠᠷᠠᠯᠳᠠ ᠪᠠᠨ ᠴᠢᠩᠭ᠎ᠠ ᠪᠠᠷᠢᠮᠳᠠᠯᠠᠵᠤ᠂ ᠯᠠᠪᠳᠠᠭᠤᠨ ᠪᠠᠳᠤᠳᠠᠢ ᠴᠢᠷᠮᠠᠶᠢᠨ ᠠᠵᠢᠯᠯᠠᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠭᠤᠴᠤ ᠰᠠᠶᠢᠬᠠᠨ ᠵᠢᠷᠤᠬ ᠢ ᠴᠢᠷᠮᠠᠶᠢᠨ ᠵᠢᠷᠤᠬᠯᠠᠵᠤ᠂ ᠬᠠᠮᠳᠤ ᠪᠠᠷ ᠪᠠᠶᠠᠵᠢᠨ ᠴᠢᠨᠡᠭᠡᠯᠢᠭᠵᠢᠬᠦ ᠬᠠᠷᠠᠯᠳᠠ ᠲᠡᠶᠢᠰᠢ ᠢᠳᠡᠷᠡᠬᠦᠨ ᠠᠯᠬᠤᠭ᠎ᠠ ᠪᠠᠷ ᠤᠷᠤᠬᠰᠢᠯᠠᠬᠤ ᠪᠤᠯᠤᠨ᠎ᠠ᠃        ᠡᠨᠡ ᠵᠢᠯ᠂ ᠪᠢᠳᠡ ᠱᠧᠨᠵᠧᠨ ᠵᠡᠷᠬᠡ ᠠᠵᠤ ᠠᠬᠤᠢ ᠶᠢᠨ ᠤᠨᠴᠠᠭᠠᠢ ᠤᠷᠤᠨ ᠤ ᠪᠠᠶᠢᠭᠤᠯᠤᠬᠳᠠᠬᠰᠠᠨ 40 ᠵᠢᠯ ᠤᠨ ᠤᠢ᠂ ᠱᠠᠩᠬᠠᠢ ᠶᠢᠨ ᠫᠦᠲᠤᠩ ᠢ ᠨᠡᠬᠡᠬᠡᠨ ᠬᠦᠭᠵᠢᠬᠦᠯᠵᠦ ᠨᠡᠬᠡᠭᠡᠯᠳᠡ ᠬᠢᠭᠰᠡᠨ 30 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠬᠡᠯᠡᠪᠡ᠃ ᠦᠬᠡᠷᠡᠴᠢᠯᠠᠯᠳᠠ ᠨᠡᠬᠡᠬᠡᠯᠳᠠ ᠶᠢᠨ ᠡᠮᠤᠨ᠎ᠠ ᠡᠩᠨᠡᠬᠡᠨ ᠳᠤ ᠬᠤᠰᠢᠭᠤᠷᠠᠬᠰᠠᠨ ᠡᠮᠤᠨᠡᠳᠤ ᠲᠠᠯᠠᠢ ᠶᠢᠨ ᠬᠦᠪᠡᠭᠡ᠂ ᠦᠵᠡᠰᠬᠦᠯᠡᠩᠳᠤ ᠰᠠᠶᠢᠬᠠᠨ ᠬᠤᠸᠠᠩ ᠫᠦ᠋ ᠵᠢᠶᠠᠩ ᠮᠦᠷᠡᠨ ᠤ ᠬᠦᠪᠡᠭᠡ ᠲᠠᠭᠠᠤ ᠤᠷᠤᠨ ᠤ ᠬᠤᠪᠢᠷᠠᠯᠳᠠ ᠨᠢ ᠬᠦᠮᠤᠨ ᠤ ᠰᠡᠳᠬᠢᠯ ᠳᠤ ᠤᠯᠠᠨ ᠶᠠᠭᠤᠮ᠎ᠠ ᠪᠤᠳᠤᠬᠳᠠᠭᠤᠯᠤᠨ᠎ᠠ᠃ ᠤᠷᠢᠳ ᠢᠶᠠᠷ ᠲᠤᠷᠰᠢᠨ ᠭᠡᠷᠡᠭᠵᠢᠬᠦᠯᠵᠤ ᠪᠠᠶᠢᠬᠰᠠᠨ ᠠᠴᠠ ᠪᠠᠨ ᠤᠳᠤ ᠦᠯᠢᠬᠡᠷ ᠵᠢᠱᠢᠶ᠎ᠠ ᠶᠢᠨ ᠲᠠᠭᠠᠭᠤᠯᠬᠤ ᠤᠢᠢᠯᠡᠳᠤᠯ ᠭᠠᠷᠭᠠᠵᠤ᠂ ᠡᠬᠦᠳᠤᠯᠳᠠ ᠰᠢᠨᠡᠴᠢᠯᠠᠯᠳᠠ ᠶᠢ ᠰᠦᠪᠡᠭᠴᠢᠯᠠᠵᠤ ᠪᠠᠶᠢᠬᠰᠠᠨ ᠠᠴᠠ ᠪᠠᠨ ᠤᠳᠤ ᠡᠬᠦᠳᠤᠯᠳᠠ ᠰᠢᠨᠡᠴᠢᠯᠡᠯᠳᠠ ᠪᠠᠷ ᠤᠳᠤᠷᠢᠳᠤᠨ ᠲᠠᠭᠠᠭᠤᠯᠬᠤ ᠪᠤᠯᠵᠠᠢ᠃ ᠦᠬᠡᠷᠡᠴᠢᠯᠠᠯᠳᠠ ᠨᠡᠬᠡᠬᠡᠯᠳᠠ ᠨᠢ ᠬᠦᠭᠵᠢᠯᠳᠠ ᠶᠢᠨ ᠭᠠᠶᠢᠬᠠᠮᠰᠢᠬ ᠢ ᠪᠦᠳᠦᠭᠡᠭᠰᠡᠨ ᠪᠠᠶᠢᠨ᠎ᠠ᠂ ᠬᠤᠶᠢᠰᠢᠳᠠ ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ᠂ ᠨᠡᠬᠡᠬᠡᠯᠳᠠ ᠶᠢ ᠦᠷᠬᠡᠳᠬᠡᠬᠦ ᠠᠵᠢᠯ ᠢ ᠨᠡᠩ ᠵᠤᠷᠢᠬᠳᠠᠢ ᠬᠢᠵᠤ᠂ ᠨᠡᠩ ᠤᠯᠠᠨ ︽ᠤᠷᠢᠬᠠᠨ ᠬᠠᠪᠤᠷ ᠤᠨ ᠤᠴᠢᠷᠳᠠᠢ ᠰᠠᠶᠢᠬᠠᠨ ᠦᠯᠢᠬᠡᠷ︾ ᠢ ᠪᠢᠴᠢᠭᠯᠡᠬᠦ ᠪᠤᠯᠤᠨ᠎ᠠ᠃        ᠦᠨᠡᠨ ᠶᠤᠰᠤ ᠡᠬᠦᠷᠢᠳᠠ ᠲᠠᠷᠤᠬᠳᠠᠬᠤ ᠪᠠᠷ ᠦᠬᠡᠢ᠂ ᠬᠦᠮᠤᠨ ᠲᠦᠷᠤᠯᠬᠢᠳᠠᠨ ᠬᠡᠵᠢᠶᠡᠳᠡ ᠨᠢᠬᠡ ᠬᠡᠷ ᠪᠦᠯᠢ ᠶᠤᠮ᠃ ᠪᠢᠳᠠ ᠨᠢᠬᠡ ᠵᠢᠯ ᠤᠨ ᠲᠤᠷᠰᠢᠬᠢ ᠬᠠᠳᠠᠭᠤ ᠪᠡᠷᠬᠡ ᠶᠢ ᠲᠠᠪᠠᠨ ᠲᠤᠭᠤᠯᠵᠤ᠂ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠴᠤᠬᠴᠠ ᠶᠢᠨ ᠤᠳᠬ᠎ᠠ ᠤᠴᠢᠷ ᠢ ᠠᠯᠢ ᠴᠤ ᠦᠶ᠎ᠠ ᠠᠴᠠ ᠢᠯᠡᠬᠦᠤ ᠬᠦᠨᠵᠡᠬᠡᠢ ᠤᠢᠢᠯᠠᠭᠠᠵᠤ ᠮᠡᠳᠡᠯ᠎ᠠ᠃ ᠪᠢ ᠲᠡᠯᠡᠬᠡᠢ ᠶᠢᠨ ᠰᠢᠨ᠎ᠠ ᠬᠠᠭᠤᠴᠢᠨ ᠨᠠᠶᠢᠵᠠ ᠲᠠᠢ ᠤᠯᠠᠨ ᠤᠳᠠᠭ᠎ᠠ ᠤᠳᠠᠰᠤ ᠪᠠᠷ ᠶᠠᠷᠢᠯᠴᠠᠵᠤ᠂ ᠸᠢᠳᠢᠣ᠋ ᠰᠦᠯᠵᠢᠶ᠎ᠠ ᠪᠠᠷ ᠬᠢᠭᠰᠡᠨ ᠤᠯᠠᠨ ᠤᠳᠠᠭᠠᠨ ᠤ ᠬᠤᠷᠠᠯ ᠴᠤᠬᠯᠠᠭᠠᠨ ᠳᠤ ᠤᠷᠤᠵᠤ᠂ ᠵᠢᠷᠭᠠᠯ ᠵᠤᠪᠠᠯᠠᠩ ᠢᠶᠠᠨ ᠬᠠᠮᠳᠤᠳᠬᠠᠵᠤ ᠬᠠᠮᠳᠤ ᠪᠠᠷ ᠬᠢᠵᠢᠭ ᠲᠠᠬᠤᠯ ᠲᠠᠢ ᠲᠡᠮᠡᠴᠡᠬᠦ ᠠᠰᠠᠭᠤᠳᠠᠯ ᠢ ᠬᠠᠮᠤᠬ ᠠᠴᠠ ᠢᠯᠡᠬᠦᠤ ᠶᠠᠷᠢᠯᠴᠠᠬᠰᠠᠨ ᠪᠢᠯᠠ᠃ ᠬᠢᠵᠢᠭ ᠢ ᠰᠡᠷᠬᠡᠶᠢᠯᠡᠨ ᠡᠵᠡᠮᠳᠡᠬᠦ ᠡᠬᠦᠷᠬᠡ ᠮᠦᠨ ᠯᠠ ᠬᠦᠨᠳᠤ ᠬᠡᠴᠡᠬᠦᠤ ᠪᠠᠶᠢᠬᠰᠠᠭᠠᠷ᠃ ᠲᠡᠯᠡᠬᠡᠢ ᠶᠢᠨ ᠡᠯ᠎ᠠ ᠤᠯᠤᠰ ᠤᠨ ᠠᠷᠠᠳ ᠲᠦᠮᠡᠨ ᠭᠠᠷ ᠬᠤᠯᠪᠤᠯᠴᠠᠨ᠂ ᠬᠠᠳᠠᠭᠤ ᠪᠡᠷᠬᠡᠰᠢᠶᠠᠯ ᠢ ᠬᠠᠮᠳᠤ ᠪᠠᠷ ᠲᠤᠭᠤᠯᠵᠤ᠂ ᠬᠢᠵᠢᠭ ᠲᠠᠬᠤᠯ ᠢ ᠡᠷᠳᠡᠬᠡᠨ ᠠᠷᠢᠯᠭᠠᠵᠤ᠂ ᠨᠡᠩ ᠰᠠᠶᠢᠨ ᠰᠠᠶᠢᠬᠠᠨ ᠬᠡᠷ ᠤᠷᠤᠨ ᠢᠶᠠᠨ ᠪᠦᠳᠤᠬᠡᠨ ᠪᠠᠶᠢᠭᠤᠯᠬᠤ ᠪᠤᠯᠳᠤᠭᠠᠢ᠃        2021 ᠣᠨ ᠪᠤᠯ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ 100 ᠵᠢᠯ ᠤᠨ ᠤᠢ ᠪᠤᠯᠤᠨ᠎ᠠ᠃ ᠵᠠᠭᠤᠨ ᠵᠢᠯ ᠤᠨ ᠵᠠᠮᠨᠠᠯ ᠰᠦᠷ ᠵᠢᠪᠬᠤᠭ᠎ᠠ ᠲᠠᠢ ᠪᠦᠬᠡᠳ ᠵᠠᠭᠤᠨ ᠵᠢᠯ ᠤᠨ ᠤᠬ ᠰᠠᠨᠠᠭ᠎ᠠ ᠬᠡᠵᠢᠶᠠᠳᠠ ᠬᠤᠪᠢᠷᠠᠰᠢ ᠦᠬᠡᠢ ᠪᠠᠲᠤ ᠪᠠᠬᠢ ᠶᠤᠮ᠃ ᠱᠠᠩᠬᠠᠢ ᠶᠢᠨ ᠱᠢ ᠺᠦ᠋ ᠮᠧᠨ ᠠᠴᠠ ᠵᠢᠶᠠᠰᠢᠩ ᠤᠨ ᠨᠠᠨ ᠬᠤ᠋ ᠨᠠᠭᠤᠷ ᠬᠦᠷᠳᠡᠯ᠎ᠠ᠂ ᠨᠢᠬᠡ ᠵᠢᠵᠢᠭᠬᠡᠨ ᠤᠯᠠᠭᠠᠨ ᠤᠩᠭᠤᠴᠠ ᠠᠷᠠᠳ ᠲᠦᠮᠡᠨ ᠤ ᠬᠦᠰᠡᠯ ᠨᠠᠶᠢᠳᠠᠯᠭ᠎ᠠ᠂ ᠦᠨᠳᠤᠰᠤᠳᠠᠨ ᠤ ᠢᠷᠡᠬᠡᠳᠤᠢ ᠶᠢ ᠠᠴᠢᠶᠠᠯᠠᠵᠤ᠂ ᠰᠢᠷᠤᠬᠦᠨ ᠤᠷᠤᠰᠬᠠᠯ ᠢ ᠲᠤᠭᠤᠯᠵᠤ᠂ ᠲᠤᠬᠰᠢᠨ ᠰᠠᠯᠬᠢ ᠶᠢ ᠰᠦᠷᠦᠨ ᠶᠠᠪᠤᠬᠰᠠᠭᠠᠷ ᠪᠠᠶᠢᠵᠤ᠂ ᠳᠤᠮᠳᠠᠳᠤ ᠤᠯᠤᠰ ᠢ ᠲᠠᠭᠠᠭᠤᠯᠤᠨ ᠠᠯᠤᠰ ᠢᠷᠡᠬᠡᠳᠤᠢ ᠲᠡᠶᠢᠰᠢ ᠯᠠᠪᠳᠠᠭᠤᠨ ᠢᠶᠠᠷ ᠤᠷᠤᠬᠰᠢᠯᠠᠬᠤ ᠠᠰᠤᠷᠤ ᠶᠡᠭᠡ ᠤᠩᠭᠤᠴᠠ ᠪᠤᠯᠤᠬᠰᠠᠨ ᠪᠠᠶᠢᠨ᠎ᠠ᠃ ᠮᠢᠩᠭᠠᠨ ᠤᠨ ᠤ ᠠᠤᠭ᠎ᠠ ᠤᠢᠢᠯᠡᠰ ᠢ ᠰᠡᠳᠬᠢᠵᠤ᠂ ᠵᠠᠭᠤᠨ ᠵᠢᠯ ᠤᠨ ᠬᠠᠪᠤᠷ ᠨᠠᠮᠤᠷ ᠢ ᠲᠤᠭᠤᠯᠵᠤ ᠢᠷᠡᠯ᠎ᠠ᠃ ᠪᠢᠳᠠ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠤᠬ ᠰᠠᠨᠠᠭ᠎ᠠ ᠪᠠᠨ ᠡᠬᠦᠷᠢᠳᠠ ᠦᠯᠦ ᠮᠠᠷᠳᠠᠠ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠠᠵᠤ᠂ ᠰᠠᠯᠬᠢ ᠲᠠᠪᠠᠯᠭᠠᠨ ᠢ ᠵᠦᠰᠤᠨ ᠢᠯᠭᠤᠮ ᠤᠷᠤᠬᠰᠢᠳᠠᠢ ᠠᠶᠠᠯᠠᠵᠤ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢ ᠯᠠᠪᠳᠠᠢ ᠪᠡᠶᠡᠯᠡᠬᠦᠯᠬᠦ ᠪᠤᠯᠤᠨ᠎ᠠ᠃        ︽ᠬᠤᠤᠰ ᠵᠠᠭᠤᠨ︾ ᠤ ᠲᠡᠤᠬᠡ ᠶᠢᠨ ᠠᠭᠤᠯᠵᠠᠷ ᠲᠤ᠂ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠰᠢᠨ᠎ᠠ ᠠᠶᠠᠨ ᠤᠳᠠᠯ ᠦᠬᠡᠢ ᠡᠬᠢᠯᠡᠬᠦ ᠪᠣᠯᠤᠯ᠎ᠠ᠃ ᠠᠶᠠᠨ ᠵᠠᠮ ᠬᠤᠯᠠ ᠪᠤᠯᠬᠤᠷ ᠴᠢᠷᠮᠠᠶᠢᠨ ᠲᠡᠮᠡᠴᠡᠬᠦ ᠭᠡᠷᠡᠭᠳᠠᠢ᠃ ᠪᠢᠳᠠ ᠴᠢᠷᠮᠠᠶᠢᠨ ᠲᠡᠮᠡᠴᠡᠬᠦ ᠪᠠᠷ ᠲᠠᠮᠵᠢᠭᠠᠳ ᠬᠦᠴᠢᠷ ᠪᠡᠷᠬᠡ ᠶᠢ ᠢᠯᠠᠨ ᠲᠠᠪᠠᠵᠤ᠂ ᠤᠷᠳᠤ ᠠᠶᠠᠨ ᠢ ᠲᠤᠭᠤᠯᠵᠤ ᠢᠷᠡᠯ᠎ᠠ᠃ ᠤᠳᠤ ᠪᠢᠳᠠ ᠦᠷᠬᠦᠯᠵᠢᠯᠠᠨ ᠴᠢᠷᠮᠠᠶᠢᠨ ᠲᠡᠮᠡᠴᠡᠵᠤ᠂ ᠵᠤᠷᠢᠬᠳᠠᠢ ᠤᠷᠤᠬᠰᠢᠯᠠᠵᠤ᠂ ᠨᠡᠩ ᠭᠡᠷᠡᠯ ᠰᠠᠴᠤᠷᠠᠩᠭᠤᠢ ᠠᠮᠵᠢᠯᠳᠠ ᠳᠤ ᠬᠦᠷᠦᠶ᠎ᠡ︕        ᠡᠨᠡ ᠬᠦ ᠴᠠᠬ ᠮᠦᠴᠠ ᠳᠤ ᠦᠩᠬᠡᠳᠤ ᠳ᠋ᠧᠩ ᠲᠤᠸᠠᠯᠠᠵᠤ᠂ ᠠᠶᠢᠯ ᠬᠡᠷ ᠢᠶᠠᠷ ᠢᠶᠠᠨ ᠪᠠᠶᠠᠰᠤᠯᠴᠠᠨ᠎ᠠ᠃ ᠢᠷᠡᠵᠤ ᠪᠤᠢ ᠰᠢᠨ᠎ᠠ ᠤᠨ ᠳᠤ ᠠᠭᠤᠯᠠ ᠤᠰᠤ ᠦᠵᠡᠰᠬᠦᠯᠠᠩ ᠰᠠᠶᠢᠬᠠᠨ᠂ ᠲᠦᠷᠤ ᠲᠦᠪᠰᠢᠨ ᠲᠦᠮᠡᠨ ᠠᠮᠤᠭᠤᠯᠠᠩ ᠂ ᠠᠯᠢᠪᠠ ᠪᠦᠬᠦᠨ ᠦᠬᠡᠳᠠ ᠡᠰᠡᠷᠩ᠂ ᠠᠵᠠ ᠵᠢᠷᠭᠠᠯ ᠲᠡᠬᠦᠰ ᠲᠡᠬᠦᠯᠳᠡᠷ ᠪᠠᠶᠢᠬᠤ ᠶᠢ ᠬᠦᠰᠡᠨ ᠵᠦᠩᠨᠠᠶ᠎ᠠ︕        ᠲᠠ ᠪᠦᠬᠦᠨ ᠳᠤ ᠪᠠᠶᠠᠷᠯᠠᠯ᠎ᠠ︕
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ