ᠥᠥᠰᠢᠨ ᠬᠤᠰᠢᠭᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠥᠰᠥᠨ ᠲᠡᠰᠢᠯᠲᠡ ᠶᠢᠨ ᠲᠠᠯᠠᠪᠤᠷ ᠪᠣᠯᠣᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠲᠠᠢ ᠪᠤᠯᠤᠯ᠎ᠠ
ᠨᠡᠶᠢᠲᠡᠯᠡᠭᠰᠡᠨ ᠴᠠᠭ᠄
2021/1/12
        ᠥᠥᠰᠢᠨ ᠬᠤᠰᠢᠭᠤᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠥᠰᠥᠨ ᠲᠡᠰᠢᠯᠲᠡ ᠶᠢᠨ ᠲᠠᠯᠠᠪᠤᠷ ᠪᠣᠯᠣᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠨᠡᠭᠡᠭᠡᠯᠲᠡ ᠪᠠᠨ ᠬᠢᠵᠦ ᠰᠦᠢᠳᠬᠡᠯ ᠬᠤᠷᠢᠶᠠᠬᠤ ᠦᠭᠡᠢ ᠪᠠᠷ ᠣᠯᠠᠨ ᠲᠦᠮᠡᠨ ᠳᠤ ᠦᠢᠯᠡᠴᠢᠯᠡᠵᠦ ᠡᠬᠢᠯᠡᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠪᠠᠰᠠ ᠨᠢᠭᠡᠨ ᠴᠢᠬᠤᠯᠠ ᠲᠠᠯᠠᠪᠤᠷ ᠪᠣᠯᠣᠯ᠎ᠠ᠃         ᠥᠥᠰᠢᠨ ᠬᠤᠰᠢᠭᠤᠨ ᠤ ᠰᠢᠨᠡᠬᠡᠨ ᠪᠠᠶᠢᠭᠤᠯᠤᠭᠳᠠᠭᠰᠠᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠡᠭᠦᠳᠡᠨ ᠪᠥᠮᠪᠥᠭᠡᠨ ᠤ ᠲᠠᠯᠠᠪᠤᠷ ᠲᠤ ᠡᠭᠦᠳᠡᠨ ᠪᠥᠮᠪᠥᠭᠡᠨ ᠤ ᠤᠷᠤᠯᠳᠤᠭᠠᠨ ᠢᠳᠡ ᠬᠥᠭ ᠲᠠᠢ ᠶᠠᠪᠤᠭᠳᠠᠵᠤ ᠤᠷᠤᠯᠳᠤᠭᠠᠨ ᠳᠤ ᠣᠷᠣᠯᠴᠠᠭᠰᠠᠨ ᠨᠠᠰᠤᠲᠠᠶᠢᠴᠤᠳ ᠴᠤ ᠡᠪᠦᠯ ᠤᠨ ᠵᠤᠵᠠᠭᠠᠨ ᠬᠤᠪᠴᠠᠰᠤ ᠪᠠᠨ ᠨᠢᠮᠭᠡᠯᠡᠭᠡᠳ ᠱᠠᠯᠠᠮᠠᠭᠠᠢ ᠬᠥᠳᠡᠯᠦᠯᠴᠡᠵᠡᠬᠡᠨ ᠤᠷ᠎ᠠ ᠴᠢᠳᠠᠪᠤᠷᠢ ᠪᠠᠨ ᠰᠣᠷᠢᠴᠠᠭᠠᠵᠤ ᠪᠠᠶᠠᠷ ᠬᠦᠷ ᠢᠶᠠᠷ ᠪᠢᠯᠬᠠᠮ᠎ᠠ ᠪᠠᠶᠢᠯ᠎ᠠ᠃
       ᠬᠤᠰᠢᠭᠤ ᠡᠭᠦᠳᠡᠨ ᠪᠥᠮᠪᠥᠭᠡᠨ ᠤ ᠨᠡᠶᠢᠭᠡᠮᠯᠢᠭ ᠤᠨ ᠳᠠᠷᠤᠭ᠎ᠠ ᠣᠶᠤᠨᠪᠢᠯᠢᠭ᠌᠄ ︽ᠡᠭᠦᠳᠡᠨ ᠪᠥᠮᠪᠥᠭᠡᠨ ᠤ ᠭᠡᠷ ᠳᠣᠲᠣᠷᠠᠬᠢ ᠲᠠᠯᠠᠪᠠᠢ ᠪᠠᠶᠢᠭᠤᠯᠤᠭᠳᠠᠭᠰᠠᠨ ᠨᠢ ᠮᠠᠨ ᠤ ᠡᠭᠦᠳᠡᠨ ᠪᠥᠮᠪᠥᠭᠡᠨ ᠤ ᠳᠤᠷ᠎ᠠ ᠪᠠᠭ᠋ᠠᠲᠠᠶᠢᠴᠤᠳ ᠪᠣᠯᠣᠨ ᠨᠠᠰᠤᠲᠠᠶᠢᠴᠤᠳ ᠲᠤ ᠲᠦᠢᠯ ᠤᠨ ᠶᠡᠭᠡ ᠲᠡᠳᠬᠦᠮᠵᠢ ᠪᠤᠯᠤᠨ᠎ᠠ᠃ ᠡᠶᠢᠮᠦ ᠰᠠᠶᠢᠬᠠᠨ ᠳᠤᠯᠠᠭᠠᠨ ᠪᠦᠯᠢᠶᠡᠨ ᠨᠥᠬᠦᠴᠡᠯ ᠢ ᠪᠦᠷᠢᠯᠳᠦᠭᠦᠯᠵᠦ ᠥᠭᠭᠦᠭᠰᠡᠨ ᠳᠤ ᠲᠦᠢᠯ ᠤᠨ ᠶᠡᠭᠡ ᠪᠠᠶᠠᠷᠯᠠᠵᠤ ᠪᠠᠶᠢᠨ᠎ᠠ᠃ ᠭᠡᠷ ᠳᠣᠲᠣᠷᠠᠬᠢ ᠲᠠᠯᠠᠪᠠᠢ ᠨᠢ ᠮᠠᠨ ᠤ ᠨᠠᠰᠤᠲᠠᠶᠢᠴᠤᠳ ᠪᠣᠯᠣᠨ ᠢᠳᠡᠷ ᠵᠠᠯᠠᠭᠤᠴᠤᠳ ᠤᠨ ᠡᠪᠦᠯ ᠵᠤᠨ ᠤ ᠬᠦᠢᠲᠡᠨ ᠳᠤᠯᠠᠭᠠᠨ ᠢ ᠬᠠᠮᠢᠶᠠᠷᠤᠯ ᠦᠭᠡᠢ ᠪᠡᠶ᠎ᠡ ᠪᠠᠨ ᠪᠣᠯᠪᠠᠰᠤᠷᠠᠭᠤᠯᠵᠤ ᠪᠦᠬᠦ ᠠᠷᠠᠳ ᠢᠶᠠᠷ ᠢᠶᠠᠨ ᠪᠡᠶ᠎ᠡ ᠪᠠᠨ ᠴᠢᠭᠢᠷᠠᠭᠵᠢᠭᠤᠯᠬᠤ ᠬᠥᠳᠡᠯᠭᠡᠭᠡᠨ ᠳᠤ ᠢᠳᠡᠪᠬᠢᠲᠡᠢ ᠣᠷᠣᠯᠴᠠᠬᠤ ᠳᠤ ᠲᠦᠢᠯ ᠤᠨ ᠠᠰᠢᠭᠲᠠᠢ ᠶᠤᠮ︾ ᠬᠡᠪᠡ᠃         ᠥᠥᠰᠢᠨ ᠬᠤᠰᠢᠭᠤᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠨᠢ 2607 ᠲᠡᠭᠰᠢ ᠳᠥᠷᠪᠡᠯᠵᠢᠨ ᠮᠧᠳ᠋ᠷ ᠲᠠᠯᠠᠪᠠᠢ ᠲᠠᠢ ᠪᠠᠶᠢᠵᠤ ᠳᠣᠲᠣᠷ᠎ᠠ ᠨᠢ ᠲᠠᠪᠤᠨ ᠬᠥᠮᠥᠨ ᠤ ᠬᠥᠯ ᠪᠥᠮᠪᠥᠭᠡᠨ ᠤ ᠲᠠᠯᠠᠪᠠᠢ ᠨᠢᠭᠡ᠂ ᠡᠭᠦᠳᠡᠨ ᠪᠥᠮᠪᠥᠭᠡᠨ ᠤ ᠲᠠᠯᠠᠪᠠᠢ ᠬᠤᠶᠠᠷ᠂ ᠪᠦᠵᠢᠭ ᠤᠨ ᠭᠡᠷ᠂ ᠠᠮᠠᠷᠠᠵᠤ ᠰᠠᠭᠤᠬᠤ ᠭᠡᠷ ᠵᠡᠷᠭᠡ ᠶᠢ ᠪᠠᠭᠲᠠᠭᠠᠵᠤ ᠰᠠᠭᠤᠭᠠᠯᠢ ᠠᠷᠠᠳ ᠤᠨ ᠪᠡᠶ᠎ᠡ ᠪᠠᠨ ᠪᠣᠯᠪᠠᠰᠤᠷᠠᠭᠤᠯᠬᠤ ᠳᠤ ᠬᠠᠯᠠᠭᠤᠨ ᠳᠤ ᠬᠠᠯᠠᠵᠤ ᠬᠦᠢᠲᠡᠨ ᠳᠤ ᠳᠠᠭᠠᠷᠠᠵᠦ ᠪᠠᠶᠢᠭᠰᠠᠨ ᠪᠠᠶᠢᠳᠠᠯ ᠢ ᠡᠴᠦᠰᠯᠡᠭᠦᠯᠵᠡᠢ᠃
        ᠨᠢᠳᠤᠨᠤᠨ ᠤ 12 ᠰᠠᠷ᠎ᠠ ᠠᠴᠠ ᠡᠬᠢᠯᠡᠨ ᠪᠠᠶᠢᠭᠤᠯᠤᠭᠰᠠᠨ ᠬᠤᠶᠠᠷ ᠮᠢᠩᠭ᠎ᠠ ᠳᠠᠯᠠ ᠶᠢᠰᠦᠨ ᠲᠡᠭᠰᠢ ᠳᠥᠷᠪᠡᠯᠵᠢᠨ ᠮᠧᠳ᠋ᠷ ᠤᠨ ᠲᠠᠯᠠᠪᠠᠢ ᠲᠠᠢ ᠦᠦᠰᠢᠨ ᠬᠤᠰᠢᠭᠤᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠥᠰᠥᠨ ᠲᠡᠰᠢᠯᠲᠡ ᠶᠢᠨ ᠲᠠᠯᠠᠪᠠᠢ ᠴᠤ ᠨᠡᠭᠡᠭᠡᠯᠲᠡ ᠪᠠᠨ ᠬᠢᠵᠦ ᠣᠯᠠᠨ ᠲᠦᠮᠡᠨ ᠳᠤ ᠲᠥᠯᠥᠪᠦᠷᠢ ᠦᠭᠡᠢ ᠦᠢᠯᠡᠴᠢᠯᠡᠬᠦ ᠳᠤ ᠪᠡᠯᠡᠬᠡᠨ ᠪᠣᠯᠣᠭᠰᠠᠨ ᠪᠠᠶᠢᠯ᠎ᠠ᠃          ᠦᠦᠰᠢᠨ ᠬᠤᠰᠢᠭᠤᠨ ᠤ ᠲᠠᠮᠢᠷ ᠤᠨ ᠦᠢᠯᠡᠰ ᠤᠨ ᠬᠥᠭᠵᠢᠭᠦᠯᠦᠯᠲᠡ ᠶᠢᠨ ᠲᠥᠪ ᠤᠨ ᠡᠷᠬᠢᠯᠡᠭᠴᠢ ᠬᠤᠶᠠᠭᠲᠤ᠄ ︽ᠮᠠᠨ ᠤ ᠬᠤᠰᠢᠭᠤ ᠨᠡᠶᠢᠲᠡ 1.4 ᠳ᠋ᠦᠩᠰᠢᠭᠤᠷ ᠪᠡᠯᠡ ᠣᠷᠣᠭᠤᠯᠵᠤ 5 ᠪᠡᠶ᠎ᠡ ᠴᠢᠭᠢᠷᠠᠭᠵᠢᠭᠤᠯᠬᠤ ᠲᠠᠯᠠᠪᠤᠷ ᠢ ᠪᠠᠶᠢᠭᠤᠯᠤᠨ ᠣᠯᠠᠨ ᠲᠦᠮᠡᠨ ᠳᠤ ᠲᠥᠯᠥᠪᠦᠷᠢ ᠦᠭᠡᠢ ᠦᠢᠯᠡᠴᠢᠯᠡᠵᠦ ᠪᠠᠶᠢᠨ᠎ᠠ᠃  ᠳᠠᠷᠠᠭ᠎ᠠ ᠠᠯᠬᠤᠮ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ 1200 ᠲᠦᠮᠡᠨ ᠲᠥᠭᠦᠷᠢᠭ ᠤᠨ ᠪᠡᠯᠡ ᠣᠷᠣᠭᠤᠯᠵᠤ ᠰᠦᠯᠳᠡ ᠰᠤᠮᠤ ᠪᠣᠯᠣᠨ ᠦᠦᠰᠢᠨᠵᠣᠣ ᠪᠠᠯᠭᠠᠰᠤᠨ ᠳᠤ ᠬᠤᠶᠠᠷ ᠲᠠᠯᠠᠪᠤᠷ ᠢ ᠪᠠᠶᠢᠭᠤᠯᠬᠤ ᠪᠠᠷ ᠪᠠᠶᠢᠨ᠎ᠠ︾ ᠭᠡᠪᠡ᠃          ᠦᠦᠰᠢᠨ ᠬᠤᠰᠢᠭᠤᠨ ᠳᠤ ᠣᠳᠣ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠥᠰᠥᠨ ᠲᠡᠰᠢᠯᠲᠡ ᠶᠢᠨ ᠲᠠᠯᠠᠪᠤᠷ᠂ ᠰᠣᠶᠣᠯ ᠲᠠᠮᠢᠷ ᠤᠨ ᠣᠷᠳᠣᠨ᠂ ᠥᠳᠥᠨ ᠪᠥᠮᠪᠦᠭᠡ ᠫᠢᠩᠫᠠᠩ ᠪᠥᠮᠪᠦᠭᠡ ᠶᠢᠨ ᠣᠷᠳᠣᠨ ᠵᠡᠷᠭᠡ ᠳᠥᠷᠪᠡᠨ ᠪᠡᠶ᠎ᠡ ᠴᠢᠭᠢᠷᠠᠭᠵᠢᠭᠤᠯᠬᠤ ᠲᠠᠯᠠᠪᠤᠷ ᠲᠠᠢ ᠪᠠᠶᠢᠵᠤ ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠦᠢᠯᠡᠴᠢᠯᠡᠵᠦ ᠪᠠᠶᠢᠨ᠎ᠠ᠃
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ