ᠮᠠᠨ ᠤ ᠬᠤᠳᠠ 8216 ᠬᠦᠮᠤᠨ ᠳᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠠᠩᠬ᠎ᠠ ᠤᠳᠠᠭ᠎ᠠ ᠶᠢᠨ ᠸᠠᠺᠼᠢᠨ ᠲᠠᠷᠢᠬᠤ ᠠᠵᠢᠯ ᠢ ᠪᠡᠶᠡᠯᠡᠭᠦᠯᠥᠯ᠎ᠠ
ᠨᠡᠶᠢᠲᠡᠯᠡᠭᠰᠡᠨ ᠴᠠᠭ᠄
2021/1/12
          ᠤᠳᠤᠬᠠᠨ ᠳᠤ᠂ ᠮᠠᠨ ᠤ ᠬᠤᠲᠠ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠠᠨ ᠠᠷᠭ᠎ᠠ ᠭᠡᠮᠵᠢᠶ᠎ᠠ ᠶᠢ ᠢᠳᠡᠪᠬᠢᠳᠡᠢ ᠠᠪᠴᠤ᠂ ᠪᠦᠬᠦ ᠬᠤᠳᠠ ᠶᠢᠨ ᠡᠯ᠎ᠠ ᠰᠠᠯᠠᠭ᠎ᠠ ᠮᠦᠴᠢᠷ ᠨᠢ ᠮᠡᠳᠡᠭᠡ ᠵᠠᠩᠬᠢ ᠶᠢ ᠬᠠᠮᠳᠤ ᠪᠠᠷ ᠡᠳ᠋ᠯᠡᠬᠦ᠂ ᠬᠤᠯᠪᠤᠭᠠᠯᠠᠨ ᠰᠡᠷᠭᠡᠶᠢᠯᠡᠵᠤ ᠬᠤᠯᠪᠤᠭᠠᠯᠠᠨ ᠡᠵᠡᠮᠳᠡᠬᠦ ᠪᠠᠶᠢᠳᠠᠯ ᠢ ᠪᠦᠷᠢᠯᠳᠦᠬᠦᠯᠤᠨ᠂ ᠡᠯ᠎ᠠ ᠬᠤᠰᠢᠭᠤ ᠳᠤᠭᠤᠷᠢᠭ ᠤᠨ ᠬᠢᠨ ᠭᠤᠤᠯᠳᠠᠯᠭ᠎ᠠ ᠲᠠᠢ ᠳᠠᠯᠠᠪᠤᠷ᠂ ᠬᠤᠯᠪᠤᠬᠳᠠᠯ ᠪᠦᠬᠦᠢ ᠨᠢᠭᠡᠴᠢ ᠳᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠤᠴᠠ ᠪᠠᠷ ᠰᠤᠷᠪᠤᠯᠵᠢᠯᠠᠵᠤ ᠱᠠᠯᠠᠪᠳᠠᠭᠤᠯᠤᠨ ᠪᠠᠶᠢᠴᠠᠭᠠᠬᠤ ᠠᠵᠢᠯ ᠢ ᠦᠷᠨᠢᠬᠦᠯᠦᠭᠰᠡᠨ ᠪᠠᠶᠢᠨ᠎ᠠ᠃           ᠡᠬᠦᠨ ᠠᠴᠠ ᠭᠠᠳᠠᠨ᠎ᠠ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠰᠤᠷᠢᠯᠳᠠ ᠬᠢᠵᠤ᠂ ᠸᠠᠺᠼᠢᠨ ᠳᠠᠷᠢᠬᠤ ᠠᠵᠢᠯ ᠢ ᠢᠳᠡᠪᠬᠢᠳᠡᠢ ᠰᠠᠶᠢᠳᠤᠷ ᠠᠳᠬᠤᠨ᠂ 1 ᠰᠠᠷ᠎ᠠ ᠶᠢᠨ 8 ᠤ ᠡᠳᠤᠷ ᠤᠨ 12 ᠴᠠᠭ ᠪᠤᠯᠳᠠᠯ᠎ᠠ᠂ ᠪᠦᠬᠦ ᠬᠤᠳᠠ ᠳᠤ 8216 ᠬᠦᠮᠤᠨ ᠳᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠠᠩᠬ᠎ᠠ ᠤᠳᠠᠭ᠎ᠠ ᠶᠢᠨ ᠸᠠᠺᠼᠢᠨ ᠳᠠᠷᠢᠬᠤ ᠠᠵᠢᠯ ᠢ ᠪᠡᠶᠡᠯᠡᠬᠦᠯᠪᠡ᠃
ᠢᠷᠡᠯᠲᠡ᠄ ᠣᠷᠳᠣᠰ ᠮᠣᠩᠭᠤᠯ ᠰᠦᠯᠵᠢᠶ᠎ᠡ