ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠨ ︽ᠭᠤᠷᠪᠠᠨ ᠶᠡᠭᠡ  ᠪᠣᠭᠤᠮᠳᠠ ᠰᠢᠪᠲᠣᠯᠠᠬᠤ  ᠳᠠᠶᠢᠯᠠᠯᠳᠤᠭᠠᠨ︾ ᠳᠤ ᠬᠦᠴᠦᠨ ᠨᠡᠮᠡᠷᠢᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2021/1/12
         ᠬᠥᠲᠥᠯᠥᠭᠴᠢ᠄  ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ᠂ ᠥᠨᠥᠳᠦᠷ ᠤᠨ ᠰᠤᠷᠪᠤᠯᠵᠢᠯᠠᠭ᠎ᠠ ᠳᠤ ᠪᠢᠳᠡ ᠬᠢᠶ᠎ᠠ ᠪᠠᠭᠰᠢ ᠲᠣᠭᠤᠷᠢᠭ ᠤᠨ ᠬᠢᠨᠠᠨ ᠪᠤᠳᠤᠬᠤ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠭᠤᠤ ᠶᠠᠩ ᠢ ᠤᠷᠢᠵᠤ᠂ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠨ ︽ᠭᠤᠷᠪᠠᠨ ᠶᠡᠭᠡ  ᠪᠣᠭᠤᠮᠳᠠ ᠰᠢᠪᠲᠣᠯᠠᠬᠤ ᠳᠠᠶᠢᠯᠠᠯᠳᠤᠭᠠᠨ︾ ᠳᠤ ᠬᠦᠴᠦᠨ ᠨᠡᠮᠡᠷᠢᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠲᠤᠬᠠᠶ ᠣᠯᠠᠨ ᠳᠤ ᠲᠠᠶᠢᠯᠤᠮᠵᠢ ᠬᠢᠶ᠎ᠠ᠃ ᠭᠤᠤ ᠲᠣᠪᠴᠢᠶᠠᠨ ᠳᠠᠷᠤᠭ᠎ᠠ᠂ ᠲᠠ ᠰᠠᠶᠢᠨ ᠤᠤ︕
         ᠭᠤᠤ ᠶᠠᠩ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ  ᠂ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠰᠠᠭᠠᠲᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃          ᠬᠥᠲᠥᠯᠥᠭᠴᠢ᠄ 2020 ᠣᠨ ᠳᠤ ᠮᠠᠨ ᠤ ᠬᠢᠨᠠᠨ ᠪᠤᠳᠤᠬᠤ ᠲᠣᠪᠴᠢᠶ᠎ᠠ ᠬᠦᠨᠳᠦ ᠴᠢᠬᠤᠯᠠ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠠ ᠪᠣᠬᠢᠷᠲᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠪᠣᠭᠤᠮᠳᠠ ᠰᠢᠪᠲᠣᠯᠠᠬᠤ ᠳᠠᠶᠢᠯᠠᠯᠳᠤᠭᠠᠨ︾ ᠳᠤ ᠶᠠᠮᠠᠷ ᠶᠠᠮᠠᠷ ᠠᠵᠢᠯ ᠬᠢᠭᠰᠡᠨ ᠢ ᠭᠤᠤ ᠲᠣᠪᠴᠢᠶᠠᠨ ᠳᠠᠷᠤᠭ᠎ᠠ ᠪᠢᠳᠠᠨ ᠳᠤ ᠲᠠᠨᠢᠯᠴᠠᠭᠤᠯᠤᠭᠠᠳ ᠥᠭᠭᠦᠨ᠎ᠡ ᠤᠤ︖          ᠭᠤᠤ ᠶᠠᠩ᠄ 2020 ᠣᠨ ᠳᠤ᠂ ᠬᠢᠨᠠᠨ ᠪᠤᠳᠤᠬᠤ ᠲᠣᠪᠴᠢᠶ᠎ᠠ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠬᠦ ᠳᠤ ᠦᠷᠭᠦᠯᠵᠢᠯᠡᠨ ᠬᠦᠴᠦᠨ ᠨᠡᠮᠡᠷᠢᠯᠡᠪᠡ  ᠃ ᠶᠠᠳᠠᠭᠤ ᠠᠴᠠ ᠠᠩᠭᠢᠵᠢᠷᠠᠭᠤᠯᠬᠤ ᠬᠢᠨᠠᠨ ᠪᠤᠳᠤᠯᠲᠠ ᠶᠢᠨ ᠲᠠᠯ᠎ᠠ ᠪᠠᠷ᠂ ᠬᠢᠶ᠎ᠠ ᠪᠠᠭᠰᠢ ᠲᠣᠭᠤᠷᠢᠭ ᠤᠨ 2019 ᠣᠨ ᠤ 8 ᠰᠠᠷ᠎ᠠ ᠠᠴᠠ 2020 ᠣᠨ ᠤ 6 ᠰᠠᠷ᠎ᠠ ᠶᠢᠨ ᠰᠡᠭᠦᠯᠴᠢ ᠪᠣᠯᠲᠠᠯᠠᠬᠢ ᠶᠠᠳᠠᠭᠤ ᠠᠴᠠ ᠠᠩᠭᠢᠵᠢᠷᠠᠭᠤᠯᠬᠤ  ᠪᠡᠯᠡ ᠮᠥᠩᠭᠦ ᠪᠠ 2018 ᠣᠨ ᠠᠴᠠ 2019 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠯᠠ ᠮᠥᠩᠭᠦ ᠶᠢᠨ ᠬᠤᠪᠢᠶᠠᠷᠢᠯᠠᠯᠲᠠ ᠬᠠᠮᠢᠶᠠᠷᠤᠯᠲᠠ ᠵᠢᠴᠢ ᠦᠷ᠎ᠡ ᠠᠰᠢᠭ ᠵᠡᠷᠭᠡ ᠪᠠᠶᠢᠳᠠᠯ ᠳᠤ ᠬᠢᠨᠠᠨ ᠪᠤᠳᠤᠯᠲᠠ ᠬᠢᠵᠦ᠂  3198 . 69 ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠲᠠᠢ ᠬᠤᠯᠪᠣᠭᠳᠠᠨ᠂ ᠬᠢᠨᠠᠨ ᠪᠤᠳᠤᠯᠲᠠ ᠳᠤ 3 ᠠᠰᠠᠭᠤᠳᠠᠯ ᠢ ᠢᠯᠡᠷᠡᠭᠦᠯᠦᠨ᠂ ᠭᠤᠷᠪᠠᠨ ᠬᠢᠨᠠᠨ ᠪᠤᠳᠤᠯᠲᠠ ᠶᠢᠨ ᠰᠠᠨᠠᠭᠤᠯᠭ᠎ᠠ ᠳᠤᠷᠠᠳᠪᠠ᠃ ᠬᠢᠨᠠᠨ ᠪᠤᠳᠤᠯᠲᠠ ᠪᠠᠷ ᠳᠠᠮᠵᠢᠨ᠂ ᠶᠠᠳᠠᠭᠤ ᠠᠴᠠ ᠠᠩᠭᠢᠵᠢᠷᠠᠭᠤᠯᠬᠤ  ᠪᠠᠯᠠ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠲᠣᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠢᠨᠠᠨ ᠪᠤᠳᠤᠯᠲᠠ ᠶᠢᠨ ᠳᠡᠮᠵᠢᠯᠭᠡ ᠬᠠᠩᠭᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ  ᠬᠢᠨᠠᠨ ᠪᠣᠳᠣᠯᠲᠠ ᠶᠢᠨ ᠲᠠᠯ᠎ᠠ ᠪᠠᠷ᠂ ᠬᠢᠶ᠎ᠡ ᠪᠠᠭᠰᠢ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠮᠥᠩᠭᠦ ᠶᠢᠨ ᠲᠤᠰᠬᠠᠢ ᠬᠢᠨᠠᠨ ᠪᠣᠳᠣᠯᠲᠠ ᠶᠢ ᠨᠢᠭᠡᠨᠲᠡ ᠪᠡᠶᠡᠯᠡᠭᠦᠯᠵᠦ᠂ 2445 . 62 ᠲᠦᠮᠡᠨ ᠲᠥᠭᠦᠷᠢᠭ ᠤᠨ ᠪᠡᠯᠡ ᠮᠥᠩᠭᠦ ᠲᠠᠢ ᠬᠤᠯᠪᠣᠭᠳᠠᠨ᠂  ᠬᠢᠨᠠᠨ ᠪᠤᠳᠤᠯᠲᠠ ᠳᠤ 2 ᠠᠰᠠᠭᠤᠳᠠᠯ ᠢ ᠢᠯᠡᠷᠡᠭᠦᠯᠦᠨ᠂  ᠬᠤᠶᠠᠷ ᠬᠢᠨᠠᠨ ᠪᠤᠳᠤᠯᠲᠠ ᠶᠢᠨ ᠰᠠᠨᠠᠭᠤᠯᠭ᠎ᠠ ᠳᠤᠷᠠᠳᠪᠠ᠃  ᠬᠢᠨᠠᠨ ᠪᠣᠳᠣᠯᠲᠠ ᠪᠠᠷ ᠳᠠᠮᠵᠢᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠪᠠ᠃          ᠬᠥᠲᠥᠯᠥᠭᠴᠢ᠄ ᠭᠤᠤ ᠲᠣᠪᠴᠢᠶᠠᠨ ᠳᠠᠷᠤᠭ᠎ᠠ  ᠂ ᠣᠳᠣᠬᠠᠨ ᠳᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠤᠯ ᠡᠯ᠎ᠡ ᠱᠠᠲᠤᠨ ᠤ ᠵᠠᠰᠠᠭ ᠤᠨ ᠣᠷᠳᠣᠨ ᠤ ᠠᠩᠬᠠᠷᠴᠤ ᠪᠠᠶᠢᠭ᠎ᠠ ᠭᠤᠣᠯᠳᠠᠯᠭ᠎ᠠ ᠲᠠᠢ ᠠᠵᠢᠯ ᠮᠥᠨ᠂ ᠬᠢᠨᠠᠨ ᠪᠤᠳᠤᠬᠤ ᠲᠣᠪᠴᠢᠶ᠎ᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖          ᠭᠤᠤ ᠶᠠᠩ᠄ 2020 ᠣᠨ ᠳᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ ᠬᠢᠨᠠᠨ ᠪᠤᠳᠤᠬᠤ ᠵᠤᠷᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ᠂ ᠣᠷᠳᠣᠰ ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠲᠣᠬᠢᠷᠠᠭᠤᠯᠤᠯᠲᠠ ᠶᠣᠰᠣᠭᠠᠷ᠂ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠠᠴᠠ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠪᠠᠯᠠ ᠮᠥᠩᠭᠦ ᠶᠢ ᠰᠢᠭᠤᠳ ᠬᠤᠲᠠ ᠰᠢᠶᠠᠨ ᠤ ᠦᠨᠳᠦᠰᠦᠨ ᠱᠠᠲᠤᠨ ᠳᠤ ᠬᠦᠷᠭᠡᠵᠦ ᠠᠵᠤ ᠠᠬᠤᠶᠢᠯᠠᠯ᠂ ᠠᠷᠠᠳ ᠣᠯᠠᠨ ᠳᠤ ᠰᠢᠭᠤᠳ ᠠᠰᠢᠭ ᠬᠦᠷᠲᠡᠭᠡᠭᠰᠡᠨ ᠪᠠᠶᠢᠳᠠᠯ ᠳᠤ ᠲᠤᠰᠬᠠᠶ ᠬᠢᠨᠠᠨ ᠪᠤᠳᠤᠯᠲᠠ ᠥᠷᠨᠢᠭᠦᠯᠪᠡ᠃ ᠲᠣᠰ ᠤᠳᠠᠭᠠᠨ ᠤ ᠬᠢᠨᠠᠨ ᠪᠤᠳᠤᠯᠲᠠ ᠨᠢ 2020 ᠣᠨ ᠤ 7  ᠰᠠᠷ᠎ᠠ ᠠᠴᠠ 12 ᠰᠠᠷ᠎ᠠ ᠪᠣᠯᠲᠠᠯ᠎ᠠ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠪᠠᠯᠠ ᠮᠥᠩᠭᠦ  ᠶᠢᠨ ᠴᠤᠭᠯᠠᠭᠤᠯᠤᠭᠰᠠᠨ᠂ ᠬᠤᠪᠢᠶᠠᠷᠢᠯᠠᠭᠰᠠᠨ᠂ ᠪᠠᠭᠤᠯᠭᠠᠨ ᠥᠭᠭᠦᠭᠰᠡᠨ᠂ ᠬᠡᠷᠡᠭᠯᠡᠭᠰᠡᠨ ᠵᠢᠴᠢ ᠠᠵᠢᠯ ᠤᠨ ᠠᠮᠵᠢᠯᠲᠠ ᠪᠦᠲᠦᠮᠵᠢ ᠶᠢ ᠪᠠᠳᠠᠷᠠᠭᠤᠯᠤᠭᠰᠠᠨ ᠪᠠᠶᠢᠳᠠᠯ ᠵᠡᠷᠭᠡ ᠪᠥᠬᠦ ᠶᠠᠪᠤᠴᠠ ᠶᠢ ᠨᠢ ᠮᠥᠷᠳᠡᠪᠡ᠃ ᠰᠠᠷ᠎ᠠ ᠪᠦᠷᠢ ᠰᠢᠭᠤᠳ ᠬᠦᠷᠬᠦ ᠪᠡᠯᠡ ᠮᠥᠩᠭᠦ ᠶᠢᠨ ᠡᠬᠡ ᠳᠠᠩᠰᠠ ᠶᠢ ᠴᠠᠭ ᠲᠤᠬᠠᠶ ᠳᠤᠨᠢ ᠬᠢᠨᠠᠨ ᠡᠵᠡᠮᠳᠡᠵᠦ᠂ ᠪᠡᠯᠡ ᠮᠥᠩᠭᠦ ᠶᠢᠨ ᠪᠠᠶᠢᠳᠠᠯ ᠢ ᠡᠵᠡᠮᠰᠢᠨ᠂ ᠪᠡᠯᠡ ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠬᠦ ᠶᠢ ᠱᠠᠯᠠᠪᠳᠠᠭᠤᠯᠤᠨ᠂ ᠰᠤᠩᠭᠤᠨ ᠬᠢᠨᠠᠬᠤ ᠪᠠᠶᠢᠭᠤᠯᠭ᠎ᠠ ᠶᠢ ᠵᠦᠢ ᠵᠣᠬᠢᠰᠲᠠᠶ ᠲᠣᠭᠲᠠᠭᠠᠨ᠂ ᠪᠡᠯᠡ ᠮᠥᠩᠭᠦ ᠶᠢ ᠨᠠᠷᠢᠯᠢᠭ ᠣᠨᠣᠪᠴᠢᠲᠠᠶ᠂ ᠠᠮᠤᠷ ᠲᠦᠪᠰᠢᠨ ᠪᠥᠭᠡᠳ ᠥᠨᠳᠥᠷ ᠦᠷ᠎ᠡ ᠪᠦᠲᠦᠮᠵᠢᠲᠡᠶ ᠬᠡᠷᠡᠭᠯᠡᠬᠦ ᠳᠤ ᠬᠢᠨᠠᠯᠲᠠ ᠲᠠᠯᠪᠢᠪᠠ᠃ ᠣᠳᠣᠬᠠᠨ ᠪᠣᠯᠲᠠᠯ᠎ᠠ᠂ ᠨᠢᠭᠡᠨᠲᠡ 10  ᠪᠠᠶᠢᠭᠤᠯᠭ᠎ᠠ᠂ 3 ᠠᠵᠤ ᠠᠬᠤᠶᠢᠯᠠᠯ ᠢ ᠰᠣᠩᠭᠤᠨ ᠬᠢᠨᠠᠵᠤ᠂ 1 . 2 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠲᠠᠢ ᠬᠤᠯᠪᠣᠭᠳᠠᠵᠠᠶ᠃ ᠡᠭᠦᠨ ᠠᠴᠠ ᠭᠠᠳᠠᠨ᠎ᠠ᠂ ᠮᠠᠨ ᠤ ᠲᠣᠪᠴᠢᠶ᠎ᠠ ᠪᠠᠰᠠ 2020 ᠣᠨ ᠤ ᠭᠤᠷᠪᠠᠳᠤᠭᠠᠷ ᠤᠯᠠᠷᠢᠯ ᠤᠨ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠭᠡᠯ ᠬᠤᠷᠢᠶᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠰᠬᠠᠶ ᠬᠢᠨᠠᠨ ᠪᠤᠳᠤᠯᠲᠠ ᠬᠢᠵᠦ᠂ ᠡᠨᠡ ᠬᠤᠭᠤᠴᠠᠭᠠᠨ ᠳᠤ ᠬᠡᠰᠡᠭ  ᠪᠠᠶᠢᠭᠤᠯᠭ᠎ᠠ ᠳᠤ ᠬᠤᠯᠪᠣᠭᠳᠠᠭᠰᠠᠨ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ   ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠥᠷᠭᠡᠳᠭᠡᠭᠰᠡᠨ ᠬᠢᠨᠠᠨ ᠪᠤᠳᠤᠯᠲᠠ  ᠬᠢᠪᠡ᠃  ᠬᠢᠨᠠᠨ ᠪᠤᠳᠤᠯᠲᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠠᠴᠠ ᠦᠵᠡᠪᠡᠯ᠂ ᠬᠢᠶ᠎ᠠ ᠪᠠᠭᠰᠢ ᠲᠣᠭᠤᠷᠢᠭ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠦᠢᠳᠭᠡᠯ  ᠪᠠᠭᠤᠷᠠᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠯᠢᠶᠡᠳ ᠰᠠᠶᠢᠨ ᠬᠡᠷᠡᠭᠵᠢᠭᠦᠯᠵᠦ᠂ ᠬᠠᠮᠢᠶ᠎ᠠ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠨ᠎ᠠ᠃ ᠡᠲᠡᠭᠡᠷ ᠲᠥᠷᠥᠯ  ᠵᠦᠢᠯ ᠤᠨ ᠬᠢᠨᠠᠨ ᠪᠤᠳᠤᠯᠲᠠ ᠪᠠᠷ ᠳᠠᠮᠵᠢᠭᠤᠯᠤᠨ ᠬᠢᠶ᠎ᠠ ᠪᠠᠭᠰᠢ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠰᠠᠶᠢᠵᠢᠷᠠᠭᠤᠯᠪᠠ᠃
ᠢᠷᠡᠯᠲᠡ᠄ ᠲᠤᠰ ᠰᠦᠯᠵᠢᠶ᠎ᠡ