ᠠᠯᠪᠠᠨ ᠶᠠᠪᠤᠳᠠᠯ ᠪᠠ ᠬᠤᠪᠢ ᠶᠢᠨ ᠶᠠᠪᠤᠳᠠᠯ ᠪᠠᠷ ᠭᠠᠳᠠᠭᠠᠳᠤ ᠳᠤ ᠭᠠᠷᠴᠤ ᠠᠵᠢᠯᠯᠠᠬᠤ᠂ ᠰᠤᠷᠤᠯᠴᠠᠬᠤ ᠬᠦᠮᠦᠰ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠸᠠᠺᠼᠢᠨ ᠳᠠᠷᠢᠬᠤ ᠲᠤᠬᠠᠶ ᠬᠢᠶ᠎ᠠ ᠪᠠᠭᠰᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/1/13
          ᠤᠯᠤᠰ ᠤᠨ ︽ᠰᠢᠨ᠎ᠡ ᠬᠡᠯᠪᠡᠷᠢ ᠶᠢᠨ ᠲᠢᠲᠢᠮᠯᠢᠭ  ᠸᠢᠷᠦ᠋ᠰ ᠤᠨ ᠸᠠᠺᠼᠢᠨ ᠢ ᠪᠠᠴᠢᠮ ᠬᠡᠷᠡᠭᠯᠡᠬᠦ ᠲᠥᠰᠦᠯ︾ ᠤᠨ ᠶᠣᠰᠣᠭᠠᠷ᠂ ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠯᠪᠠᠨ ᠶᠠᠪᠤᠳᠠᠯ ᠪᠠ ᠬᠤᠪᠢ ᠶᠢᠨ ᠶᠠᠪᠤᠳᠠᠯ ᠪᠠᠷ ᠭᠠᠳᠠᠭᠠᠳᠤ ᠳᠤ ᠭᠠᠷᠴᠤ ᠠᠵᠢᠯᠯᠠᠬᠤ᠂ ᠰᠤᠷᠤᠯᠴᠠᠬᠤ ᠬᠦᠮᠦᠰ ᠬᠡᠷᠪᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠬᠤ ᠴᠢᠬᠤᠯᠠᠲᠠᠶ ᠪᠣᠯ᠂ ᠬᠤᠯᠪᠣᠭᠳᠠᠯ ᠪᠥᠬᠦᠶ ᠪᠡᠶ᠎ᠡ ᠶᠢᠨ ᠦᠨᠡᠮᠯᠡᠯ᠂ ᠭᠠᠳᠠᠭᠠᠳᠤ ᠳᠤ ᠭᠠᠷᠬᠤ ᠤᠴᠢᠷ ᠰᠢᠯᠲᠠᠭᠠᠨ ᠤ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢᠶᠠᠨ ᠠᠪᠴᠤ ᠰᠠᠭᠤᠭ᠎ᠠ ᠭᠠᠵᠠᠷ ᠤᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠬᠦᠷᠴᠦ ᠳᠡᠩᠰᠡᠯᠡᠵᠦ᠂ ᠬᠢᠨᠠᠨ ᠬᠠᠷᠭᠤᠭᠤᠯᠤᠨ᠎ᠠ ᠃ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠭᠤᠶᠤᠴᠢᠯᠠᠭᠴᠢ ᠭᠤᠶᠤᠴᠢᠯᠠᠯ ᠤᠨ ᠬᠦᠰᠦᠨᠦᠭᠲᠦ ᠵᠢᠴᠢ ᠬᠠᠮᠢᠶ᠎ᠠ ᠪᠥᠬᠦᠶ ᠮᠠᠲ᠋ᠧᠷᠢᠶᠠᠯ ᠢᠶᠠᠨ ᠬᠢᠶ᠎ᠠ ᠪᠠᠭᠰᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠬᠦᠷᠭᠡᠵᠦ ᠤᠷᠢᠳᠴᠢᠯᠠᠨ ᠪᠣᠯᠵᠣᠬᠤ ᠬᠡᠷᠡᠭᠲᠡᠶ᠃ ᠪᠤᠯᠵᠣᠭᠰᠠᠨ ᠤ ᠳᠠᠷᠠᠭ᠎ᠠ᠂ ᠪᠡᠶ᠎ᠡ ᠶᠢᠨ ᠦᠨᠡᠮᠯᠡᠯ ᠤᠨ ᠤᠭ ᠡᠬᠡ ᠪᠠᠨ ᠠᠪᠴᠤ᠂  ᠪᠣᠯᠵᠣᠭᠰᠠᠨ ᠴᠠᠭ ᠲᠤ ᠲᠣᠭᠳᠠᠭᠠᠭᠰᠠᠨ ᠭᠠᠵᠠᠷ ᠲᠤ ᠬᠦᠷᠴᠦ ᠲᠠᠷᠢᠯᠭ᠎ᠠ ᠬᠢᠨ᠎ᠡ᠃            ᠬᠠᠷᠢᠯᠴᠠᠬᠤ ᠨᠢᠬᠡᠴᠡ᠄ ᠬᠢᠶ᠎ᠠ ᠪᠠᠭᠰᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ            ᠬᠠᠶ᠋ᠢᠭ᠄ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠠᠰᠠᠷ ᠤᠨ ᠵᠡᠭᠦᠨᠳᠡᠭᠢᠠᠵᠦ ᠠᠬᠤᠢ ᠶᠢ ᠬᠦᠮᠦᠵᠢᠭᠦᠯᠦᠨ ᠪᠣᠶᠢᠵᠢᠭᠤᠯᠬᠤ ᠲᠣᠮᠣ ᠠᠰᠠᠷ ᠤᠨ 801 B ᠠᠯᠪᠠᠨ ᠬᠡᠷ            ᠬᠠᠷᠢᠯᠴᠠᠬᠤ ᠬᠥᠮᠦᠨ᠄ ᠵᠢᠶᠠ ᠰᠢᠶᠣᠣ ᠫᠧᠩ            ᠬᠠᠷᠢᠯᠴᠠᠬᠤ ᠤᠲᠠᠰᠤ᠄ 0477  —  8599931                       ᠬᠢᠶ᠎ᠠ ᠪᠠᠭᠰᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ                              2021 ᠣᠨ ᠤ 1 ᠳ᠋ᠦᠭᠡᠷ ᠰᠠᠷ᠎ᠠ ᠶᠢᠨ 12 ᠤᠨ ᠡᠳᠦᠷ
ᠢᠷᠡᠯᠲᠡ᠄ ᠲᠤᠰ ᠰᠦᠯᠵᠢᠶ᠎ᠡ