ᠬᠢᠶ᠎ᠠ ᠪᠠᠭᠰᠢ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/1/13
       ᠣᠳᠣᠬᠠᠨ ᠳᠤ᠂ ᠪᠦᠬᠦ ᠲᠡᠯᠡᠬᠡᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠶᠠᠭ ᠲᠦᠷᠭᠡᠨ ᠨᠡᠮᠡᠭᠳᠡᠬᠦ ᠬᠠᠨᠳᠤᠰᠢ ᠲᠠᠢ ᠪᠤᠯᠵᠤ᠂ ᠤᠯᠤᠰ ᠤᠨ ᠳᠣᠲᠣᠭᠠᠳᠤ ᠶᠢᠨ ᠤᠯᠠᠨ ᠭᠠᠵᠠᠷ ᠲᠤ ᠲᠠᠷᠬᠠᠢ ᠪᠣᠳᠠᠷᠬᠠᠢ ᠳᠡᠯᠭᠡᠷᠡᠭᠰᠡᠨ ᠡᠪᠡᠳᠴᠢᠨ ᠤ ᠵᠢᠱᠢᠶ᠎ᠡ ᠪᠠ ᠬᠡᠰᠡᠭ ᠭᠠᠵᠠᠷ  ᠲᠤ  ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢ ᠮᠡᠳᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠤᠯᠪᠠ᠃ ᠡᠭᠦᠨ ᠠᠴᠠ ᠭᠠᠳᠠᠨ᠎ᠠ᠂ ᠪᠤᠰᠤᠳ ᠠᠮᠢᠰᠬᠤᠯ ᠤᠨ ᠵᠠᠮ ᠢᠶᠠᠷ ᠬᠠᠯᠳᠠᠪᠤᠷᠢᠯᠠᠳᠠᠭ ᠡᠪᠡᠳᠴᠢᠨ ᠤ ᠳᠠᠬᠤᠯ ᠳᠡᠯᠭᠡᠷᠡᠬᠦ  ᠴᠠᠭ ᠤᠯᠠᠷᠢᠯ ᠪᠤᠯᠵᠤ᠂ ᠡᠭᠦᠨ ᠤ ᠳᠡᠭᠡᠷ᠎ᠡ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠬᠢᠯᠢ ᠶᠢᠨ ᠭᠠᠳᠠᠨ᠎ᠠ ᠠᠴᠠ ᠤᠯᠤᠰ ᠲᠠᠭᠠᠨ ᠪᠤᠴᠠᠵᠤ ᠢᠷᠡᠬᠦ ᠬᠥᠮᠦᠰ ᠣᠯᠠᠰᠢᠷᠠᠵᠤ᠂ ᠬᠢᠯᠢ ᠶᠢᠨ ᠳᠣᠲᠣᠷᠠᠬᠢ ᠬᠦᠮᠤᠨ ᠬᠠᠷ᠎ᠠ ᠶᠢᠨ ᠰᠢᠯᠵᠢᠯᠳᠡ ᠶᠡᠭᠡ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠣᠯᠠᠰᠢᠷᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠠᠭᠠᠨ ᠤ ᠭᠦᠢᠯᠭᠡᠭᠡᠨ ᠤ ᠬᠡᠮᠵᠢᠶ᠎ᠡ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠤᠳᠤᠯᠢᠶᠠᠨᠲᠤ ᠴᠢᠨᠠᠷ᠂ ᠭᠡᠨᠡᠳᠲᠡ ᠶᠢᠨ ᠴᠢᠨᠠᠷ ᠪᠣᠯᠤᠨ ᠲᠣᠭᠲᠠᠭᠠᠯᠲᠤ ᠪᠤᠰᠤ ᠴᠢᠨᠠᠷ ᠨᠠᠩ ᠲᠣᠪᠤᠶᠢᠮ᠎ᠠ ᠪᠣᠯᠪᠠ᠃ ︽ᠬᠤᠶᠠᠷ ᠪᠠᠶᠠᠷ︾ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠥᠷᠭᠡᠨ ᠣᠯᠠᠨ ᠠᠷᠠᠳ ᠲᠦᠮᠡᠨ ᠤ ᠪᠠᠶᠠᠷ ᠤᠨ ᠡᠳᠦᠷ ᠢᠶᠠᠨ ᠪᠠᠶᠠᠷ ᠬᠥᠷ ᠲᠠᠢ ᠥᠯᠵᠡᠶ ᠪᠡᠯᠭᠡ ᠲᠠᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂  ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠢᠶᠠᠷ ᠰᠤᠳᠤᠯᠤᠭᠤᠯᠤᠭᠠᠳ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ  ᠄        ᠨᠢᠭᠡ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ  ᠪᠠᠭᠠᠰᠬᠠᠬᠤ ᠬᠡᠷᠡᠭᠳᠡᠢ᠃        ︽ᠬᠤᠶᠠᠷ ᠪᠠᠶᠠᠷ︾ ᠤᠨ ᠬᠤᠭᠤᠴᠠᠭᠠᠨ ᠳᠤ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠠᠭᠤᠯᠵᠠᠬᠤ ᠠᠵᠢᠯᠯᠠᠭ᠎ᠠ ᠶᠢ ᠠᠯᠢ ᠴᠢᠳᠠᠬᠤ ᠪᠠᠷ ᠪᠠᠭᠠᠰᠬᠠᠵᠤ᠂ ᠰᠦᠯᠵᠢᠶᠡᠨ ᠳᠡᠭᠡᠷ᠎ᠡ ᠰᠢᠨ᠎ᠡ ᠶᠢᠨ ᠵᠣᠯᠭᠠᠯᠲᠠ ᠬᠢᠬᠦ ᠶᠢ ᠰᠠᠨᠠᠭᠠᠴᠢᠯᠠᠵᠤ᠂ ᠬᠡᠷ ᠪᠦᠯᠢ ᠬᠤᠪᠢ ᠬᠥᠮᠦᠨ ᠤ ᠴᠤᠭᠯᠠᠭᠠᠨ ᠵᠡᠷᠭᠡ ᠠᠵᠢᠯᠯᠠᠭ᠎ᠠ ᠶᠢ 10 ᠬᠥᠮᠦᠨ ᠠᠴᠠ ᠳᠣᠷᠣᠭᠰᠢ ᠬᠢᠵᠠᠭᠠᠷᠯᠠᠬᠤ ᠶᠢᠨ ᠬᠠᠮᠲᠤ ᠰᠠᠯᠬᠢ ᠨᠡᠪᠲᠡᠷᠡᠭᠦᠯᠬᠦ ᠪᠠ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠴᠤᠭᠯᠠᠭᠠᠨ ᠬᠢᠬᠦ ᠴᠠᠭ  ᠤᠨ ᠣᠷᠳᠣ ᠶᠢ ᠵᠦᠶ ᠵᠣᠬᠢᠰᠲᠠᠶ ᠬᠢᠵᠠᠭᠠᠷᠯᠠᠵᠦ᠂ ᠳᠠᠭᠰᠢᠭᠤᠷ ᠵᠡᠷᠭᠡ ᠡᠪᠡᠳᠴᠢᠨ ᠤ ᠢᠯᠡᠷᠡᠯ ᠲᠠᠢ ᠪᠣᠯ ᠠᠯᠢ ᠴᠢᠳᠠᠬᠤ ᠪᠠᠷ ᠣᠷᠣᠯᠴᠠᠬᠤ ᠥᠬᠡᠶ᠃ ᠡᠯ᠎ᠡ ᠲᠥᠷᠥᠯ ᠤᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠵᠣᠬᠢᠶᠠᠨ ᠪᠠᠶᠢᠭᠤᠯᠬᠤ ᠦᠭᠡᠶ ᠪᠤᠶᠤ ᠣᠷᠣᠯᠴᠠᠬᠤ ᠪᠠᠨ ᠴᠥᠭᠡᠳᠬᠡᠵᠦ᠂ ᠬᠥᠮᠦᠨ ᠣᠯᠠᠨ ᠴᠤᠭᠯᠠᠷᠠᠬᠤ ᠭᠠᠵᠠᠷ ᠢᠯᠠᠩᠭᠤᠶ᠎ᠠ ᠨᠢᠭᠲᠠ ᠪᠢᠲᠡᠭᠦᠮᠵᠢᠯᠡᠭᠰᠡᠨ ᠭᠠᠵᠠᠷ ᠲᠠᠯᠠᠪᠤᠷ ᠲᠤ ᠣᠴᠢᠬᠤ ᠦᠭᠡᠶ ᠪᠠᠶᠢᠬᠤ ᠬᠡᠷᠡᠭᠲᠡᠶ᠃        ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ︽ᠴᠢᠬᠤᠯᠠ ᠦᠭᠡᠶ ᠪᠣᠯ ᠡᠷᠬᠢᠯᠡᠬᠦ ᠦᠭᠡᠶ᠂ ᠬᠡᠨ ᠡᠷᠬᠢᠯᠡᠪᠡᠯ ᠲᠡᠷᠡ ᠬᠠᠷᠢᠭᠤᠴᠠᠬᠤ︾ ᠵᠠᠷᠴᠢᠮ ᠤᠨ ᠶᠣᠰᠣᠭᠠᠷ᠂ ᠲᠦᠷᠦᠭᠦᠯᠡᠨ ᠲᠥᠪᠯᠡᠷᠡᠯ ᠤᠨ ᠴᠢᠨᠠᠷᠲᠠᠶ ᠠᠵᠢᠯᠯᠠᠭ᠎ᠠ ᠶᠢ ᠴᠤᠮᠬᠠᠳᠬᠠᠵᠤ ᠪᠠᠭᠠᠰᠬᠠᠬᠤ ᠬᠡᠷᠡᠭᠲᠡᠶ᠃ ᠦᠨᠡᠨᠬᠦ ᠬᠤᠷᠠᠯ ᠡᠷᠭᠢᠯᠡᠬᠦ ᠪᠠ ᠠᠵᠢᠯᠯᠠᠭ᠎ᠠ ᠬᠢᠬᠦ ᠴᠢᠬᠤᠯᠠᠲᠠᠶ ᠪᠠᠶᠢᠪᠠᠯ᠂ ᠠᠯᠢ ᠴᠢᠳᠠᠬᠤ ᠪᠠᠷ  ᠰᠦᠯᠵᠢᠶ᠎ᠡ ᠪᠠᠷ ᠬᠤᠷᠠᠯᠳᠣᠬᠤ ᠪᠤᠶᠤ ᠸᠢᠳᠢᠣ᠋ ᠬᠡᠯᠪᠡᠷᠢ ᠶᠢᠨ ᠬᠤᠷᠠᠯ ᠤᠨ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠰᠦᠯᠵᠢᠶᠡᠨ ᠭᠠᠳᠠᠨᠠᠬᠢ ᠬᠤᠷᠠᠯ ᠤᠨ ᠠᠵᠢᠯᠯᠠᠭ᠎ᠠ ᠶᠢᠨ ᠬᠡᠪᠴᠢᠶ᠎ᠡ ᠶᠢ ᠪᠠᠭᠠᠰᠬᠠᠨ᠂ ᠬᠥᠮᠦᠨ ᠤ ᠲᠤᠭ᠎ᠠ ᠶᠢ ᠬᠢᠵᠠᠭᠠᠷᠯᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠺᠣᠳ᠋ ᠰᠢᠷᠪᠢᠵᠦ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠲᠠᠯᠠᠪᠤᠷ ᠭᠠᠵᠠᠷ ᠢ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ 50 ᠬᠥᠮᠦᠨ ᠠᠴᠠ ᠳᠡᠭᠡᠭᠰᠢᠬᠢ ᠠᠵᠢᠯᠯᠠᠭ᠎ᠠ ᠳᠤ ᠰᠡᠷᠭᠡᠶᠢᠯᠡᠨ ᠡᠵᠡᠮᠳᠡᠬᠦ ᠲᠥᠰᠦᠯ ᠪᠠ ᠪᠠᠴᠢᠮ ᠪᠠᠶᠢᠳᠠᠯ ᠢ  ᠠᠷᠭᠠᠴᠠᠬᠤ ᠲᠥᠰᠦᠯ ᠲᠣᠭᠲᠠᠭᠠᠬᠤ ᠬᠡᠷᠡᠭᠲᠡᠶ᠃ ᠲᠣᠮᠣ ᠬᠡᠯᠪᠡᠷᠢ ᠶᠢᠨ ᠬᠤᠷᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠤᠶᠤ ᠳᠠᠭᠠᠭᠠᠨ ᠭᠦᠢᠴᠡᠳᠬᠡᠭᠦ ᠳᠤ᠂ ᠢᠯᠠᠩᠭᠤᠶ᠎ᠠ ᠬᠢᠯᠢ ᠶᠢᠨ ᠭᠠᠳᠠᠨᠠᠬᠢ᠂ ᠥᠪᠡᠷᠲᠡᠭᠡᠨ ᠵᠠᠰᠠᠬᠤ ᠣᠷᠣᠨ ᠠᠴᠠ ᠪᠣᠰᠤᠳ ᠭᠠᠵᠠᠷ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠤ ᠬᠥᠮᠦᠰ ᠣᠷᠣᠯᠴᠠᠭᠰᠠᠨ ᠪᠠᠶᠢᠪᠠᠯ᠂ ᠡᠷᠬᠡᠪᠰᠢ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠴᠢᠩᠭ᠎ᠠ ᠨᠢᠮᠪᠠᠶ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠵᠣᠬᠢᠶᠠᠨ ᠪᠠᠶᠢᠭᠤᠯᠤᠭᠰᠠᠨ ᠪᠤᠶᠤ ᠳᠠᠭᠠᠭᠠᠨ  ᠭᠦᠢᠴᠡᠳᠬᠡᠭᠰᠡᠨ ᠨᠢᠭᠡᠴᠡ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃        ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠷᠠᠨ ᠰᠠᠶᠢᠬᠠᠨ ᠤ ᠲᠣᠭᠯᠠᠯᠲᠠ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠦᠵᠡᠭᠦᠯᠭᠡ ᠳᠡᠯᠭᠡᠨ ᠪᠣᠷᠣᠯᠠᠭᠤᠯᠭ᠎ᠠ ᠵᠡᠷᠭᠡ ᠠᠵᠢᠯᠯᠠᠭ᠎ᠠ ᠶᠢ ᠴᠢᠩᠭ᠎ᠠ ᠬᠢᠨᠠᠨ ᠬᠠᠮᠢᠶᠠᠷᠴᠤ᠂ ᠪᠠᠶᠠᠷ ᠤᠨ ᠡᠳᠦᠷ ᠤᠨ ᠳᠠᠭᠠᠳᠬᠠᠯ᠂ ᠰᠦᠮ᠎ᠡ ᠶᠢᠨ ᠴᠤᠭᠯᠠᠭᠠᠨ ᠳ᠋ᠧᠩᠯᠦ ᠶᠢᠨ ᠪᠠᠶᠠᠷ ᠵᠡᠷᠭᠡ ᠤᠯᠠᠨ ᠲᠦᠮᠡᠨᠴᠢ ᠴᠢᠨᠠᠷᠲᠠᠢ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠬᠥᠮᠦᠨ ᠤ ᠤᠷᠤᠰᠬᠠᠯ ᠤᠨ ᠨᠢᠭᠲᠠᠴᠠ ᠶᠢ ᠵᠣᠬᠢᠰᠲᠠᠢ ᠬᠢᠵᠠᠭᠠᠷᠯᠠᠵᠤ᠂ ᠣᠷᠣᠵᠤ ᠭᠠᠷᠬᠤ ᠵᠠᠮ ᠢ ᠵᠢᠷᠤᠵᠤ᠂ ᠲᠥᠰᠦᠯ ᠤᠨ ᠪᠡᠯᠡᠳᠬᠡᠯ ᠲᠥᠰᠦᠯ᠂ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ ᠪᠠ ᠪᠠᠴᠢᠮ ᠪᠠᠶᠢᠳᠠᠯ ᠢ   ᠠᠷᠭᠠᠴᠠᠨ ᠰᠢᠢᠳᠪᠦᠷᠢᠯᠡᠬᠦ ᠪᠡᠯᠡᠳᠬᠡᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠬᠦ ᠦᠭᠡᠢ ᠠᠵᠢᠯᠯᠠᠭ᠎ᠠ ᠶᠢ ᠵᠥᠪᠰᠢᠶᠡᠷᠡᠬᠦ ᠦᠭᠡᠢ᠃ ᠵᠠᠷᠴᠢᠮ ᠳᠡᠭᠡᠷ᠎ᠡ ᠪᠠᠨ ᠡᠯ᠎ᠡ ᠲᠥᠷᠥᠯ ᠤᠨ ᠬᠤᠳᠠᠯᠳᠤᠭᠠᠨ ᠤ ᠪᠠᠶᠢᠭᠤᠯᠤᠮᠵᠢ ᠶᠢᠨ ᠰᠦᠯᠵᠢᠶᠡᠨ ᠭᠠᠳᠠᠨᠠᠬᠢ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠳᠡᠯᠭᠡᠨ ᠪᠣᠷᠣᠯᠠᠭᠤᠯᠬᠤ᠂ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠥᠪᠰᠢᠶᠡᠷᠡᠬᠦ ᠥᠬᠡᠶ᠃        ᠬᠤᠶᠠᠷ᠂ ᠭᠠᠳᠠᠭᠰᠢ ᠭᠠᠷᠴᠤ ᠵᠢᠭᠤᠯᠴᠢᠯᠠᠬᠤ ᠶᠢ ᠪᠠᠭᠠᠰᠬᠠᠬᠤ ᠬᠡᠷᠡᠭᠳᠡᠢ᠃        ᠪᠦᠬᠦ ᠲᠤᠭᠤᠷᠢᠭ ᠤᠨ ᠨᠠᠮ ᠵᠠᠰᠠᠭ ᠤᠨ ᠪᠠᠶᠢᠭᠤᠯᠤᠯᠭ᠎ᠠ ᠶᠢᠨ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠲᠦᠷᠦᠭᠦᠯᠡᠨ ᠲᠤᠰ ᠭᠠᠵᠠᠷ ᠲᠠᠭᠠᠨ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠵᠦ᠂ ᠪᠤᠶ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠠᠯᠢ ᠴᠢᠳᠠᠬᠤ ᠪᠠᠷ ᠲᠤᠰ ᠭᠠᠵᠠᠷ ᠲᠠᠭᠠᠨ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠵᠦ᠂ ᠬᠤᠲᠠ ᠶᠢᠨ ᠠᠷᠠᠳ ᠣᠯᠠᠨ ᠪᠣᠯᠤᠨ ᠠᠵᠤ  ᠦᠢᠯᠡᠳᠪᠦᠷᠢ ᠪᠠᠷᠢᠯᠭ᠎ᠠ ᠶᠢᠨ ᠠᠵᠢᠯ ᠡᠷᠬᠢᠯᠡᠭᠰᠡᠳ ᠠᠯᠢ ᠴᠢᠳᠠᠬᠤ ᠪᠠᠷ ᠲᠤᠰ ᠭᠠᠵᠠᠷ ᠲᠠᠭᠠᠨ ᠦᠯᠡᠳᠡᠵᠦ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ  ᠶᠢ ᠰᠠᠨᠠᠭᠠᠴᠢᠯᠠᠵᠤ᠂ ᠴᠢᠬᠤᠯᠠ ᠤᠴᠢᠷ ᠦᠭᠡᠢ ᠪᠣᠯ ᠭᠠᠳᠠᠭᠰᠢ ᠭᠠᠷᠬᠤ ᠦᠭᠡᠶ᠂ ᠬᠢᠯᠢ ᠠᠴᠠ ᠭᠠᠷᠬᠤ ᠦᠭᠡᠶ᠂ ᠳᠤᠮᠳᠠ᠂ ᠥᠨᠳᠥᠷ ᠲᠦᠭᠰᠢᠭᠦᠷᠢ ᠲᠠᠢ ᠭᠠᠵᠠᠷ ᠣᠷᠣᠨ ᠢᠶᠠᠷ ᠵᠢᠭᠤᠯᠴᠢᠯᠠᠬᠤ ᠦᠭᠡᠶ ᠪᠠᠶᠢᠬᠤ ᠬᠡᠷᠡᠭᠳᠡᠢ᠃ ᠣᠳᠣᠬᠠᠨ ᠳᠤ ᠭᠠᠳᠠᠷ ᠣᠷᠣᠨ ᠳᠤ ᠠᠵᠢᠯᠯᠠᠵᠤ ᠠᠮᠢᠳᠤᠷᠠᠵᠤ ᠪᠠᠶᠢᠭ᠎ᠠ ᠬᠢᠶ᠎ᠠ ᠪᠠᠭᠰᠢ ᠨᠤᠲᠤᠭ ᠲᠠᠢ ᠬᠥᠮᠦᠨ ᠪᠦᠬᠦᠨ ᠠᠯᠢ ᠴᠢᠳᠠᠬᠤ ᠪᠠᠷ ᠵᠢᠭᠤᠯᠴᠢᠯᠠᠯ ᠤᠨ ᠠᠶᠤᠯ ᠲᠦᠭᠰᠢᠭᠦᠷᠢ ᠶᠢ ᠪᠠᠭᠠᠰᠬᠠᠵᠤ᠂ ᠲᠤᠬᠠᠶ ᠶᠢᠨ ᠭᠠᠵᠠᠷ ᠲᠠᠭᠠᠨ ᠦᠯᠡᠳᠡᠵᠦ ᠪᠠᠶᠠᠷ ᠤᠨ ᠡᠳᠦᠷ ᠢ ᠥᠩᠭᠡᠷᠡᠭᠦᠯᠵᠦ᠂ ᠬᠢᠵᠢᠭ ᠲᠠᠷᠬᠠᠬᠤ ᠠᠴᠠ ᠵᠠᠶᠢᠯᠠᠰᠬᠢᠬᠦ ᠬᠡᠷᠡᠭᠲᠡᠶ᠃ ᠦᠨᠡᠬᠡᠷ ᠭᠠᠳᠠᠭᠰᠢ ᠭᠠᠷᠬᠤ ᠴᠢᠬᠤᠯᠠᠲᠠᠢ ᠪᠠᠶᠢᠪᠠᠯ᠂ ᠵᠣᠷᠢᠭᠰᠠᠨ ᠭᠠᠵᠠᠷ ᠤᠨ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢᠨ ᠲᠡᠰ ᠪᠣᠯᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ‌‍᠎ᠡ᠎ᠡ ᠶᠢ ᠤᠷᠢᠳᠴᠢᠯᠠᠨ ᠣᠶᠢᠯᠠᠭᠠᠵᠤ᠂ ᠠᠶᠠᠨ ᠵᠠᠮ ᠤᠨ ᠲᠡᠮᠳᠡᠭᠯᠡᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠬᠦ ᠶᠢᠨ ᠬᠠᠮᠲᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃ ᠵᠢᠭᠤᠯᠴᠢᠯᠠᠯ ᠤᠨ ᠬᠤᠭᠤᠴᠠᠭᠠᠨ ᠳᠤ ᠬᠤᠪᠢ ᠬᠥᠮᠦᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠡᠷᠪᠡ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠭᠠᠷᠪᠠᠯ ᠳᠠᠷᠦ᠋ᠢᠬᠠᠨ ᠵᠢᠭᠤᠯᠴᠢᠯᠠᠯ ᠢᠶᠠᠨ ᠵᠣᠭᠰᠣᠭᠠᠬᠤ ᠶᠢᠨ ᠬᠠᠮᠲᠤ ᠴᠠᠭ ᠲᠤᠬᠠᠶ ᠳᠤᠨᠢ ᠣᠶᠢᠷ᠎ᠠ ᠬᠠᠪᠢ  ᠶᠢᠨ ᠬᠠᠯᠠᠭᠤᠷᠠᠬᠤ ᠡᠭᠦᠳᠡᠨ ᠡᠮᠨᠡᠯᠭᠡ ᠶᠢ ᠰᠣᠩᠭᠤᠵᠤ ᠡᠮᠨᠡᠭᠦᠯᠬᠦ ᠬᠡᠷᠡᠭᠲᠡᠶ᠃ ᠪᠤᠴᠠᠬᠤ ᠠᠴᠠ ᠪᠠᠨ ᠡᠮᠦᠨ᠎ᠡ ᠪᠠᠶᠢᠭ᠎ᠠ ᠨᠢᠭᠡᠴᠢ᠂ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠪᠤᠴᠠᠭᠰᠠᠨ ᠤ ᠳᠠᠷᠠᠭ᠎ᠠ ᠭᠠᠳᠠᠭᠰᠢ ᠭᠠᠷᠴᠤ ᠶᠠᠪᠤᠬᠤ ᠪᠠᠨ ᠪᠠᠭᠠᠰᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠳᠤ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠠᠶᠠᠯᠠᠯ ᠤᠨ ᠫᠢᠶᠣᠣ ᠪᠠᠷᠢᠮᠲᠠ ᠪᠠᠨ ᠲᠣᠬᠢᠲᠠᠶ ᠬᠠᠳᠠᠭᠠᠯᠠᠵᠤ ᠪᠠᠶᠢᠴᠠᠭᠠᠨ ᠯᠠᠪᠯᠠᠬᠤ ᠳᠤ ᠪᠡᠯᠡᠳᠬᠡᠬᠦ ᠬᠡᠷᠡᠭᠲᠡᠶ᠃ ᠨᠠᠰᠤᠲᠠᠶᠢᠴᠤᠳ᠂ ᠤᠵᠢᠭ ᠡᠪᠡᠳᠴᠢᠲᠡᠨ᠂ ᠵᠢᠷᠮᠦᠰᠦᠨ ᠡᠮᠡᠭᠲᠡᠶ ᠵᠡᠷᠭᠡ ᠬᠥᠮᠦᠰ ᠭᠠᠳᠠᠭᠰᠢ ᠭᠠᠷᠬᠤ ᠶᠢ ᠰᠠᠨᠠᠭᠤᠯᠬᠤ ᠥᠬᠡᠶ᠃        ᠭᠤᠷᠪᠠ᠂ ᠭᠤᠣᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠬᠤ ᠬᠡᠷᠡᠭᠲᠡᠶ᠃          ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠪᠣᠶ ᠪᠥᠬᠦᠶ ᠬᠥᠮᠦᠰ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 14 ᠡᠳᠦᠷ ᠬᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ + 1 ᠤᠳᠠᠭ᠎ᠠ ᠴᠢᠰᠤᠨ ᠴᠠᠶᠢᠪᠠᠩ ᠤᠨ ᠳᠠᠭᠠᠭᠠᠭᠴᠢ ᠶᠢᠨ ᠰᠢᠯᠭᠠᠨ ᠪᠠᠶᠢᠴᠠᠭᠠᠯᠳᠠ ᠬᠢᠭᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠤᠯᠤᠰ ᠤᠨ ᠳᠣᠲᠣᠭᠠᠳᠤ ᠶᠢᠨ ᠥᠨᠳᠥᠷ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ  ᠲᠤᠭᠤᠷᠢᠭ ᠲᠤ ᠢᠷᠡᠬᠦ ︵ᠪᠤᠴᠠᠵᠤ ᠢᠷᠡᠬᠦ︶ ᠬᠥᠮᠦᠰ  ᠢᠷᠡᠭᠦ ᠠᠴᠠ ᠪᠠᠨ ᠡᠮᠦᠨ᠎ᠡ ᠪᠠᠶᠢᠭ᠎ᠠ ᠨᠢᠭᠡᠴᠡ ᠪᠠ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ ᠳᠤᠮᠳᠠ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠲᠤᠭᠤᠷᠢᠭ ᠲᠤ ᠢᠷᠡᠬᠦ ︵ᠪᠤᠴᠠᠵᠤ ᠢᠷᠡᠬᠦ︶ ᠬᠥᠮᠦᠰ   ᠢᠷᠡᠭᠦ ᠠᠴᠠ ᠪᠠᠨ ᠡᠮᠦᠨ᠎ᠡ ᠪᠠᠶᠢᠭ᠎ᠠ ᠨᠢᠭᠡᠴᠡ ᠪᠠ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠵᠤ᠂ 7 ᠡᠳᠦᠷ ᠤᠨ ᠳᠣᠳᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠨᠢ ᠪᠢᠯᠢᠭ ᠴᠢᠨᠠᠷᠲᠠᠶ ᠭᠡᠷᠡᠴᠢ ᠪᠤᠶᠤ 7 ᠡᠳᠦᠷ ᠤᠨ ᠳᠣᠳᠣᠷᠠᠬᠢ  ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠨᠢ ᠪᠢᠯᠢᠭ ᠴᠢᠨᠠᠷᠲᠠᠶ ᠮᠡᠳᠡᠭᠡ ᠵᠠᠩᠭᠢ ᠶᠢᠨ ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠲᠠᠢ ᠪᠣᠯ᠂ ᠪᠡᠶ᠎ᠡ ᠶᠢᠨ ᠳᠤᠯᠠᠭᠠᠨ ᠢ ᠨᠢ ᠬᠡᠮᠵᠢᠭᠡᠳ ᠬᠡᠪ ᠤᠨ ᠪᠠᠶᠢᠬᠤ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠨᠡᠭᠦᠳᠡᠯᠯᠡᠵᠦ ᠪᠣᠯᠤᠨ᠎ᠠ  ᠂ ᠬᠡᠷᠪᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠨᠢ ᠪᠢᠯᠢᠭ ᠴᠢᠨᠠᠷᠲᠠᠶ ᠮᠡᠳᠡᠭᠡ ᠵᠠᠩᠭᠢ ᠶᠢ ᠬᠠᠩᠭᠠᠵᠤ ᠳᠡᠶᠢᠯᠬᠦ ᠥᠬᠡᠶ ᠪᠣᠯ᠂ ᠡᠷᠬᠡᠪᠰᠢ ᠲᠡᠷᠡ ᠳᠠᠷᠤᠶ ᠳᠤᠨᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢ ᠬᠢᠬᠦ ᠶᠢᠨ ᠬᠠᠮᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠡᠷᠡᠭᠲᠡᠶ᠂ ᠰᠢᠯᠭᠠᠨ ᠪᠠᠶᠢᠴᠠᠭᠠᠯᠳᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠶ ᠪᠠᠶᠢᠵᠤ᠂ ᠪᠡᠶ᠎ᠡ ᠶᠢᠨ ᠳᠤᠯᠠᠭᠠᠨ ᠢ ᠬᠡᠮᠵᠢᠭᠡᠳ ᠬᠡᠪ ᠤᠨ ᠪᠠᠶᠢᠬᠤ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠨᠡᠭᠦᠳᠡᠯᠯᠡᠵᠦ ᠪᠣᠯᠤᠨ᠎ᠠ᠃ ᠪᠤᠰᠤᠳ ᠭᠠᠵᠠᠷ ᠣᠷᠣᠨ ᠠᠴᠠ ᠮᠠᠨ ᠤ ᠲᠤᠭᠤᠷᠢᠭ ᠲᠤ ᠢᠷᠡᠬᠦ ︵ᠪᠤᠴᠠᠬᠤ︶ ᠬᠥᠮᠦᠰ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠲᠠᠢ ᠨᠢᠭᠳᠠ ᠬᠠᠷᠢᠯᠴᠠᠭᠰᠠᠳ ᠲᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 3 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ  ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃        ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠳ ᠲᠣᠰ ᠬᠠᠷᠢᠶ᠎ᠠ ᠣᠷᠣᠨ᠂ ᠲᠣᠰ ᠠᠵᠢᠯ ᠲᠥᠷᠥᠯ ᠤᠨ ᠬᠢᠯᠢ ᠶᠢᠨ ᠭᠠᠳᠠᠨ᠎ᠠ ᠪᠤᠶᠤ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠠᠰ ᠤᠨ ᠲᠦᠭᠰᠢᠭᠦᠷᠢ ᠲᠠᠢ ᠭᠠᠵᠠᠷ ᠣᠷᠣᠨ ᠳᠤ ᠢᠷᠡᠵᠦ ᠶᠠᠪᠤᠬᠤ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠵᠢᠭᠰᠠᠭᠠᠨ ᠪᠠᠶᠢᠴᠠᠭᠠᠭᠠᠳ ᠣᠯᠵᠤ ᠮᠡᠳᠡᠭᠰᠡᠨ ᠬᠠᠮᠢᠶ᠎ᠠ ᠪᠥᠬᠦᠶ ᠬᠥᠮᠦᠰ ᠢ ᠴᠠᠭ ᠲᠤᠬᠠᠶ ᠳᠤᠨᠢ  ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ ᠲᠥᠪᠯᠡᠷᠡᠭᠦᠯᠦᠨ ᠲᠤᠰᠠᠭᠠᠷᠯᠠᠬᠤ᠂ ᠪᠥᠭᠡᠮ ᠬᠦᠴᠢᠯ  ᠤᠨ  ᠰᠢᠯᠭᠠᠨ ᠪᠠᠶᠢᠴᠠᠭᠠᠯᠳᠠ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠵᠣᠴᠢᠳ ᠤᠨ ᠪᠠᠭᠤᠳᠠᠯ ᠵᠡᠷᠭᠡ ᠣᠯᠠᠨ ᠨᠡᠶᠢᠲᠡ ᠶᠢᠨ ᠲᠠᠯᠠᠪᠤᠷ ᠨᠢ ᠣᠷᠣᠵᠤ ᠢᠷᠡᠭᠰᠡᠨ ᠬᠥᠮᠦᠰ ᠤᠨ ᠡᠷᠡᠭᠦᠯ ᠮᠡᠨᠳᠦ ᠶᠢᠨ ᠺᠣᠳ᠋ ᠪᠣᠯᠤᠨ ᠠᠶᠠᠯᠠᠯ ᠤᠨ ᠵᠠᠮ ᠢ ᠨᠠᠷᠢᠨ ᠬᠢᠨᠠᠮᠠᠭᠠᠶ ᠪᠠᠶᠢᠴᠠᠭᠠᠨ᠂ ᠬᠥᠮᠦᠰ ᠤᠨ ᠮᠡᠳᠡᠭᠡ ᠵᠠᠩᠭᠢ ᠶᠢᠨ ᠳᠠᠩᠰᠠᠯᠠᠯ ᠢ ᠰᠠᠶᠢᠲᠤᠷ ᠬᠢᠵᠦ᠂ ᠬᠡᠪ ᠤᠨ ᠪᠤᠰᠤ ᠪᠠᠶᠢᠳᠠᠯ  ᠢᠯᠡᠷᠡᠪᠡᠯ  ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃        ᠳᠥᠷᠪᠡ᠂ ᠭᠤᠣᠯᠳᠠᠯᠭ᠎ᠠ ᠲᠠᠢ ᠲᠠᠯᠠᠪᠤᠷ ᠭᠠᠵᠠᠷ ᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠬᠤ ᠬᠡᠷᠡᠭᠲᠡᠶ᠃        ᠬᠤᠳᠠᠯᠳᠤᠭᠠᠨ ᠤ ᠬᠡᠲᠦ ᠳᠡᠯᠭᠡᠭᠦᠷ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠺᠢᠨᠣ᠋   ᠶᠢᠨ ᠣᠷᠳᠣᠨ ᠵᠦᠴᠦᠭᠡ ᠶᠢᠨ ᠲᠢᠶᠠᠲᠷ᠂ ᠰᠦᠯᠵᠢᠶᠡᠨ ᠪᠠᠭᠠᠷ ᠠᠷᠢᠬᠢᠨ ᠪᠠᠭᠠᠷ᠂ ᠬᠤᠭᠤᠯᠠᠨ ᠬᠡᠷ ᠪᠠᠭᠤᠳᠠᠯ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠵᠤ ᠭᠠᠷᠬᠤ ᠤᠷᠤᠰᠴᠠ ᠶᠢ ᠡᠵᠡᠮᠳᠡᠬᠦ ᠪᠠᠨ ᠴᠢᠩᠭᠠᠳᠬᠠᠨ᠂ ᠰᠠᠯᠬᠢ ᠨᠡᠪᠲᠡᠷᠡᠭᠦᠯᠦᠨ ᠠᠷᠢᠭᠤᠳᠬᠠᠬᠤ᠂ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ ᠪᠠ ︽ᠨᠢᠭᠡ ᠮᠧᠲᠷ ᠤᠨ ᠵᠠᠶᠢᠳᠠᠢ ᠪᠠᠶᠢᠬᠤ︾  ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠶ ᠬᠡᠷᠡᠭᠵᠢᠭᠦᠯᠵᠦ᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠰᠡᠷᠭᠡᠶᠢᠯᠡᠬᠦ ᠬᠡᠷᠡᠭᠲᠡᠶ ᠃ ᠺᠢᠨᠣ᠋   ᠶᠢᠨ ᠣᠷᠳᠣᠨ ᠵᠦᠴᠦᠭᠡ ᠶᠢᠨ ᠲᠢᠶᠠᠲᠷ᠂ ᠨᠠᠶᠢᠷ ᠨᠠᠭᠠᠳᠤᠮ ᠤᠨ ᠭᠠᠵᠠᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠬᠡᠷᠡᠭᠯᠡᠭᠴᠢᠳ ᠤᠨ ᠲᠤᠭ᠎ᠠ ᠶᠢ ᠬᠢᠨᠠᠨ ᠲᠣᠭᠲᠠᠭᠠᠭᠰᠠᠨ ᠬᠥᠮᠦᠨ ᠤ ᠲᠤᠭ᠎ᠠ ᠶᠢᠨ 75 % ᠠᠴᠠ ᠥᠯᠥ ᠬᠡᠲᠦᠷᠡᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃        ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ᠨᠢ ︽ᠪᠣᠯᠵᠣᠵᠤ ᠳᠡᠶᠢᠯᠬᠦ ᠪᠦᠬᠦᠨ ᠢ ᠪᠣᠯᠵᠣᠬᠤ︾ ᠵᠠᠷᠴᠢᠮ ᠶᠣᠰᠣᠭᠠᠷ᠂ ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠬᠦᠷᠢᠶᠡᠯᠡᠩ ᠳᠤ ᠣᠷᠣᠭᠤᠯᠬᠤ᠂ ᠵᠢᠭᠤᠯᠴᠢᠯᠠᠭᠴᠢᠳ ᠢ ᠭᠥᠯᠢᠶᠡᠨ ᠠᠪᠬᠤ ᠬᠡᠮᠵᠢᠶ᠎ᠡ ᠶᠢ ᠬᠠᠮᠤᠭ ᠤᠨ ᠶᠡᠭᠡ ᠳᠠᠭᠠᠭᠠᠴᠠ ᠶᠢᠨ ᠬᠡᠮᠵᠢᠶ᠎ᠡ ᠶᠢᠨ 75 % ᠠᠴᠠ ᠬᠡᠲᠦᠷᠡᠭᠦᠯᠬᠦ ᠥᠬᠡᠶ ᠪᠠᠶᠢᠵᠤ᠂ ᠵᠢᠭᠤᠯᠴᠢᠯᠠᠭᠴᠢᠳ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠵᠢᠭᠤᠯᠴᠢᠯᠠᠬᠤ ᠬᠡᠷᠡᠭᠲᠡᠶ᠃ ᠳᠤᠮᠳᠠ ᠥᠨᠳᠥᠷ ᠳᠡᠰ ᠤᠨ ᠲᠦᠭᠰᠢᠭᠦᠷᠢ ᠲᠠᠢ ᠭᠠᠵᠠᠷ ᠣᠷᠣᠨ ᠪᠤᠶᠤ ᠬᠢᠯᠢ ᠶᠢᠨ ᠭᠠᠳᠠᠨ᠎ᠠ ᠵᠢᠭᠤᠯᠴᠢᠯᠠᠬᠤ ᠠᠴᠠ ᠵᠠᠶᠢᠯᠠᠰᠬᠢᠨ᠎ᠡ᠃        ᠨᠠᠰᠣᠳᠠᠨ ᠢ ᠠᠰᠠᠷᠠᠬᠤ ᠪᠠᠶᠢᠭᠤᠯᠤᠮᠵᠢ᠂ ᠠᠰᠠᠷᠠᠮᠵᠢ ᠶᠢᠨ ᠬᠦᠷᠢᠶᠡᠯᠡᠩ ᠵᠡᠷᠭᠡ ᠣᠨᠴᠠᠭᠠᠶ ᠲᠠᠯᠠᠪᠤᠷ  ᠲᠤᠰᠬᠠᠶ ᠬᠥᠮᠦᠨ ᠲᠣᠭᠲᠠᠭᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠷᠢᠭᠤᠴᠠᠭᠤᠯᠵᠤ᠂ ᠬᠥᠮᠦᠰ ᠤᠨ ᠡᠷᠡᠭᠦᠯ ᠮᠡᠨᠳᠦ ᠶᠢ ᠬᠢᠨᠠᠨ ᠬᠡᠮᠵᠢᠬᠦ᠂ ᠲᠣᠭᠲᠠᠮᠠᠯ ᠬᠤᠭᠤᠴᠠᠭ᠎ᠠ ᠲᠠᠢ ᠪᠠᠷ ᠰᠠᠯᠬᠢ ᠨᠡᠪᠲᠡᠷᠡᠭᠦᠯᠦᠨ ᠠᠭᠠᠷ ᠰᠣᠯᠢᠬᠤ ᠪᠠ  ᠠᠷᠢᠭᠤᠳᠬᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠵᠤ ᠪᠠᠶᠢᠭ᠎ᠠ ᠬᠥᠮᠦᠰ᠂ ᠣᠷᠣᠵᠤ ᠭᠠᠷᠬᠤ ᠬᠥᠮᠦᠰ ᠢ  ᠱᠠᠭᠠᠷᠳᠠᠨ ᠠᠮᠠᠪᠴᠢ ᠵᠡᠭᠦᠯᠭᠡᠬᠦ ᠬᠡᠷᠡᠭᠲᠡᠶ᠃        ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ ᠡᠳᠦᠷ ᠪᠦᠷᠢ ᠬᠢᠴᠢᠶᠡᠯ ᠤᠨ ᠭᠡᠷ᠂ ᠨᠣᠮ ᠤᠨ ᠰᠠᠩ᠂ ᠬᠤᠭᠤᠯᠠᠨ ᠭᠡᠷ᠂ ᠪᠠᠶᠢᠷᠢ ᠶᠢᠨ ᠭᠡᠷ ᠵᠡᠷᠭᠡ ᠭᠤᠣᠯᠳᠠᠯᠭ᠎ᠠ ᠲᠠᠢ ᠭᠠᠵᠠᠷ ᠲᠠᠯᠠᠪᠤᠷ  ᠢ ᠰᠠᠯᠬᠢ ᠨᠡᠪᠳᠡᠷᠡᠭᠦᠯᠦᠨ ᠴᠡᠪᠡᠷᠯᠡᠵᠦ ᠠᠷᠢᠭᠤᠳᠬᠠᠬᠤ ᠬᠡᠷᠡᠭᠲᠡᠶ᠃ ᠴᠢᠯᠥᠭᠡ ᠲᠠᠯᠪᠢᠬᠤ ᠠᠴᠠ ᠡᠮᠦᠨ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠡᠭᠦᠯ ᠮᠡᠨᠳᠦ ᠶᠢᠨ ᠬᠥᠮᠦᠵᠢᠯ ᠢ ᠨᠢᠭᠡ ᠤᠳᠠᠭ᠎ᠠ ᠥᠷᠨᠢᠭᠦᠯᠵᠦ᠂ ᠪᠠᠭᠰᠢ ᠰᠤᠷᠤᠭᠴᠢᠳ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠵᠣ᠂ ᠬᠡᠷ ᠲᠡᠭᠡᠨ ᠬᠠᠷᠢᠬᠤ ᠵᠢᠴᠢ ᠰᠤᠷᠭᠠᠭᠤᠯᠢ ᠳᠠᠭᠠᠨ ᠪᠤᠴᠠᠬᠤ ᠵᠠᠮ ᠳᠠᠭᠠᠨ ᠠᠮᠠᠪᠴᠢ ᠵᠡᠭᠦᠵᠦ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠬᠦ ᠶᠢ ᠰᠤᠷᠤᠭᠴᠢᠳ ᠲᠤ ᠰᠠᠨᠠᠭᠤᠯᠬᠤ ᠬᠡᠷᠡᠭᠲᠡᠶ᠃ ᠣᠷᠭᠢᠯ ᠤᠨ ᠬᠤᠭᠤᠴᠠᠭ᠎ᠠ ᠶᠢ ᠣᠨᠣᠪᠴᠢᠲᠠᠶ ᠡᠮᠬᠢ ᠵᠢᠷᠤᠮ ᠲᠠᠢ ᠪᠠᠷ ᠵᠥᠷᠢᠭᠦᠯᠦᠨ ᠴᠢᠯᠥᠭᠡ ᠲᠠᠯᠪᠢᠵᠤ ᠰᠤᠷᠭᠠᠭᠤᠯᠢ ᠡᠬᠢᠯᠡᠨ᠂ ᠰᠤᠷᠭᠠᠭᠤᠯᠢ ᠠᠴᠠ ᠰᠠᠯᠤᠭᠰᠠᠨ ᠰᠤᠷᠤᠭᠴᠢᠳ ᠤᠨ ᠰᠠᠭᠤᠷᠢ ᠲᠤᠭ᠎ᠠ ᠲᠣᠳᠣᠷᠬᠠᠶ᠂ ᠬᠡᠷ ᠲᠡᠭᠡᠨ ᠪᠤᠴᠠᠬᠤ ᠠᠶᠠᠯᠠᠯ ᠢ ᠮᠥᠷᠳᠡᠵᠦ ᠪᠣᠯᠬᠤ᠂ ᠬᠡᠷ ᠰᠤᠷᠭᠠᠭᠤᠯᠢ ᠬᠠᠮᠵᠢᠯᠴᠠᠨ ᠬᠠᠷᠢᠭᠤ ᠲᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠮᠠᠷᠠᠯᠲᠠ ᠶᠢᠨ ᠬᠤᠭᠤᠴᠠᠭᠠᠨ ᠳᠤ᠂ ᠪᠠᠭᠰᠢ ᠰᠤᠷᠤᠭᠴᠢᠳ ᠠᠯᠢ ᠴᠢᠳᠠᠬᠤ ᠪᠠᠷ ᠬᠢᠯᠢ ᠶᠢᠨ ᠭᠠᠳᠠᠨᠠᠬᠢ ᠪᠤᠶᠤ ᠳᠤᠮᠳᠠ ᠥᠨᠳᠥᠷ ᠳᠡᠰ ᠤᠨ ᠲᠦᠭᠰᠢᠭᠦᠷᠢᠳᠡᠢ ᠭᠠᠵᠠᠷ ᠣᠷᠣᠨ ᠳᠤ ᠬᠦᠷᠴᠦ ᠲᠥᠷᠥᠯ ᠰᠠᠳᠤᠨ ᠢᠶᠠᠨ ᠡᠷᠭᠢᠵᠦ ᠵᠢᠭᠤᠯᠴᠢᠯᠠᠬᠤ ᠠᠴᠠ ᠵᠠᠶᠢᠯᠠᠰᠬᠢᠵᠦ᠂ ᠦᠨᠡᠬᠡᠷ ᠣᠴᠢᠬᠤ ᠴᠢᠬᠤᠯᠠᠲᠠᠶ ᠪᠣᠯ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ᠃        ᠲᠠᠪᠤ᠂ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠬᠤ ᠬᠡᠷᠡᠭᠲᠡᠶ᠃        ᠪᠥᠬᠦ ᠲᠤᠭᠤᠷᠢᠭ ᠤᠨ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂  ᠠᠵᠢᠯ ᠲᠥᠷᠥᠯ   ᠤᠨ ᠬᠦᠷᠢᠶ᠎ᠡ ᠬᠡᠪᠴᠢᠶᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢ ᠱᠠᠭᠠᠷᠳᠠᠬᠤ ᠬᠡᠷᠡᠭᠲᠡᠶ᠃ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ ᠠᠵᠢᠯᠲᠠᠨ᠂ ᠣᠷᠴᠢᠨ ᠲᠣᠭᠤᠷᠢᠨ ᠢᠯᠠᠩᠭᠤᠶ᠎ᠠ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠲᠣᠮᠣ ᠬᠡᠯᠪᠡᠷᠢ ᠶᠢᠨ ᠬᠡᠲᠦ ᠳᠡᠯᠭᠡᠭᠦᠷ᠂ ᠵᠠᠮ ᠬᠠᠷᠢᠯᠴᠠᠭ᠎ᠠ ᠲᠡᠭᠡᠭᠡᠪᠦᠷᠢ᠂ ᠲᠦᠷᠭᠡᠨ  ᠬᠦᠷᠭᠡᠯᠳᠡ ᠡᠳ᠋ ᠪᠠᠷᠠᠭᠠᠨ ᠤ ᠭᠦᠢᠯᠭᠡᠭᠡ᠂ ᠵᠠᠬᠢᠶᠠᠯᠠᠭ᠎ᠠ ᠶᠢᠨ ᠬᠤᠭᠤᠯᠠ᠂ ᠡᠮ ᠤᠨ ᠳᠡᠯᠭᠡᠭᠦᠷ ᠵᠡᠷᠭᠡ ᠠᠵᠢᠯ ᠲᠥᠷᠥᠯ ᠤᠨ ᠠᠵᠢᠯᠲᠠᠨ ᠳᠤ ᠱᠠᠭᠠᠷᠳᠠᠯᠭ᠎ᠠ ᠶᠣᠰᠣᠭᠠᠷ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠬᠡᠷᠡᠭᠲᠡᠶ᠃ ᠭᠠᠳᠠᠭᠠᠳᠤ ᠠᠴᠠ ᠣᠷᠣᠭᠤᠯᠤᠭᠰᠠᠨ ᠡᠳ᠋ ᠪᠠᠷᠠᠭ᠎ᠠ᠂ ᠳᠤᠮᠳᠠ ᠥᠨᠳᠥᠷ ᠳᠡᠰ ᠤᠨ ᠲᠦᠭᠰᠢᠭᠦᠷᠢ ᠲᠠᠢ ᠭᠠᠵᠠᠷ ᠣᠷᠣᠨ ᠤ ᠲᠦᠷᠭᠡᠨ  ᠬᠦᠷᠭᠡᠯᠳᠡ ᠰᠢᠤᠳᠠᠨ ᠵᠦᠢᠯ ᠢᠯᠠᠩᠭᠤᠶ᠎ᠠ ᠬᠦᠢᠳᠡᠨ ᠬᠡᠯᠬᠢᠶᠡᠲᠦ ᠢᠳᠡᠭᠡᠨ ᠤ ᠪᠣᠭᠤᠳᠠᠯ ᠪᠠᠭᠯᠠᠭ᠎ᠠ᠂ ᠲᠡᠭᠡᠭᠡᠪᠦᠷᠢ ᠶᠢᠨ ᠪᠠᠭᠠᠵᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠶ ᠪᠠᠷ ᠪᠥᠬᠦ ᠲᠠᠯ᠎ᠠ ᠪᠠᠷ ᠠᠷᠢᠭᠤᠳᠬᠠᠬᠤ ᠵᠡᠷᠭᠡ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢᠨ ᠰᠠᠯᠬᠢ ᠨᠡᠪᠲᠡᠷᠡᠭᠦᠯᠬᠦ᠂ ᠠᠷᠢᠭᠤᠳᠬᠠᠬᠤ᠂ ᠰᠠᠭᠤᠳᠠᠯ ᠤᠨ ᠨᠣᠷᠮ᠎ᠠ ᠶᠢᠨ ᠡᠵᠡᠮᠳᠡᠬᠦ᠂ ᠠᠶᠠᠨᠴᠢᠳ ᠤᠨ ᠮᠡᠳᠡᠭᠡ ᠵᠠᠩᠭᠢ ᠶᠢ ᠲᠡᠮᠳᠡᠭᠯᠡᠬᠦ ᠪᠠ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃        ᠡᠯ᠎ᠡ ᠨᠡᠶᠢᠭᠡᠮ ᠤᠨ ᠨᠢᠭᠡᠴᠢ᠂ ᠠᠵᠤ ᠠᠬᠤᠶᠢᠯᠠᠯ ᠣᠨᠴᠠᠭᠠᠶᠢᠯᠠᠨ ᠵᠡᠭᠡᠯᠢ ᠭᠤᠳᠤᠮᠵᠢ ︵ᠨᠡᠶᠢᠭᠡᠮ ᠲᠣᠭᠤᠷᠢᠭ︶  ᠵᠡᠷᠭᠡ ᠬᠠᠤᠯᠢ ᠶᠢᠨ ᠡᠷᠬᠡᠲᠡᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠦᠭᠯᠡᠭᠦᠷ ᠲᠠᠢ  ᠪᠠᠶᠢᠬᠤ᠂ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠲᠦᠷᠢᠮ ᠪᠠ ᠬᠠᠷᠢᠭᠤᠴᠠᠯᠭᠠᠲᠠᠨ ᠲᠠᠢ ᠪᠠᠶᠢᠬᠤ᠂ ᠵᠣᠬᠢᠬᠤ ᠬᠡᠮᠵᠢᠶᠡᠨ ᠤ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠤᠨ ᠨᠥᠭᠡᠴᠡ ᠲᠠᠢ ᠪᠠᠶᠢᠬᠤ᠂ ᠬᠠᠷᠢᠶ᠎ᠠ ᠭᠠᠵᠠᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠴᠦᠨ  ᠤ ᠵᠢᠯᠣᠭᠤᠳᠤᠨ ᠳᠡᠮᠵᠢᠯᠬᠡ ᠲᠠᠢ ᠪᠠᠶᠢᠬᠤ᠂ ᠲᠤᠰᠠᠭᠠᠷᠯᠠᠬᠤ ᠲᠠᠯᠠᠪᠤᠷ ᠪᠠ ᠰᠢᠯᠵᠢᠭᠦᠯᠦᠨ ᠵᠥᠭᠡᠭᠡᠪᠦᠷᠢᠯᠡᠬᠦ ᠪᠡᠯᠡᠳᠬᠡᠯ ᠲᠠᠢ ᠪᠠᠶᠢᠬᠤ ᠵᠡᠷᠭᠡ ᠠᠷᠭ᠎ᠠ ᠬᠡᠮᠵᠢᠶ᠎ᠡ  ᠲᠠᠢ ᠪᠠᠶᠢᠬᠤ᠂ ᠡᠷᠡᠭᠦᠯ ᠮᠡᠨᠳᠦ ᠶᠢ ᠠᠬᠢᠭᠤᠯᠬᠤ ᠬᠥᠮᠦᠵᠢᠯ ᠢ ᠴᠢᠩᠭᠠᠳᠬᠠᠬᠤ᠂ ᠠᠵᠢᠯᠳᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠬᠤ᠂ ᠬᠥᠮᠦᠰ ᠤᠨ ᠣᠷᠣᠵᠤ ᠭᠠᠷᠬᠤ ᠬᠠᠮᠢᠶᠠᠷᠤᠯᠲᠠ ᠶᠢ ᠴᠢᠩᠭᠠᠳᠬᠠᠬᠤ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ  ᠬᠢᠭᠦ ᠬᠡᠷᠡᠭᠲᠡᠢ᠃        ᠡᠯ᠎ᠡ ᠨᠡᠶᠢᠭᠡᠮ ᠲᠣᠭᠤᠷᠢᠭ ᠲᠣᠤᠷᠴᠢᠯᠠᠭᠰᠠᠨ ᠬᠠᠮᠢᠶᠠᠷᠤᠯᠲᠠ ᠶᠢ ᠦᠷᠭᠦᠯᠵᠢᠯᠡᠨ ᠴᠢᠩᠭ᠎ᠠ ᠬᠡᠷᠡᠭᠵᠢᠭᠦᠯᠵᠦ᠂ ᠲᠣᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠠᠮᠠᠷᠠᠯᠲᠠ ᠶᠢᠨ ᠬᠤᠭᠤᠴᠠᠭᠠᠨ ᠳᠤ ᠨᠤᠲᠤᠭ ᠲᠠᠭᠠᠨ ᠪᠤᠴᠠᠭᠰᠠᠨ ᠬᠥᠮᠦᠰ ︵ᠢᠯᠠᠩᠭᠤᠶ᠎ᠠ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ ᠬᠠᠮᠢᠶ᠎ᠠ ᠪᠥᠬᠦᠶ ᠠᠵᠢᠯ ᠢ ᠡᠷᠭᠢᠯᠡᠨ ᠬᠢᠵᠦ ᠪᠠᠶᠢᠭ᠎ᠠ ᠨᠤᠲᠤᠭ ᠲᠠᠭᠠᠨ ᠪᠤᠴᠠᠭᠰᠠᠨ ᠬᠥᠮᠦᠰ︶᠂ ᠡᠪᠦᠯ ᠤᠨ ᠠᠮᠠᠷᠠᠯᠲᠠ ᠢᠶᠠᠷ  ᠪᠤᠴᠠᠭᠰᠠᠨ ᠶᠡᠭᠡ ᠰᠤᠷᠭᠠᠭᠤᠯᠢ ᠶᠢᠨ ᠣᠶᠤᠲᠠᠨ᠂ ᠭᠠᠳᠠᠨ᠎ᠠ ᠠᠴᠠ ᠢᠷᠡᠭᠰᠡᠨ ᠬᠥᠮᠦᠰ᠂ ᠳᠤᠮᠳᠠ ᠥᠨᠳᠥᠷ ᠲᠠᠰ ᠤᠨ ᠲᠦᠭᠰᠢᠭᠦᠷᠢ ᠲᠠᠢ ᠭᠠᠵᠠᠷ ᠣᠷᠣᠨ ᠠᠴᠠ ᠢᠷᠡᠭᠰᠡᠨ ᠬᠥᠮᠦᠰ᠂ ᠬᠢᠯᠢ ᠳᠤ ᠣᠷᠣᠵᠤ ᠢᠷᠡᠭᠰᠡᠨ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠤᠨ ᠳᠡᠩᠰᠡᠯᠡᠨ ᠲᠡᠮᠳᠡᠭᠯᠡᠬᠦ᠂ ᠪᠠᠶᠢᠳᠠᠯ ᠤᠶᠢᠯᠠᠭᠠᠨ ᠨᠡᠷ᠎ᠡ ᠵᠢᠭᠰᠠᠭᠠᠬᠤ ᠠᠵᠢᠯ ᠢ ᠰᠠᠶᠢᠲᠤᠷ ᠬᠢᠵᠦ᠂ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠ ᠡᠷᠡᠭᠦᠯ ᠮᠡᠨᠳᠦ ᠶᠢᠨ ᠬᠢᠨᠠᠨ  ᠬᠡᠮᠵᠢᠭᠦ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠲᠣᠭᠤᠷᠢᠨ ᠰᠢᠪᠠᠳᠠᠨ ᠪᠠᠶᠢᠴᠠᠭᠠᠬᠤ ᠪᠠᠨ ᠴᠢᠩᠭᠠᠳᠬᠠᠵᠤ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠣᠶᠢᠯᠠᠭᠠᠵᠤ᠂ ᠬᠢᠨᠠᠨ ᠬᠠᠷᠭᠤᠭᠤᠯᠬᠤ ᠪᠠ ᠮᠡᠳᠡᠭᠦᠯᠬᠦ ᠬᠡᠷᠡᠭᠲᠡᠶ᠃        ᠵᠢᠷᠭᠤᠭ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ  ᠥᠷᠨᠢᠭᠦᠯᠬᠦ ᠬᠡᠷᠡᠭᠳᠡᠢ᠃        ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠳ ᠴᠠᠭᠠᠨ ᠰᠠᠷ᠎ᠠ ᠠᠴᠠ ᠡᠮᠦᠨᠡᠬᠢ ᠶᠡᠭᠡ ᠴᠡᠪᠡᠷᠯᠡᠯᠲᠡ ᠵᠡᠷᠭᠡ ᠤᠯᠠᠮᠵᠢᠯᠠᠯᠲᠤ ᠵᠠᠩ ᠳᠠᠳᠬᠠᠯ ᠢ ᠠᠰᠢᠭᠯᠠᠨ᠂ ᠥᠷᠭᠡᠨ ᠣᠯᠠᠨ ᠺᠠᠳ᠋ᠷ ᠣᠯᠠᠨ ᠲᠦᠮᠡᠨ ᠢ ᠳᠠᠶᠢᠴᠢᠯᠠᠨ ︽ᠶᠡᠭᠡ ᠴᠡᠪᠡᠷᠯᠡᠯᠲᠡ᠂ ᠶᠡᠭᠡ ᠠᠷᠢᠭᠤᠳᠬᠠᠯ︾ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠪᠠᠶᠢᠯᠭᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ︽ᠲᠠᠪᠤᠨ ᠵᠢᠵᠢᠭ ᠠᠵᠢᠯ ᠲᠥᠷᠥᠯ︾᠂ ᠴᠡᠩᠭᠡᠯ ᠤᠨ ᠭᠠᠵᠠᠷ᠂ ᠲᠡᠷᠭᠡᠨ ᠵᠣᠭᠰᠣᠭᠠᠯ᠂ ᠠᠮᠠᠷᠠᠬᠤ  ᠲᠤᠭᠤᠷᠢᠭ᠂ ᠬᠤᠭ ᠨᠣᠪᠰᠢ ᠶᠢ ᠰᠢᠢᠳᠪᠦᠷᠢᠯᠡᠭᠦ ᠭᠠᠵᠠᠷ᠂ ᠨᠡᠶᠢᠲᠡ ᠶᠢᠨ ᠵᠣᠷᠯᠣᠩ᠂ ᠴᠠᠬᠢᠯᠭᠠᠨ ᠱᠠᠲᠤ ᠶᠢᠨ ᠲᠠᠰᠤᠯᠭ᠎ᠠ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠨ ᠠᠮᠢᠳᠤᠷᠠᠬᠤ ᠭᠠᠵᠠᠷ ᠢ ᠠᠷᠢᠯᠭᠠᠨ᠂ ᠸᠢᠷᠦ᠋ᠰ ᠤᠨ ᠪᠣᠬᠢᠷᠲᠤᠯ ᠤᠨ ᠲᠦᠭᠰᠢᠭᠦᠷᠢ ᠶᠢ ᠪᠠᠭᠤᠷᠠᠭᠤᠯᠬᠤ ᠬᠡᠷᠡᠭᠲᠡᠶ᠃ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ︽ᠡᠳᠦᠷ ᠪᠦᠷᠢ ᠴᠡᠪᠡᠷᠯᠡᠵᠦ︾᠂ ᠴᠡᠪᠡᠷ ᠠᠷᠢᠭᠤᠨ᠂ ᠡᠷᠡᠭᠦᠯ ᠰᠠᠷᠠᠭᠤᠯ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃        ᠳᠣᠯᠤᠭ᠎ᠠ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠬᠦ  ᠬᠡᠷᠡᠭᠳᠡᠢ᠃        ᠥᠷᠭᠡᠨ ᠣᠯᠠᠨ ᠰᠠᠭᠤᠭᠠᠯᠢ ᠠᠷᠠᠳ ︽ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ︾ ᠤ ᠣᠶᠢᠯᠠᠭᠠᠭᠳᠠᠬᠤᠨ ᠢ ᠪᠣᠶ ᠪᠣᠯᠭᠠᠵᠤ᠂ ᠬᠠᠮᠤᠭ ᠤᠨ ᠰᠢᠨ᠎ᠡ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠵᠢᠩᠬᠢᠨᠢ ᠬᠡᠲᠦ ᠳᠡᠯᠭᠡᠭᠦᠷ ᠪᠤᠶᠤ ᠵᠠᠬ᠎ᠠ ᠳᠡᠯᠭᠡᠭᠦᠷ ᠠᠴᠠ ᠪᠠᠶᠠᠷ ᠤᠨ ᠡᠳᠦᠷ ᠤᠨ ᠪᠠᠷᠠᠭ᠎ᠠ ᠰᠣᠩᠭᠤᠵᠤ ᠬᠤᠳᠠᠯᠳᠤᠨ ᠠᠪᠬᠤ ᠬᠡᠷᠡᠭᠲᠡᠶ᠂  ᠠᠯᠢ ᠴᠢᠳᠠᠬᠤ ᠪᠠᠷ ᠭᠠᠳᠠᠭᠠᠳᠤ ᠶᠢᠨ ᠪᠠᠷᠠᠭ᠎ᠠ ᠶᠢ ᠬᠤᠳᠠᠯᠳᠤᠨ ᠠᠪᠬᠤ ᠦᠭᠡᠢ᠃ ᠰᠢᠤᠳᠠᠨ ᠤ ᠵᠦᠢᠯ ᠲᠦᠷᠭᠡᠨ ᠬᠦᠷᠭᠡᠯᠳᠡ ᠢ ᠠᠪᠬᠤ ᠦᠶ᠎ᠡ ᠳᠤ᠂ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠴᠠᠭ ᠲᠤᠬᠠᠶ ᠳᠤᠨᠢ ᠬᠡᠷ ᠤᠨ ᠭᠠᠳᠠᠨ᠎ᠠ  ᠭᠠᠳᠠᠷ ᠪᠤᠭᠤᠳᠠᠯ ᠢ ᠨᠢ ᠠᠷᠢᠭᠤᠳᠬᠠᠵᠤ᠂ ᠲᠦᠷᠭᠡᠨ ᠬᠦᠷᠭᠡᠯᠳᠡ ᠶᠢᠨ ᠵᠦᠢᠯ ᠢ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ ᠳᠠᠷᠦ᠋ᠢᠬᠠᠨ ᠭᠠᠷ ᠢᠶᠠᠨ ᠤᠬᠢᠶᠠᠬᠤ ᠬᠡᠷᠡᠭᠲᠡᠶ᠃ ᠬᠦᠢᠲᠡᠨ ᠬᠡᠯᠬᠢᠶᠡᠲᠦ ᠢᠳᠡᠭᠡᠨ ᠢ ᠰᠣᠩᠭᠤᠵᠤ ᠬᠤᠳᠠᠯᠳᠤᠨ ᠠᠪᠬᠤ ᠳᠠᠭᠠᠨ ᠠᠮᠠᠪᠴᠢ ᠪᠠ ᠨᠢᠭᠡ ᠯᠠ ᠤᠳᠠᠭ᠎ᠠ ᠶᠢᠨ ᠴᠢᠨᠠᠷᠲᠠᠶ ᠪᠡᠭᠡᠯᠡᠶ ᠵᠡᠭᠦᠵᠦ᠂ ᠭᠠᠷ ᠢᠶᠠᠷ ᠢᠶᠠᠨ ᠰᠢᠭᠤᠳ ᠬᠦᠷᠦᠯᠴᠡᠬᠦ ᠠᠴᠠ ᠵᠠᠶᠢᠯᠠᠰᠬᠢᠵᠦ᠂ ᠪᠠᠷᠠᠭ᠎ᠠ ᠬᠤᠳᠠᠯᠳᠤᠨ ᠠᠪᠤᠭᠰᠠᠨ ᠤ ᠳᠠᠷᠠᠭ᠎ᠠ ᠴᠠᠭ ᠲᠤᠬᠠᠶ ᠳᠤᠨᠢ ᠭᠠᠷ ᠢᠶᠠᠨ ᠤᠬᠢᠶᠠᠨ ᠠᠷᠢᠭᠤᠳᠬᠠᠵᠤ᠂ ᠭᠠᠷ ᠢᠶᠠᠷ ᠢᠶᠠᠨ ᠬᠠᠮᠠᠷ ᠠᠮᠠ ᠨᠢᠳᠦᠨ ᠳᠤ ᠭᠦᠷᠦᠬᠦ ᠠᠴᠠ ᠵᠠᠶᠢᠯᠠᠰᠬᠢᠬᠦ ᠬᠡᠷᠡᠭᠲᠡᠶ᠃ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠢ ᠰᠣᠩᠭᠤᠨ ᠬᠤᠳᠠᠯᠳᠤᠨ ᠠᠪᠬᠤ ᠠᠴᠠ ᠡᠮᠦᠨ᠎ᠡ᠂ ᠬᠤᠳᠠᠯᠳᠤᠭᠠᠴᠢᠨ ᠤ ᠦᠵᠡᠭᠦᠯᠦᠭᠰᠡᠨ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠭᠡᠷᠡᠴᠢ ᠵᠢᠴᠢ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠭᠰᠠᠨ ᠭᠡᠷᠡᠴᠢ ᠶᠢ ᠨᠠᠷᠢᠨ ᠪᠠᠶᠢᠴᠠᠭᠠᠨ ᠦᠵᠡᠵᠦ᠂ ᠬᠠᠮᠢᠶ᠎ᠠ ᠪᠥᠬᠦᠶ ᠭᠡᠷᠡᠴᠢ ᠥᠬᠡᠶ ᠪᠣᠯ ᠬᠤᠳᠠᠯᠳᠤᠨ ᠠᠪᠴᠤ ᠪᠣᠯᠬᠤ ᠥᠬᠡᠶ ᠪᠥᠭᠡᠳ ᠰᠠᠨᠠᠭᠠᠴᠢᠯᠠᠭ᠎ᠠ ᠠᠴᠠ ᠪᠠᠨ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠢᠯᠡᠴᠢᠯᠡᠨ ᠮᠡᠳᠡᠭᠦᠯᠬᠦ ᠬᠡᠷᠡᠭᠲᠡᠶ᠃ ᠢᠳᠡᠭᠡᠨ ᠤ ᠮᠠᠲ᠋ᠧᠷᠢᠶᠠᠯ ᠢ ᠰᠢᠢᠳᠪᠦᠷᠢᠯᠡᠭᠦ ᠦᠶᠡᠰ᠂ ᠤᠰᠤᠨ ᠴᠣᠷᠭᠤ ᠶᠢᠨ ᠳᠣᠤᠷ᠎ᠠ ᠰᠢᠭᠤᠳ ᠤᠬᠢᠶᠠᠬᠤ ᠠᠴᠠ ᠵᠠᠶᠢᠯᠠᠰᠬᠢᠵᠦ᠂ ᠰᠦᠷᠴᠢᠨ ᠪᠣᠬᠢᠷᠲᠤᠭᠤᠯᠬᠤ ᠠᠴᠠ ᠰᠡᠷᠭᠡᠶᠢᠯᠡᠨ᠎ᠡ᠃ ᠢᠳᠡᠭᠡᠨ ᠤ ᠮᠠᠲ᠋ᠧᠷᠢᠶᠠᠯ ᠢ ᠪᠣᠯᠪᠠᠰᠤᠷᠠᠭᠤᠯᠬᠤ ᠳᠠᠭᠠᠨ ᠲᠦᠭᠦᠬᠡᠢ ᠪᠠ ᠪᠤᠯᠭᠤᠭᠰᠠᠨ ᠢ ᠰᠠᠯᠭᠠᠵᠤ᠂  ᠲᠤᠭᠤᠰᠢᠲᠠᠢ ᠴᠢᠨᠠᠵᠤ ᠪᠣᠯᠭᠠᠬᠤ ᠬᠡᠷᠡᠭᠲᠡᠢ᠃        ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠵᠤ᠂ ᠦᠷᠭᠦᠯᠵᠢ ᠰᠠᠯᠬᠢ ᠨᠡᠪᠲᠡᠷᠡᠭᠦᠯᠦᠨ᠂ ᠭᠠᠷ ᠢᠶᠠᠨ ᠦᠷᠭᠦᠯᠵᠢ ᠤᠬᠢᠶᠠᠵᠤ᠂  ᠴᠤᠭᠯᠠᠷᠠᠬᠤ ᠪᠠᠨ ᠪᠠᠭᠠᠰᠬᠠᠬᠤ᠂ ︽1 ᠮᠧᠲᠷ ᠤᠨ  ᠵᠠᠢ︾  ᠶᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠨᠡᠶᠢᠲᠡ ᠶᠢᠨ ᠰᠠᠪᠬ᠎ᠠ ᠬᠠᠯᠪᠠᠭ᠎ᠠ ᠶᠢ ᠬᠡᠷᠡᠭᠯᠡᠨ᠂ ᠪᠣᠯᠪᠠᠰᠤᠨ ᠢᠶᠠᠷ ᠬᠤᠭᠤᠯᠠᠯᠠᠬᠤ ᠬᠡᠷᠡᠭᠲᠡᠶ᠃ ᠤᠯᠠᠨ ᠨᠡᠶᠢᠲᠡ ᠶᠢᠨ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠤᠬᠠᠮᠰᠠᠷ ᠠᠴᠠ ᠪᠠᠨ ᠵᠢᠷᠤᠮᠯᠠᠵᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠦᠨᠡᠨ ᠨᠡᠷ᠎ᠡ ᠪᠠᠷ ᠳᠠᠩᠰᠠᠯᠠᠬᠤ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ ᠬᠤᠪᠢ ᠬᠥᠮᠦᠨ ᠪᠣᠯᠤᠨ ᠬᠡᠷ ᠪᠦᠯᠢ ᠶᠢᠨ ᠪᠦᠷᠢᠯᠳᠦᠬᠦᠨ ᠤ ᠡᠷᠡᠭᠦᠯ ᠮᠡᠨᠳᠦ ᠶᠢᠨ ᠪᠠᠶᠢᠳᠠᠯ ᠢ ᠨᠢᠭᠲᠠ ᠠᠩᠬᠠᠷᠴᠤ᠂ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ ᠡᠮ ᠢ ᠳᠤᠷ᠎ᠠ ᠪᠠᠷ ᠢᠶᠠᠨ ᠤᠤᠭᠤᠵᠤ ᠪᠣᠯᠬᠤ ᠥᠬᠡᠶ᠂ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠬᠦᠷᠴᠦ ᠵᠢᠭᠰᠠᠭᠠᠨ ᠪᠠᠶᠢᠴᠠᠭᠠᠵᠤ ᠣᠨᠣᠰᠢᠯᠠᠨ ᠵᠠᠰᠠᠵᠤ᠂ ᠡᠮᠨᠡᠭᠦᠯᠬᠦ ᠶᠠᠪᠤᠴᠠ ᠳᠤ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠵᠦ᠂ ᠪᠥᠬᠦ ᠶᠠᠪᠤᠴᠠ ᠳᠤ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠳᠡᠷᠭᠡᠳᠡᠬᠢ ᠲᠥᠷᠥᠯ ᠰᠠᠳᠤᠨ᠂ ᠬᠥᠷᠰᠢ ᠵᠡᠷᠭᠡᠯᠡᠳᠡᠭᠡ᠂ ᠬᠠᠮᠲᠤ ᠠᠵᠢᠯᠯᠠᠭᠰᠠᠳ ᠨᠢ ᠬᠢᠯᠢ ᠶᠢᠨ ᠭᠠᠳᠠᠨ᠎ᠠ ᠵᠢᠭᠤᠯᠴᠢᠯᠠᠨ ᠰᠠᠭᠤᠭᠰᠠᠨ ᠲᠡᠦᠬᠡ ᠲᠠᠢ᠂ ᠳᠤᠮᠳᠠ ᠥᠨᠳᠥᠷ  ᠳᠡᠰ ᠤᠨ ᠲᠦᠭᠰᠢᠭᠦᠷᠢ ᠲᠠᠢ ᠭᠠᠵᠠᠷ ᠣᠷᠣᠨ ᠢᠶᠠᠷ ᠵᠢᠭᠤᠯᠴᠢᠯᠠᠨ ᠰᠠᠭᠤᠭᠰᠠᠨ ᠲᠡᠦᠬᠡ ᠲᠠᠢ ᠪᠠᠶᠢᠬᠤ ᠶᠢ ᠣᠯᠵᠤ ᠮᠡᠳᠡᠪᠡᠯ᠂ ᠪᠠᠶᠢᠭ᠎ᠠ ᠨᠡᠶᠢᠭᠡᠮ ᠲᠣᠭᠤᠷᠢᠭ᠂ ᠨᠢᠭᠡᠴᠡ ᠳᠡᠭᠡᠨ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠬᠢᠬᠦ ᠶᠢ ᠰᠠᠨᠠᠭᠤᠯᠬᠤ ᠬᠡᠷᠡᠭᠲᠡᠶ᠃        ᠨᠠᠢᠮᠠ᠂ ᠵᠢᠵᠢᠭᠦᠷᠯᠡᠨ ᠰᠠᠬᠢᠬᠤ ᠶᠢ ᠴᠢᠩᠭᠠᠳᠬᠠᠬᠤ ᠬᠡᠷᠡᠭᠳᠡᠢ᠃ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠢᠨ ︽ᠬᠤᠶᠠᠷ ᠪᠠᠶᠠᠷ︾ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ 24 ᠴᠠᠭ ᠢᠶᠠᠷ ᠲᠤᠰᠬᠠᠶ ᠬᠥᠮᠦᠨ ᠵᠢᠵᠢᠭᠦᠷᠯᠡᠬᠦ ᠪᠠ ᠤᠳᠤᠷᠢᠳᠤᠯᠭ᠎ᠠ ᠠᠵᠢᠯ ᠤᠨ ᠪᠠᠶᠢᠷᠢ ᠳᠠᠭᠠᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠴᠢᠮ ᠭᠡᠨᠡᠳᠲᠡ ᠶᠢᠨ ᠪᠠᠶᠢᠳᠠᠯ ᠭᠠᠷᠪᠠᠯ ᠳᠠᠷᠤᠶ ᠲᠦᠷᠭᠡᠨ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠬᠦ ᠶᠢᠨ ᠬᠠᠮᠲᠤ ᠳᠠᠷᠤᠶ ᠲᠦᠷᠭᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠰᠢᠢᠳᠪᠦᠷᠢᠯᠡᠵᠦ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠪᠥᠬᠦ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠶ᠎ᠠ ᠪᠠᠭᠰᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠤᠲᠠᠰᠤ᠄ 0477 --- 8599004᠃        ᠶᠢᠰᠦ᠂ ᠲᠣᠰ ᠵᠠᠷᠯᠠᠯ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠳᠠᠭᠠᠯᠳᠤᠨ ᠬᠥᠳᠡᠯᠦᠩᠭᠦᠶ ᠲᠣᠬᠢᠷᠠᠭᠤᠯᠤᠯᠲᠠ  ᠬᠢᠨ᠎ᠡ᠃                                     ᠬᠢᠶ᠎ᠠ ᠪᠠᠭᠰᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ                                     ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                          2020 ᠣᠨ ᠤ 12 ᠳ᠋ᠤᠭᠠᠷ ᠰᠠᠷ᠎ᠠ ᠶᠢᠨ 31 ᠤ ᠡᠳᠦᠷ
ᠢᠷᠡᠯᠲᠡ᠄ ᠲᠤᠰ ᠰᠦᠯᠵᠢᠶ᠎ᠡ