ᠬᠢᠶ᠎ᠠ ᠪᠠᠭᠰᠢ ᠲᠣᠭᠤᠷᠢᠭ᠄ 10 ᠬᠥᠮᠦᠨ ᠠᠴᠠ ᠳᠡᠭᠡᠭᠰᠢᠬᠢ ᠬᠠᠮᠳᠦ ᠶᠢᠨ ᠬᠤᠭᠤᠯᠠᠯᠭ᠎ᠠ ᠡᠷᠬᠡᠪᠰᠢ ᠮᠡᠳᠡᠭᠦᠯᠵᠦ ᠳᠠᠩᠰᠠᠯᠠᠭᠤᠯᠬᠤ ᠬᠡᠷᠡᠭᠲᠡᠶ ︕
ᠨᠡᠶᠢᠲᠡᠯᠡᠭᠰᠡᠨ ᠴᠠᠭ᠄
2021/1/14
        ᠴᠠᠭᠠᠨ ᠰᠠᠷ᠎ᠠ ᠣᠶᠢᠷᠠᠳᠤᠵᠤ᠂ ᠡᠨᠡ ᠡᠪᠦᠯ ᠢᠷᠡᠬᠦ ᠬᠠᠪᠤᠷ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯ ᠲᠦᠷᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠥᠮᠦᠰ ᠤᠨ ᠴᠤᠭᠯᠠᠷᠠᠨ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠠᠭᠠᠰᠬᠠᠵᠤ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠤᠳᠤ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯ ᠲᠦᠷᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠢ ᠳᠣᠣᠷᠠᠬᠢ ᠮᠡᠲᠦ ᠮᠡᠳᠡᠭᠳᠡᠶ᠎ᠡ᠄         ᠨᠢᠭᠡ᠂ ᠡᠯ᠎ᠡ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠦᠯ ᠢ ᠴᠠᠭ ᠲᠤᠬᠠᠢ ᠳᠤᠨᠢ ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ  ᠃         ᠬᠤᠶᠠᠷ᠂ ᠭᠠᠳᠠᠭᠠᠳᠤ ᠠᠴᠠ ᠣᠷᠣᠭᠤᠯᠣᠭᠰᠠᠨ ᠬᠦᠢᠲᠡᠨ ᠬᠡᠯᠬᠢᠶᠡᠲᠦ ᠢᠳᠡᠭᠡᠨ ᠤ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠪᠠᠷᠢᠮᠲᠠ ᠳᠥᠷᠪᠡᠨ ᠭᠡᠷᠡᠴᠢ︾ ︵ ᠬᠢᠯᠢ ᠶᠢᠨ ᠪᠣᠭᠤᠮᠲᠠ ᠪᠠᠷ ᠦᠩᠭᠡᠷᠡᠭᠰᠡᠨ ᠪᠠᠷᠢᠮᠲᠠ᠂ ᠬᠢᠯᠢ ᠢᠶᠠᠷ  ᠣᠷᠣᠭᠰᠠᠨ ᠪᠠᠷᠠᠭᠠᠨ ᠤ ᠰᠢᠯᠭᠠᠨ ᠪᠠᠶᠢᠴᠠᠭᠠᠭᠰᠠᠨ ᠭᠡᠷᠡᠴᠢ᠂ ᠪᠥᠭᠡᠮ ᠬᠦᠴᠢᠯ ᠤᠨ ᠰᠢᠯᠭᠠᠨ  ᠪᠠᠶᠢᠴᠠᠭᠠᠯᠳᠠ ᠶᠢᠨ ᠭᠡᠷᠡᠴᠢ᠂ ᠠᠷᠢᠭᠤᠳᠬᠠᠭᠰᠠᠨ ᠭᠡᠷᠡᠴᠢ᠂ ᠪᠠᠷᠠᠭ᠎ᠠ ᠣᠷᠣᠭᠤᠯᠤᠭᠰᠠᠨ ᠭᠡᠷᠡᠴᠢ  ︶ ᠣᠯᠤᠭᠰᠠᠨ ᠦᠭᠡᠶ ᠭᠠᠳᠠᠭᠠᠳᠤ ᠠᠴᠠ ᠣᠷᠣᠭᠤᠯᠣᠭᠰᠠᠨ ᠬᠦᠢᠲᠡᠨ ᠬᠡᠯᠬᠢᠶᠡᠲᠦ ᠢᠳᠡᠭᠡᠨ ᠪᠦᠬᠦᠨ ᠢ ᠴᠥᠮ ᠬᠤᠳᠠᠯᠳᠤᠨ ᠠᠪᠴᠤ ᠪᠣᠯᠬᠤ ᠦᠭᠡᠶ᠂ ᠪᠤᠯᠪᠠᠰᠤᠷᠠᠭᠤᠯᠤᠨ ᠪᠣᠷᠣᠯᠠᠭᠤᠯᠵᠤ ᠪᠣᠯᠬᠤ ᠦᠭᠡᠶ ᠃ ᠭᠠᠳᠠᠭᠠᠳᠤ ᠠᠴᠠ ᠣᠷᠣᠭᠤᠯᠣᠭᠰᠠᠨ ᠬᠦᠢᠲᠡᠨ ᠬᠡᠯᠬᠢᠶᠡᠲᠦ ᠢᠳᠡᠭᠡᠨ ᠢ ᠬᠡᠷᠡᠭᠯᠡᠬᠦ ᠳᠤ᠂ ︽ᠣᠷᠳᠣᠰ ᠬᠤᠲᠠ ᠶᠢᠨ ᠢᠳᠡᠭᠡᠨ ᠤ ᠦᠢᠯᠡᠳᠪᠦᠷᠢᠯᠡᠯ᠂ ᠡᠵᠡᠩᠨᠡᠯᠲᠡ ᠶᠢᠨ ᠨᠢᠭᠡᠴᠡ ᠶᠢᠨ ᠭᠠᠳᠠᠭᠠᠳᠤ ᠠᠴᠠ ᠣᠷᠣᠭᠤᠯᠣᠭᠰᠠᠨ ᠬᠦᠢᠲᠡᠨ ᠬᠡᠯᠬᠢᠶᠡᠲᠦ ᠢᠳᠡᠭᠡᠨ ᠬᠤᠳᠠᠯᠳᠤᠨ ᠠᠪᠬᠤ ᠶᠢ ᠮᠡᠳᠡᠭᠦᠯᠵᠦ ᠳᠠᠩᠰᠠᠯᠠᠭᠤᠯᠬᠤ ᠬᠦᠰᠦᠨᠦᠭᠲᠦ︾ ᠶᠢ ᠬᠢᠨᠠᠮᠠᠭᠠᠶ ᠳᠠᠭᠯᠠᠵᠤ ᠂ ︽ᠭᠠᠳᠠᠭᠠᠳᠤ ᠠᠴᠠ ᠣᠷᠣᠭᠤᠯᠣᠭᠰᠠᠨ ᠬᠦᠢᠲᠡᠨ ᠬᠡᠯᠬᠢᠶᠡᠲᠦ ᠢᠳᠡᠭᠡᠨ ᠬᠤᠳᠠᠯᠳᠤᠨ ᠠᠪᠬᠤ ᠮᠡᠳᠡᠭᠡ ᠵᠠᠩᠭᠢ ᠪᠠᠨ ᠮᠡᠳᠡᠭᠦᠯᠵᠦ ᠳᠠᠩᠰᠠᠯᠠᠭᠤᠯᠬᠤ ᠬᠢᠨᠠᠨ ᠬᠠᠷᠭᠤᠭᠤᠯᠵᠤ ᠪᠠᠶᠢᠴᠠᠭᠠᠬᠤ ᠲᠣᠭᠲᠠᠴᠠ︾ ᠪᠠᠷ ᠳᠠᠮᠵᠢᠨ 24 ᠴᠠᠭ ᠤᠷᠢᠳᠴᠢᠯᠠᠨ ᠬᠠᠷᠢᠶ᠎ᠠ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠮᠡᠳᠡᠭᠦᠯᠬᠦ ᠶᠢᠨ ᠬᠠᠮᠲᠤ᠂ ︽ᠲᠠᠪᠤᠨ ᠲᠤᠰᠬᠠᠶ︾ ᠶᠢᠨ ᠱᠠᠭᠠᠷᠳᠠᠯᠭ᠎ᠠ ︵ᠲᠤᠰᠬᠠᠶ ᠨᠡᠪᠲᠡᠷᠡᠬᠦ ᠵᠠᠮ᠂ ᠲᠤᠰᠬᠠᠶ ᠲᠡᠷᠭᠡ ᠪᠠᠷ ᠰᠠᠪᠠᠯᠠᠨ ᠲᠡᠭᠡᠭᠡᠪᠦᠷᠢᠯᠡᠬᠦ᠂ ᠲᠤᠰᠬᠠᠶ ᠬᠥᠮᠥᠷᠭᠡ ᠳᠤ ᠬᠠᠳᠠᠭᠠᠯᠠᠬᠤ᠂ ᠲᠤᠰᠬᠠᠶ ᠯᠠᠩᠭᠦᠶ ᠪᠠᠷ ᠪᠣᠷᠣᠯᠠᠭᠤᠯᠬᠤ᠂ ᠲᠤᠰᠬᠠᠶ ᠬᠥᠮᠦᠨ ᠬᠠᠳᠠᠭᠠᠯᠠᠨ ᠬᠠᠮᠢᠶᠠᠷᠬᠤ︶ ᠶᠢ ᠭᠦᠢᠴᠡᠳᠬᠡᠬᠦ ᠬᠡᠷᠡᠭᠲᠡᠶ᠃         ᠭᠤᠷᠪᠠ᠂ ︽ᠴᠢᠬᠤᠯᠠ ᠥᠬᠡᠶ ᠪᠣᠯ ᠡᠷᠭᠢᠯᠡᠬᠦ ᠥᠬᠡᠶ︾ ᠵᠠᠷᠴᠢᠮ ᠶᠣᠰᠣᠭᠠᠷ᠂  ᠬᠤᠷᠢᠮ ᠨᠠᠶᠢᠷ ᠢ ᠬᠤᠶᠢᠰᠢᠯᠠᠭᠤᠯᠤᠨ᠂ ᠪᠠᠯᠪᠠᠰᠦᠷᠠᠯ ᠢ ᠳᠥᠭᠦᠮᠴᠢᠯᠡᠨ᠂ ᠬᠠᠮᠲᠤ ᠬᠤᠭᠤᠯᠠᠯᠠᠬᠤ ᠶᠢ ᠴᠢᠩᠭ᠎ᠠ ᠬᠢᠵᠠᠭᠠᠷᠯᠠᠨ᠎ᠠ᠃  ᠶᠠᠭ ᠬᠢᠭᠦ ᠴᠢᠬᠤᠯᠠ ᠲᠠᠢ ᠪᠣᠯ ︽ᠬᠡᠨ ᠵᠣᠬᠢᠶᠠᠨ ᠪᠠᠶᠢᠭᠤᠯᠪᠠᠯ ᠬᠡᠨ ᠬᠠᠷᠢᠭᠤᠴᠠᠬᠤ᠂ ᠬᠡᠨ ᠡᠷᠬᠢᠯᠡᠪᠡᠯ ᠬᠡᠨ ᠬᠠᠷᠢᠭᠤᠴᠠᠬᠤ ︾ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠠᠴᠠ ᠪᠤᠯᠵᠤ ᠬᠢᠵᠢᠭ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ 10 ᠬᠥᠮᠦᠨ ᠠᠴᠠ ᠳᠡᠭᠡᠭᠰᠢᠬᠢ ᠬᠠᠮᠳᠦ ᠶᠢᠨ ᠬᠤᠭᠤᠯᠠᠯᠭ᠎ᠠ ︵ᠬᠤᠷᠢᠮ ᠪᠡᠯᠪᠡᠰᠦᠷᠡᠯ ᠤᠨ ᠨᠠᠶᠢᠷ᠂ ᠲᠥᠷᠥᠭᠰᠡᠨ ᠡᠳᠦᠷ ᠤᠨ ᠨᠠᠶᠢᠷ᠂ ᠪᠢᠲᠡᠭᠦᠨ ᠤ ᠬᠤᠭᠤᠯᠠ᠂ ᠬᠤᠷᠠᠯ ᠤᠨ ᠬᠠᠮᠳᠦ ᠶᠢᠨ ᠬᠤᠭᠤᠯᠠᠯᠭ᠎ᠠ ᠵᠡᠷᠭᠡ ᠪᠠᠭᠲᠠᠨ᠎ᠠ︶ ᠶᠢᠨ ᠠᠵᠢᠯᠯᠠᠭ᠎ᠠ ᠶᠢ ᠳᠠᠭᠠᠭᠠᠨ ᠭᠦᠢᠴᠡᠳᠬᠡᠭᠦ ᠳᠡᠭᠡᠨ᠂ ᠬᠠᠷᠢᠶ᠎ᠠ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠰᠠᠨᠠᠭᠠᠴᠢᠯᠠᠭ᠎ᠠ ᠠᠴᠠ ᠪᠠᠨ ᠭᠤᠶᠤᠴᠢᠯᠠᠨ ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃         ᠳᠥᠷᠪᠡ᠂ ᠡᠯ᠎ᠡ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠬᠠᠮᠳᠦ ᠶᠢᠨ ᠬᠤᠭᠤᠯᠠᠯᠭ᠎ᠠ ᠶᠢᠨ ᠦᠢᠯᠡᠴᠢᠯᠡᠭᠡ ᠶᠢ ᠳᠠᠭᠠᠭᠠᠴᠢᠯᠠᠨ ᠡᠷᠬᠢᠯᠡᠬᠦ ᠠᠴᠠ ᠡᠮᠦᠨ᠎ᠡ᠂ ᠡᠷᠬᠢᠯᠡᠭᠰᠡᠨ ᠲᠠᠯ᠎ᠠ ᠯᠤᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠠᠯᠠᠯᠲᠠ ᠶᠢᠨ ᠪᠢᠴᠢᠭ ᠲᠣᠭᠲᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠢ ᠡᠬᠢ ᠡᠭᠦᠰᠦᠯ ᠠᠴᠠ ᠨᠢ ᠰᠠᠶᠢᠲᠤᠷ ᠬᠢᠬᠦ ᠬᠡᠷᠡᠭᠲᠡᠶ᠃         ᠲᠠᠪᠤ᠂ ᠴᠢᠬᠤᠯᠠ ᠪᠤᠰᠤ ᠬᠠᠮᠳᠦ ᠶᠢᠨ ᠬᠤᠭᠤᠯᠠᠯᠭ᠎ᠠ ᠶᠢ ᠪᠠᠭᠠᠰᠬᠠᠬᠤ ᠬᠡᠷᠡᠭᠲᠡᠶ᠃ ᠥᠷᠭᠡᠨ ᠣᠯᠠᠨ ᠠᠷᠠᠳ ᠲᠦᠮᠡᠨ ᠤ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠵᠤ ᠶᠢ ᠰᠠᠨᠠᠭᠠᠴᠢᠯᠠᠵᠦ᠂ ᠬᠡᠷ ᠪᠦᠯᠢ ᠶᠢᠨ ᠬᠤᠪᠢ ᠬᠥᠮᠦᠨ ᠤ ᠬᠠᠮᠳᠦ ᠶᠢᠨ ᠬᠤᠭᠤᠯᠠᠯᠭ᠎ᠠ  ᠳᠤ 10 ᠬᠥᠮᠦᠨ ᠠᠴᠠ ᠳᠣᠷᠣᠭᠰᠢ ᠬᠢᠵᠠᠭᠠᠷᠯᠠᠵᠤ᠂ ᠬᠡᠷᠪᠡ ᠭᠠᠳᠠᠭᠰᠢ ᠭᠠᠷᠴᠤ ᠬᠤᠭᠤᠯᠠᠯᠠᠬᠤ ᠴᠢᠬᠤᠯᠠᠲᠠᠶ ᠪᠣᠯ᠂ ᠳᠤᠮᠳᠠ ᠥᠨᠳᠥᠷ  ᠳᠡᠰ ᠤᠨ  ᠲᠦᠭᠰᠢᠭᠦᠷᠢ ᠲᠠᠢ ᠭᠠᠵᠠᠷ ᠣᠷᠣᠨ ᠠᠴᠠ ᠣᠷᠳᠣᠰ ᠲᠤ ᠢᠷᠡᠭᠰᠡᠳ ᠢ ᠤᠷᠢᠵᠤ ᠪᠤᠳᠠᠭᠠᠯᠠᠬᠤ ᠥᠬᠡᠶ᠂ ᠬᠠᠯᠳᠠᠪᠤᠷᠢᠲᠤ ᠲᠠᠭᠰᠢᠭᠤᠷ ᠵᠡᠷᠭᠡ ᠡᠪᠡᠳᠴᠢᠨ ᠤ ᠢᠯᠡᠷᠡᠯ ᠭᠠᠷᠪᠠᠯ ᠠᠯᠢ ᠴᠢᠳᠠᠬᠤ ᠪᠠᠷ ᠣᠷᠣᠯᠴᠠᠬᠤ ᠥᠬᠡᠶ ᠪᠠᠶᠢᠵᠤ᠂ ᠬᠡᠭᠡᠷ᠎ᠡ ᠶᠢᠨ ᠢᠳᠡᠭᠡᠨ ᠢᠳᠡᠬᠦ ᠶᠢ ᠲᠡᠪᠴᠢᠬᠦ ᠬᠡᠷᠡᠭᠲᠡᠶ᠃         ᠵᠢᠷᠭᠤᠭ᠎ᠠ᠂ ᠬᠡᠷᠡᠭᠯᠡᠭᠴᠢᠳ ᠢᠳᠡᠭᠡᠨ ᠤᠮᠳᠠᠭᠠᠨ ᠤ ᠨᠢᠭᠡᠴᠡ ᠶᠢᠨ ᠰᠡᠷᠭᠡᠶᠢᠯᠡᠨ ᠡᠵᠡᠮᠳᠡᠬᠦ ᠵᠢᠯᠣᠭᠤᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠬᠡᠷᠡᠭᠯᠡᠭᠴᠢᠳ ᠢᠳᠡᠭᠡᠨ ᠤᠮᠳᠠᠭᠠᠨ ᠤ ᠨᠢᠭᠡᠴᠡ ᠳᠤ ᠣᠷᠣᠬᠤ ᠳᠠᠭᠠᠨ ᠠᠮᠠᠪᠴᠢ ᠵᠡᠭᠦᠵᠦ᠂  ᠣᠬᠠᠮᠰᠠᠷ ᠠᠴᠠ ᠪᠠᠨ ᠪᠡᠶ᠎ᠡ ᠶᠢᠨ  ᠲᠤᠯᠠᠭᠠᠨ ᠢᠶᠠᠨ ᠰᠢᠯᠭᠠᠨ ᠪᠠᠶᠢᠴᠠᠯᠭᠠᠵᠦ᠂ ︽ᠡᠷᠡᠭᠦᠯ ᠮᠡᠨᠳᠦ ᠶᠢᠨ ᠺᠣᠳ᠋︾ ᠤᠨ  ᠪᠠᠶᠢᠴᠠᠭᠠᠯᠳᠠ ᠵᠢᠴᠢ ᠪᠤᠰᠤᠳ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠶ︔ ᠠᠯᠢ ᠴᠢᠳᠠᠬᠤ ᠪᠠᠷ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠬᠤᠭᠤᠯᠠ ᠢᠳᠡᠵᠦ᠂ ᠬᠥᠮᠦᠨ ᠬᠠᠷ᠎ᠠ ᠰᠢᠬᠠᠯᠳᠤᠬᠤ ᠠᠴᠠ ᠵᠠᠶᠢᠯᠠᠰᠬᠢᠵᠦ᠂ ᠠᠮᠤᠷ ᠲᠦᠪᠰᠢᠨ ᠤ ᠵᠠᠶ ᠶᠢ ᠪᠠᠲᠤᠯᠠᠬᠤ ᠬᠡᠷᠡᠭᠲᠡᠶ᠃         ᠳᠣᠯᠤᠭ᠎ᠠ᠂ ᠬᠡᠷᠡᠭᠯᠡᠭᠴᠢᠳ ᠬᠤᠭᠤᠯᠠᠯᠠᠬᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠬᠤ ᠬᠡᠷᠡᠭᠲᠡᠶ᠃ ︽ᠪᠠᠭ᠎ᠠ ᠴᠤᠭᠯᠠᠷᠠᠬᠤ᠂ ᠨᠢᠭᠡ ᠮᠧᠲᠷ ᠤᠨ ᠵᠠᠢ᠂ ᠦᠷᠭᠦᠯᠵᠢ ᠭᠠᠷ ᠢᠶᠠᠨ ᠤᠬᠢᠶᠠᠬᠤ︾ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠣᠶ ᠪᠣᠯᠭᠠᠵᠤ᠂ ᠬᠤᠭᠤᠯᠠ ᠢᠳᠡᠬᠦ ᠠᠴᠠ ᠡᠮᠦᠨ᠎ᠡ ᠭᠠᠷ ᠢᠶᠠᠨ ᠤᠬᠢᠶᠠᠵᠤ᠂ ᠬᠤᠭᠤᠯᠠ ᠢᠳᠡᠬᠦ ᠬᠤᠭᠤᠴᠠᠭᠠᠨ ᠳᠤ᠂ ᠠᠯᠢ ᠴᠢᠳᠠᠬᠤ ᠪᠠᠷ ᠣᠯᠠᠨ ᠨᠡᠶᠢᠲᠡ ᠶᠢᠨ  ᠲᠦᠬᠦᠭᠡᠷᠦᠮᠵᠢ ᠲᠠᠢ ᠣᠶᠢᠷᠠᠳᠬᠤ ᠶᠢ ᠪᠠᠭᠠᠰᠬᠠᠵᠤ᠂ ᠬᠡᠷᠪᠡ ᠮᠥᠷᠯᠡᠵᠦ ᠬᠤᠭᠤᠯᠠ ᠠᠪᠬᠤ ᠴᠢᠬᠤᠯᠠᠲᠠᠶ ᠪᠣᠯ᠂ 1 ᠮᠧᠲᠷ ᠤᠨ ᠵᠠᠶ ᠶᠢ ᠪᠠᠲᠤᠯᠠᠬᠤ ᠶᠢ ᠠᠩᠬᠠᠷᠬᠤ ᠬᠡᠷᠡᠭᠲᠡᠶ᠃ ᠣᠯᠠᠨ ᠬᠥᠮᠦᠨ ᠬᠤᠭᠤᠯᠠ ᠢᠳᠡᠬᠦ ᠦᠶᠡᠰ᠂ ᠨᠡᠶᠢᠲᠡ ᠶᠢᠨ ᠰᠠᠪᠬ᠎ᠠ  ᠬᠠᠯᠪᠠᠭ᠎ᠠ ᠬᠡᠷᠡᠭᠯᠡᠬᠦ ᠪᠤᠶᠤ ᠰᠠᠯᠭᠠᠨ ᠬᠤᠭᠤᠯᠠᠯᠠᠬᠤ ᠲᠦᠷᠢᠮ ᠢ ᠬᠡᠷᠡᠭᠵᠢᠭᠦᠯᠵᠦ᠂ ᠬᠦᠷᠦᠯᠴᠡᠵᠦ ᠬᠠᠯᠳᠠᠪᠤᠷᠢᠯᠠᠬᠤ ᠲᠣᠬᠢᠶᠠᠯ ᠢ ᠪᠠᠭᠠᠰᠬᠠᠨ᠎ᠠ᠃                                            ᠬᠢᠶ᠎ᠠ ᠪᠠᠭᠰᠢ ᠲᠣᠭᠤᠷᠢᠭ ᠤᠨ ᠵᠠᠬ᠎ᠠ ᠳᠡᠯᠭᠡᠭᠦᠷ ᠤᠨ                                        ᠬᠢᠨᠠᠨ ᠬᠠᠮᠢᠶᠠᠷᠤᠯᠲᠠ ᠶᠢᠨ ᠲᠣᠪᠴᠢᠶ᠎ᠠ                                           2021 ᠣᠨ ᠤ 1 ᠰᠠᠷ᠎ᠠ ᠶᠢᠨ 11 ᠤ ᠡᠳᠦᠷ
ᠢᠷᠡᠯᠲᠡ᠄ ᠲᠤᠰ ᠰᠦᠯᠵᠢᠶ᠎ᠡ