ᠯᠢ ᠳ᠋ᠦᠩ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠪᠠ᠃
ᠨᠡᠶᠢᠲᠡᠯᠡᠭᠰᠡᠨ ᠴᠠᠭ᠄
2021/1/15
 
   
         1 ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ ᠬᠢᠶ᠎ᠠ ᠪᠠᠭᠰᠢ ᠵᠡᠭᠡᠯᠢ ᠭᠤᠳᠤᠮᠵᠢ ᠳᠤ ᠭᠦᠨᠵᠡᠭᠡᠶᠢᠷᠡᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠪᠠ᠃          ᠯᠢ ᠳ᠋ᠦᠩ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠪᠣᠯᠤᠨ ᠨᠠᠮ ᠤᠨ  ᠬᠡᠰᠢᠭᠦᠳ ᠲᠠᠢ ᠳᠣᠲᠣᠨᠣ ᠪᠠᠷ ᠶᠠᠷᠢᠯᠴᠠᠵᠤ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠥᠷᠨᠢᠭᠦᠯᠦᠭᠰᠡᠨ ᠪᠠᠶᠢᠳᠠᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃          ᠯᠢ ᠳ᠋ᠦᠩ  ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠪᠣᠯ ᠣᠳᠣᠬᠠᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠡᠷᠢᠭᠦᠨ ᠴᠢᠬᠤᠯᠠ ᠶᠠᠪᠤᠳᠠᠯ ᠮᠥᠨ᠃ ᠡᠯ᠎ᠡ ᠵᠡᠭᠡᠯᠢ ᠭᠤᠳᠤᠮᠵᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠠᠷᠠᠯᠲᠠ ᠪᠠᠨ ᠲᠣᠳᠣᠷᠬᠠᠶᠢᠯᠠᠵᠤ᠂ ᠭᠤᠣᠯᠳᠠᠯᠭ᠎ᠠ ᠪᠠᠨ ᠳᠣᠪᠤᠶᠢᠯᠭᠠᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠨᠡ ᠬᠦ ᠠᠵᠢᠯ ᠢ ᠦᠨᠡᠨ ᠬᠦ ᠴᠢᠩᠭ᠎ᠠ ᠪᠣᠳᠠᠲᠠᠶ ᠰᠠᠶᠢᠲᠤᠷ ᠠᠳᠬᠤᠬᠤ ᠬᠡᠷᠡᠭᠲᠡᠶ᠃ ᠵᠢᠱᠢᠭᠳᠡᠭᠴᠢ ᠶᠢᠨ ᠪᠠᠷᠢᠮᠵᠢᠶ᠎ᠠ ᠶᠢ ᠴᠢᠩᠳᠠᠯᠠᠵᠤ᠂ ᠤᠳᠤᠷᠢᠳᠬᠤ ᠪᠠᠭ ᠤᠨ ᠪᠦᠲᠦᠴᠡ ᠶᠢ ᠴᠢᠬᠤᠯᠠᠴᠢᠯᠠᠵᠤ᠂ ᠰᠢᠯᠢᠳᠡᠭ ᠴᠢᠳᠠᠪᠤᠷᠢᠲᠠᠨ ᠢ ᠰᠣᠩᠭᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠪᠦᠷᠢᠯᠳᠦᠬᠦᠨ ᠤ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ᠂  ᠶᠠᠪᠤᠴᠠ ᠶᠢ ᠴᠢᠩᠭ᠎ᠠ ᠭᠦᠢᠴᠡᠳᠬᠡᠨ᠂ ᠬᠠᠤᠯᠢ ᠲᠣᠭᠲᠠᠭᠠᠯ ᠶᠣᠰᠣᠭᠠᠷ ᠠᠵᠢᠯᠯᠠᠵᠤ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠴᠢᠨᠠᠷ ᠰᠠᠶᠢᠲᠠᠶ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠶ᠃ ᠣᠯᠠᠨ ᠲᠦᠮᠡᠨ ᠤ ᠠᠵᠢᠯ ᠢ ᠰᠠᠶᠢᠲᠤᠷ ᠬᠢᠬᠦ ᠶᠢ ᠬᠤᠭᠤᠴᠠᠭ᠎ᠠ ᠰᠣᠯᠢᠬᠤ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠰᠠᠶᠢᠲᠤᠷ ᠬᠢᠵᠦ᠂ ᠣᠯᠠᠨ ᠲᠦᠮᠡᠨ ᠢᠶᠠᠷ ᠬᠤᠭᠤᠴᠠᠭ᠎ᠠ ᠰᠣᠯᠢᠬᠤ ᠠᠵᠢᠯ ᠢ ᠳᠡᠮᠵᠢᠭᠦᠯᠵᠦ᠂ ᠰᠣᠩᠭᠤᠭᠤᠯᠢ ᠶᠢᠨ ᠦᠷ᠎ᠡ ᠳ᠋ᠦᠩ ᠢ ᠵᠥᠪᠰᠢᠶᠡᠷᠡᠭᠦᠯᠭᠦ ᠬᠡᠷᠡᠭᠲᠡᠶ ᠭᠡᠵᠦ ᠴᠢᠬᠤᠯᠠᠴᠢᠯᠠᠪᠠ᠃          ᠯᠢ ᠳ᠋ᠦᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠴᠢᠩᠭᠠᠳᠬᠠᠵᠤ᠂ ︽ᠲᠤᠮᠤ ᠳ᠋ᠠᠶᠢᠲ᠋ᠠ︾ ᠶᠢ ᠭᠦᠢᠴᠡᠳ ᠠᠰᠢᠭᠯᠠᠨ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠨ᠂ ᠭᠤᠣᠯᠳᠠᠯᠭ᠎ᠠ ᠲᠠᠢ ᠬᠥᠮᠦᠰ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ  ᠨᠠᠶᠢᠳᠠᠪᠤᠷᠢᠵᠢᠭᠤᠯᠤᠨ᠂ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠡᠷᠡᠰ ᠰᠡᠷᠭᠡᠶᠢᠯᠡᠬᠦ ᠬᠡᠷᠡᠭᠲᠡᠢ᠃  ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠤᠷᠴᠢᠯᠠᠬᠰᠠᠨ ᠠᠵᠢᠯ ᠤᠨ ᠲᠣᠭᠲᠠᠴᠠ ᠶᠢ ᠦᠷᠭᠦᠯᠵᠢᠯᠡᠭᠦᠯᠦᠨ᠂ ᠬᠤᠯᠪᠣᠭᠠᠯᠠᠨ ᠰᠡᠷᠭᠡᠶᠢᠯᠡᠵᠦ ᠡᠵᠡᠮᠳᠡᠬᠦ ᠶᠢ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯ ᠢᠶᠠᠨ ᠪᠣᠳᠠᠲᠠᠢ ᠨᠠᠶᠢᠳᠠᠪᠤᠷᠢᠵᠢᠭᠤᠯᠬᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠪᠣᠳᠠᠲᠠᠶᠢᠵᠢᠭᠤᠯᠬᠤ ᠶᠢ ᠦᠨᠡᠨ ᠬᠦ ᠪᠡᠶᠡᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢᠨ ᠲᠤᠭ᠎ᠠ ᠬᠡᠮᠵᠢᠶ᠎ᠡ ᠪᠠ ᠬᠡᠪᠴᠢᠶ᠎ᠡ ᠶᠢ ᠬᠢᠵᠠᠭᠠᠷᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠢᠮᠵᠢᠭᠰᠡᠨ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠣᠭᠳᠠᠭᠠᠨ᠂ ᠶᠠᠪᠤᠴᠠ ᠶᠣᠰᠣᠭᠠᠷ ᠨᠠᠷᠢᠨ ᠬᠢᠨᠠᠮᠠᠭᠠᠶ ᠳᠠᠩᠰᠠᠯᠠᠭᠤᠯᠤᠨ ᠳᠡᠭᠡᠭᠰᠢ ᠮᠡᠳᠡᠭᠦᠯᠬᠦ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠲᠤᠰ ᠰᠦᠯᠵᠢᠶ᠎ᠡ