ᠭᠤᠷᠪᠠᠨ ᠬᠦᠷᠳᠦᠲᠦ ᠮᠣᠲ᠋ᠣᠷ ᠲᠡᠷᠭᠡ ᠶᠢᠨ ᠵᠢᠯᠤᠭᠤᠴᠢ ᠨᠠᠷ ᠠᠩᠬᠠᠷᠤᠯ ᠳᠠᠭᠠᠨ ᠠᠪᠤᠭᠠᠷᠠᠢ
ᠨᠡᠶᠢᠲᠡᠯᠡᠭᠰᠡᠨ ᠴᠠᠭ᠄
2021/1/18
       ᠭᠤᠷᠪᠠᠨ ᠬᠦᠷᠳᠦᠲᠦ ᠮᠣᠲ᠋ᠣᠷ ᠲᠡᠷᠭᠡ ᠪᠠᠷ ᠬᠠᠤᠯᠢ ᠶᠢ ᠵᠥᠷᠢᠴᠡᠨ ᠬᠥᠮᠦᠨ ᠲᠡᠭᠡᠭᠡᠬᠦ᠂ ᠬᠠᠤᠯᠢ ᠪᠤᠰᠤ ᠪᠠᠷ ᠲᠡᠷᠭᠡ ᠪᠠᠨ ᠥᠭᠡᠷᠡᠴᠢᠯᠡᠨ ᠤᠭᠰᠠᠷᠠᠬᠤ᠂ ᠫᠠᠶᠢᠰᠠ ᠦᠨᠡᠮᠯᠡᠯ ᠥᠬᠡᠶ ᠪᠠᠷ ᠵᠢᠯᠤᠭᠤᠳᠬᠤ᠂ ᠲᠣᠭᠲᠠᠭᠠᠯ ᠶᠣᠰᠣᠭᠠᠷ ᠰᠢᠯᠭᠠᠨ ᠪᠠᠶᠢᠴᠠᠭᠠᠭᠰᠠᠨ ᠥᠬᠡᠶ ᠪᠠᠷ ᠵᠢᠯᠤᠭᠤᠳᠬᠤ ᠵᠡᠷᠭᠡ ᠲᠣᠪᠤᠶᠢᠮ᠎ᠠ ᠠᠰᠠᠭᠤᠳᠠᠯ ᠳᠤ ᠴᠢᠩᠭ᠎ᠠ ᠴᠣᠬᠢᠯᠲᠠ ᠥᠭᠴᠤ ᠵᠠᠮ ᠬᠠᠷᠢᠯᠴᠠᠭᠠᠨ ᠤ ᠠᠶᠤᠯ ᠤᠨ ᠳᠠᠯᠳᠠ ᠬᠡᠮ ᠢ ᠠᠷᠢᠯᠭᠠᠵᠤ᠂ ᠵᠠᠮ ᠬᠠᠷᠢᠯᠴᠠᠭᠠᠨ ᠤ ᠡ᠊ᠨᠳᠡᠯ ᠢ ᠰᠡᠷᠭᠡᠶᠢᠯᠡᠬᠦ ᠪᠠᠷ ᠤᠷᠳᠤᠰ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠬᠢ ᠪᠦᠬᠦ ᠬᠤᠳᠠ ᠶᠢᠨ ᠬᠡᠪᠴᠢᠶᠡᠨ ᠳᠤ ᠭᠤᠷᠪᠠᠨ ᠬᠦᠷᠳᠦᠲᠦ ᠮᠣᠲ᠋ᠣᠷ ᠲᠡᠷᠭᠡᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠷᠢᠯᠠᠭᠤᠯᠵᠠᠢ᠃        ᠤᠢᠢᠷ᠎ᠠ ᠶᠢᠨ ᠡᠳᠦᠷ ᠦᠦᠰᠢᠨ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠨᠢ ᠪᠠᠶᠢᠷᠢᠯᠠᠭᠤᠯᠤᠯᠲᠠ ᠶᠣᠰᠣᠭᠠᠷ ᠭᠤᠷᠪᠠᠨ ᠬᠦᠷᠳᠦᠲᠦ ᠮᠣᠲ᠋ᠣᠷ ᠲᠡᠷᠭᠡᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠶᠡᠭᠡ ᠪᠠᠷ ᠴᠡᠭᠴᠡᠯᠡᠨ ᠵᠠᠰᠠᠵᠤ᠂ ᠭᠤᠷᠪᠠᠨ ᠬᠦᠷᠳᠦᠲᠦ ᠮᠣᠲ᠋ᠣᠷ ᠲᠡᠷᠭᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠭᠡᠮ ᠰᠣᠭᠤᠭ ᠢ ᠬᠦᠴᠦᠯᠡᠨ ᠠᠷᠢᠯᠭᠠᠪᠠ᠃ ᠵᠠᠮ ᠬᠠᠷᠢᠯᠴᠠᠭᠠᠨ ᠤ ᠴᠠᠭᠳᠠᠭ᠎ᠠ ᠨᠠᠷ ᠤᠬᠠᠭᠤᠯᠤᠨ ᠬᠥᠮᠦᠵᠢᠭᠦᠯᠬᠦ ᠪᠠᠷ ᠭᠤᠣᠯ ᠪᠣᠯᠭᠠᠨ᠂ ᠰᠢᠢᠳᠬᠡᠨ ᠲᠣᠷᠭᠠᠬᠤ ᠪᠠᠷ ᠬᠠᠪᠰᠤᠷᠤᠮᠵᠢ ᠪᠣᠯᠭᠠᠭᠰᠠᠨ ᠬᠥᠮᠦᠯᠢᠭ ᠠᠷᠭ᠎ᠠ ᠪᠠᠷ ᠮᠣᠲ᠋ᠣᠷ ᠲᠡᠷᠭᠡ᠂ ᠭᠤᠷᠪᠠᠨ ᠬᠦᠷᠳᠦᠲᠦ ᠮᠣᠲ᠋ᠣᠷ ᠲᠡᠷᠭᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠡᠷᠴᠢᠮ ᠢᠶᠠᠨ ᠴᠢᠩᠭᠠᠷᠠᠭᠤᠯᠵᠤ᠂ ᠭᠤᠷᠪᠠᠨ ᠬᠦᠷᠳᠦᠲᠦ ᠮᠣᠲ᠋ᠣᠷ ᠲᠡᠷᠭᠡᠨ ᠤ ᠡ᠊ᠨᠳᠡᠯ ᠢ ᠰᠢᠶ᠋ᠳᠪᠦᠷᠢᠯᠡᠬᠦ᠂ ᠳᠡᠩᠰᠡᠯᠡᠨ ᠲᠡᠮᠳᠡᠭᠯᠡᠬᠦ᠂ ᠲᠡᠷᠭᠡ ᠬᠥᠰᠬᠡ ᠶᠢ ᠬᠢᠨᠠᠨ ᠰᠢᠯᠭᠠᠬᠤ ᠵᠡᠷᠭᠡ ᠲᠤᠬᠠᠶᠢᠯᠠᠭᠰᠠᠨ ᠠᠵᠢᠯ ᠢ ᠭᠦᠶ᠋ᠴᠡᠳᠬᠡᠬᠦ ᠪᠠᠷ ᠢᠷᠡᠭᠰᠡᠨ ᠣᠯᠠᠨ ᠲᠦᠮᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢ ᠰᠠᠶᠢᠳᠤᠷ ᠬᠢᠵᠤ᠂ ᠡᠪᠦᠯ ᠤᠨ ᠤᠯᠠᠷᠢᠯ ᠳᠤ ᠠᠮᠤᠷ ᠲᠦᠪᠰᠢᠨ ᠢᠶᠠᠷ ᠲᠡᠷᠭᠡ ᠵᠢᠯᠣᠭᠤᠳᠬᠤ᠂ ᠪᠤᠯᠪᠠᠰᠤᠨ ᠢᠶᠠᠷ ᠶᠠᠪᠤᠵᠤ ᠰᠠᠭᠤᠬᠤ ᠮᠡᠳᠡᠯᠭᠡ ᠶᠢ ᠬᠦᠯᠢᠴᠡᠩᠭᠦᠶ ᠪᠠᠷ ᠲᠠᠶᠢᠯᠪᠤᠷᠢᠯᠠᠨ ᠦᠭᠴᠤ᠂ ᠲᠡᠳᠡᠨ ᠤ ᠤᠬᠠᠮᠰᠠᠷ ᠠᠴᠠ ᠪᠠᠨ ᠵᠢᠷᠤᠮᠯᠠᠬᠤ ᠶᠢ ᠰᠠᠨᠠᠭᠠᠴᠢᠯᠠᠪᠠ᠃        ᠭᠤᠷᠪᠠᠨ ᠬᠦᠷᠳᠦᠲᠦ ᠮᠤᠲ᠋ᠤᠷ ᠲᠡᠷᠭᠡ ᠶᠢ ᠵᠢᠯᠣᠭᠤᠳᠬᠤ ᠳᠤ ᠵᠠᠪᠠᠯ ᠳᠣᠣᠷᠠᠬᠢ ᠵᠦᠢᠯ ᠢ ᠭᠦᠢᠴᠡᠳᠬᠡᠬᠦ ᠬᠡᠷᠡᠭᠲᠡᠶ᠄        1᠂ ᠵᠢᠯᠣᠭᠤᠴᠢ ᠳᠤ ᠦᠨᠡᠮᠯᠡᠯ ᠪᠠᠶᠢᠬᠤ ᠬᠡᠷᠡᠭᠳᠡᠢ︔        2᠂ ᠲᠡᠷᠭᠡ ᠮᠠᠰᠢᠨ ᠤ ᠵᠠᠮ ᠢᠶᠠᠷ ᠶᠠᠪᠤᠬᠤ ᠦᠨᠡᠮᠯᠡᠯ᠂ ᠳᠠᠭᠠᠳᠬᠠᠯ ᠵᠡᠷᠭᠡ ᠭᠠᠷ ᠭᠦᠢᠴᠡᠳᠬᠡᠯ ᠨᠢ ᠪᠦᠷᠢᠨ ᠭᠦᠢᠴᠡᠳ ᠬᠦᠴᠦᠨ ᠲᠠᠢ ᠪᠠᠶᠢᠬᠤ ᠴᠢᠬᠤᠯᠠᠳᠠᠢ︔        3᠂ ᠲᠡᠷᠭᠡ ᠬᠥᠰᠬᠡ ᠶᠢ ᠲᠣᠭᠲᠠᠭᠰᠠᠨ ᠬᠤᠭᠤᠴᠠᠭᠠᠨ ᠳᠤ ᠰᠢᠯᠭᠠᠨ ᠪᠠᠶᠢᠴᠠᠭᠠᠨ᠎ᠠ︔        4᠂ ᠵᠢᠯᠣᠭᠤᠴᠢ ᠨᠠᠷ ᠠᠮᠤᠷ ᠲᠦᠪᠰᠢᠨ ᠤ ᠮᠠᠯᠠᠭᠠᠢ ᠵᠡᠭᠦᠵᠦ᠂ ᠪᠠᠷᠢᠮᠵᠢᠶ᠎ᠠ ᠠᠴᠠ ᠬᠡᠲᠦᠷᠡᠭᠦᠯᠵᠤ ᠬᠦᠮᠦᠨ ᠰᠠᠭᠤᠯᠭᠠᠵᠤ ᠪᠤᠯᠬᠤ ᠦᠭᠡᠢ᠂ ᠬᠠᠤᠯᠢ ᠠᠴᠠ ᠵᠥᠷᠢᠴᠡᠨ ᠬᠥᠮᠦᠨ ᠲᠡᠭᠡᠭᠡᠵᠤ ᠪᠤᠯᠬᠤ ᠦᠬᠡᠢ᠂ ᠡ᠊ᠨᠳᠡ ᠲᠡᠨᠳᠡ ᠲᠤᠷ᠎ᠠ ᠪᠠᠷ ᠵᠣᠭᠰᠣᠭᠠᠵᠤ ᠪᠤᠯᠬᠤ ᠦᠭᠡᠢ᠂ ᠡᠰᠡᠷᠭᠦ ᠴᠢᠭᠯᠡᠯ ᠢᠶᠠᠷ ᠲᠡᠷᠭᠡ ᠵᠢᠯᠤᠭᠤᠳᠬᠤ ᠦᠭᠡᠢ ᠪᠠᠶᠢᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠨ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃                   ︵︽ᠤᠷᠳᠤᠰ ᠤᠨ ᠨᠡᠶᠢᠳᠡᠯᠡᠯ︾ ᠵᠢᠷᠬᠢᠶ᠎ᠡ ᠲᠠᠪᠴᠠᠩ ᠠᠴᠠ︶
ᠢᠷᠡᠯᠲᠡ᠄ ᠣᠷᠳᠣᠰ ᠮᠣᠩᠭᠤᠯ ᠰᠦᠯᠵᠢᠶ᠎ᠡ