ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠵᠢᠴᠢ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2021 ᠣᠨ ᠤ 3 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ                  ᠸᠠᠩ ᠰᠢᠤᠸᠠᠢ ᠹᠧᠩ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/1/21
          1 ᠳ᠋ᠦ᠋ᠭᠡᠷ ᠰᠠᠷ᠎ᠠ ᠶᠢᠨ ᠤᠨ15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠰᠡᠴᠡᠨᠪᠢᠯᠢᠭ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠵᠢᠴᠢ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2021 ᠣᠨ ᠤ 3 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠦᠷᠤ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠪᠦᠯ ᠬᠠᠪᠤᠷ ᠤᠨ ᠤᠯᠠᠷᠢᠯ᠂ ᠢᠯᠠᠩᠭᠤᠶ᠎ᠠ ᠴᠠᠭᠠᠨ ᠰᠠᠷ᠎ᠠ ᠶᠢᠨ ᠪᠠᠶᠠᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠬᠤᠯᠪᠣᠭᠳᠠᠯ ᠪᠥᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠵᠠᠳᠠᠯᠵᠤ᠂ ᠪᠥᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠳᠡᠳ᠋ ᠳᠠᠷᠤᠭ᠎ᠠ ᠢᠦᠶ ᠷᠧᠨ ᠵᠢᠶᠧ᠂ ᠯᠢ ᠸᠧᠨ ᠵᠥᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠤᠤ ᡁᠢ ᠬᠤᠸᠠ᠂ ᠬᠤᠲᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠥᠩ ᡁᠢ ᠬᠤᠷᠠᠯ ᠳᠤ ᠤᠷᠤᠯᠴᠠᠪᠠ᠃           ᠰᠡᠴᠡᠨᠪᠢᠯᠢᠭ ᠣᠳᠣᠬᠠᠨ ᠳᠤ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠂ ᠪᠦᠬᠦ ᠬᠤᠳᠠ ᠶᠢᠨ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠦᠷᠭᠦᠯᠵᠢᠯᠡᠨ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠴᠠᠭ ᠲᠤᠬᠠᠶ ᠳᠤᠨᠢ ᠮᠥᠷᠳᠡᠨ ᠳᠠᠭᠠᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠨ᠂ ᠪᠠᠭᠤᠷᠠᠶ ᠲᠠᠯ᠎ᠠ ᠶᠢ ᠨᠠᠷᠢᠨ ᠬᠢᠨᠠᠮᠠᠭᠠᠶ ᠡᠷᠢᠵᠦ᠂ ᠠᠵᠢᠯ ᠤᠨ ᠬᠦᠷᠦᠯᠴᠡᠬᠦ ᠦᠭᠡᠢ ᠲᠠᠯ᠎ᠠ ᠪᠠᠨ ᠬᠠᠯᠠᠨ ᠰᠠᠶᠢᠵᠢᠷᠠᠭᠤᠯᠵᠤ᠂ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠢ ᠴᠢᠩᠭ᠎ᠠ ᠠᠳᠬᠤᠬᠤ ᠬᠡᠷᠡᠭᠲᠡᠢ ᠭᠡᠵᠤ ᠵᠢᠭᠠᠵᠤ ᠭᠠᠷᠭᠠᠪᠠ᠃           ᠰᠡᠴᠡᠨᠪᠢᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠭᠤᠣᠯᠳᠠᠯᠭ᠎ᠠ ᠲᠠᠢ ᠠᠷᠭ᠎ᠠ ᠬᠡᠮᠵᠢ᠊ ᠡᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠤ ᠵᠢᠯᠣᠭᠤᠳᠬᠤ ᠭᠠᠵᠠᠷ ᠤᠨ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠡᠯ᠎ᠡ ᠲᠦᠷᠦᠯ ᠤᠨ ᠠᠵᠢᠯ ᠤᠨ ᠬᠡᠪ ᠤᠨ ᠪᠠ ᠥᠨᠳᠥᠷ ᠦᠷ᠎ᠡ ᠪᠦᠲᠦᠮᠵᠢᠲᠡᠶ ᠶᠠᠪᠤᠬᠳᠠᠬᠤ ᠶᠢ ᠪᠠᠲᠤᠯᠠᠬᠤ ᠬᠡᠷᠡᠭᠲᠡᠶ᠃ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠦᠷᠭᠦᠯᠵᠢᠯᠡᠨ ᠰᠠᠶᠢᠲᠤᠷ ᠠᠳᠬᠤᠵᠤ᠂ ︽ᠨᠢᠭᠡ ᠲᠠᠯᠠᠪᠤᠷ ᠬᠤᠶᠠᠷ ᠥᠷᠲᠡᠭᠡ︾ ᠵᠡᠷᠭᠡ ᠴᠢᠬᠤᠯᠠ ᠪᠣᠭᠤᠮᠲᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠤ ᠲᠣᠤᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢᠵᠢᠯᠲᠠ ᠶᠢᠨ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠦᠨᠳᠦᠰᠦᠨ ᠱᠠᠲᠤᠨ ᠤ ᠰᠡᠷᠭᠡᠶᠢᠯᠡᠨ ᠡᠵᠡᠮᠳᠡᠬᠦ ᠲᠣᠤᠷ ᠰᠦᠯᠵᠢᠶ᠎ᠡ ᠶᠢ ᠨᠢᠭᠲᠠ ᠰᠦᠯᠵᠢᠬᠦ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠶᠢᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠮ ᠤᠨ ᠳᠡᠯᠭᠡᠭᠦᠷ᠂ ᠡᠮᠴᠢᠯᠡᠭᠡᠨ ᠤ ᠭᠠᠵᠠᠷ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠴᠢᠩᠭᠠᠷᠠᠭᠤᠯᠤᠨ᠂ ᠸᠢᠷᠦ᠋ᠰ ᠤᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠬᠤ ᠬᠡᠷᠡᠭᠲᠡᠶ᠃ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ  ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠨᠡᠭᠦᠳᠡᠯ ᠪᠠᠶᠢᠴᠠᠭᠠᠯᠳᠠ ᠶᠢᠨ ᠡᠩᠨᠡᠭᠡ ᠶᠢ ᠳᠦᠷᠭᠡᠳᠬᠡᠨ ᠪᠠᠶᠢᠭᠤᠯᠤᠨ ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠶᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠲᠡᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ ᠭᠡᠵᠤ ᠴᠢᠬᠤᠯᠠᠴᠢᠯᠠᠪᠠ᠃           ᠰᠡᠴᠡᠨᠪᠢᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠱᠠᠳᠤ ᠱᠠᠳᠤ ᠪᠠᠷ ᠴᠢᠩᠭ᠎ᠠ ᠨᠠᠶᠢᠳᠠᠪᠤᠷᠢᠵᠢᠭᠤᠯᠤᠨ᠂ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ᠂ ᠢᠯᠡ ᠪᠠᠷ ᠪᠠᠶᠢᠴᠠᠭᠠᠵᠤ ᠨᠢᠭᠤᠴᠠ ᠪᠠᠷ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠣᠯᠵᠤ ᠮᠡᠳᠡᠪᠡᠯ ᠲᠡᠷᠡ ᠳᠠᠷᠤᠢ ᠳᠤᠨᠢ ᠬᠠᠯᠠᠨ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠠᠴᠠ ᠨᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃           ᠬᠤᠷᠠᠯ ᠨᠢ ᠸᠢᠳᠢᠣ᠋ ᠬᠤᠷᠠᠯ ᠤᠨ ᠬᠡᠯᠪᠡᠷᠢ ᠪᠠᠷ ᠬᠤᠰᠢᠭᠤ ᠲᠣᠭᠤᠷᠢᠭ ᠲᠤ ᠶᠠᠪᠤᠭᠳᠠᠪᠠ᠃  ᠲᠣᠭᠤᠷᠢᠭ  ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ  ᠣᠷᠣᠯᠴᠠᠵᠦ᠂ ᠲᠣᠭᠤᠷᠢᠭ ᠤᠨ ᠤᠳᠤᠷᠢᠳᠤᠯᠭ᠎ᠠ ᠲᠢᠶᠠᠨ ᠱᠧᠩ ᠬᠤᠸᠠ᠂ ᠼᠣᠣ ᠶᠢᠨ ᠰᠢᠨ᠂ ᠯᠢᠦ ᠰᠢᠤᠸᠠᠢ ᠵᠢᠶᠦ᠋ᠨ᠂ ᠵᠠᠩ ᠫᠢᠩ᠂ ᠯᠢᠦ ᠴᠦᠨ ᠹᠠᠩ᠂ ᠯᠢ ᠰᠢᠤᠸᠠᠢ ᠹᠧᠩ᠂ ᠡᠯ᠎ᠡ ᠵᠡᠭᠡᠯᠢ ᠭᠤᠳᠣᠮᠵᠢ ᠡᠯ᠎ᠡ ᠬᠠᠮᠢᠶ᠎ᠠ ᠪᠥᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠢᠶ᠎ᠠ ᠪᠠᠭᠰᠢ ᠲᠣᠭᠤᠷᠢᠭ   ᠤᠨ ᠬᠤᠪᠢᠶᠠᠷᠢ ᠬᠤᠷᠠᠯ ᠤᠨ ᠲᠠᠯᠠᠪᠡᠢ ᠳᠤ ᠬᠤᠷᠠᠯ ᠳᠤ ᠣᠷᠣᠯᠴᠠᠪᠠ᠃
ᠢᠷᠡᠯᠲᠡ᠄ ᠲᠤᠰ ᠰᠦᠯᠵᠢᠶ᠎ᠡ