ᠸᠠᠩ ᠰᠢᠤᠸᠠᠢ ᠹᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2021/1/21
         1 ᠰᠠᠷ᠎ᠠ ᠶᠢᠨ 19 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠣᠷᠣᠯᠠᠭᠴᠢ ᠳᠠᠷᠤᠭ᠎ᠠ ᠸᠠᠩ ᠰᠢᠤᠸᠠᠢ ᠹᠧᠩ ᠵᠡᠭᠡᠯᠢ ᠭᠤᠳᠤᠮᠵᠢ ᠨᠡᠶᠢᠭᠡᠮ ᠲᠣᠭᠤᠷᠢᠭ ᠪᠣᠯᠤᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠪᠠᠭᠤᠳᠠᠯ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠃
         ᠨᠡᠶᠢᠭᠡᠮ ᠲᠣᠭᠤᠷᠢᠭ ᠪᠣᠯ ᠬᠠᠮᠤᠭ ᠤᠨ ᠦᠨᠳᠦᠰᠦᠨ ᠱᠠᠲᠤᠨ ᠤ ᠵᠠᠰᠠᠯᠲᠠ ᠶᠢᠨ ᠨᠢᠭᠡᠴᠢ ᠮᠥᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠸᠠᠩ ᠰᠢᠤᠸᠠᠢ ᠹᠧᠩ ᠡᠩ ᠲᠡᠷᠢᠭᠦᠨ ᠳᠤ ᠬᠢᠶ᠎ᠠ ᠪᠠᠭᠰᠢ ᠵᠡᠭᠡᠯᠢ ᠭᠤᠳᠤᠮᠵᠢ ᠶᠢᠨ ᠳᠠᠷᠬᠠᠨ ᠨᠡᠶᠢᠭᠡᠮ ᠲᠣᠭᠤᠷᠢᠭ ᠲᠤ ᠬᠦᠷᠴᠦ᠂ ᠮᠡᠳᠡᠭᠡ ᠵᠠᠩᠭᠢ ᠶᠢᠨ ᠳᠡᠩᠰᠡᠯᠡᠯᠲᠡ ᠶᠢᠨ ᠬᠦᠰᠦᠨᠦᠭᠲᠦ ᠶᠢ ᠨᠠᠷᠢᠨ ᠪᠠᠶᠢᠴᠠᠭᠠᠵᠤ ᠦᠵᠡᠨ᠂ ᠬᠥᠮᠦᠰ ᠢ ᠵᠢᠭᠰᠠᠭᠠᠨ ᠪᠠᠶᠢᠴᠠᠭᠠᠬᠤ ᠪᠠ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠠᠰᠠᠭᠤᠪᠠ᠃ ᠲᠡᠷᠡ᠂ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠂ ᠵᠢᠯ ᠤᠨ ᠰᠡᠭᠦᠯᠴᠢ ᠣᠨ ᠤ ᠡᠬᠢᠨ ᠤ ᠶᠡᠭᠡ ᠬᠡᠪᠴᠢᠶᠡᠨ ᠤ ᠬᠥᠮᠦᠰ ᠤᠨ ᠰᠢᠯᠵᠢᠯᠲᠡ ᠶᠢᠨ ᠠᠶᠤᠯ ᠲᠦᠭᠰᠢᠭᠦᠷᠢ ᠶᠢ ᠢᠳᠡᠪᠬᠢᠲᠡᠢ ᠠᠷᠭᠠᠴᠠᠭᠠᠵᠤ᠂ ᠲᠣᠣᠷᠴᠢᠯᠠᠭᠰᠠᠨ ᠬᠠᠮᠢᠶᠠᠷᠤᠯᠲᠠ ᠶᠢᠨ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ᠃ ᠤᠯᠠᠨ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠰᠢᠯᠭᠠᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ︾ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠢ᠃ ᠤᠬᠠᠭᠤᠯᠭ᠎ᠠ ᠶᠢᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ  ᠰᠡᠷᠭᠡᠶᠢᠯᠡᠨ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠨ᠂ ᠭᠠᠳᠠᠭᠰᠢ ᠭᠠᠷᠬᠤ ᠪᠠ ᠬᠤᠷᠠᠨ ᠴᠤᠭᠯᠠᠷᠠᠬᠤ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠨᠢᠭᠡᠳᠦᠯᠲᠡᠶ ᠬᠡᠷ  ᠲᠡᠭᠡᠨ ᠲᠤᠰᠠᠭᠠᠷᠯᠠᠬᠤ ᠰᠠᠨᠠᠭᠤᠯᠤᠮᠵᠢ ᠶᠢᠨ ᠺᠠᠷᠲ ᠵᠣᠬᠢᠶᠠᠵᠤ᠂ ᠬᠡᠷ ᠲᠡᠭᠡᠨ ᠳᠣᠰᠠᠭᠠᠷᠯᠠᠭᠰᠠᠨ ᠣᠯᠠᠨ ᠲᠦᠮᠡᠨ ᠢ ᠬᠠᠯᠠᠮᠵᠢᠯᠠᠨ᠂ ᠲᠤᠰᠠᠭᠠᠷᠯᠠᠬᠤ ᠠᠴᠠ ᠪᠢᠰᠢ ᠰᠡᠳᠬᠢᠯ ᠠᠯᠭᠠᠰᠠᠬᠤ ᠥᠬᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠰᠢᠪᠠᠳᠠᠨ ᠪᠠᠶᠢᠴᠠᠭᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂  ᠵᠢᠵᠢᠭᠦᠷᠯᠡᠭᠦ ᠠᠵᠢᠯᠯᠠᠬᠤ  ᠪᠠᠷ ᠪᠡᠯᠡᠳᠬᠡᠬᠦ ᠶᠢ ᠴᠢᠩᠭᠠᠳᠬᠠᠨ᠂  ᠬᠢᠨᠠᠨ ᠵᠢᠯᠣᠭᠤᠳᠴᠤ ᠪᠠᠶᠢᠴᠠᠭᠠᠬᠤ ᠶᠢ ᠪᠠᠷᠢᠮᠲᠠᠯᠠᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ  ᠭᠡᠵᠦ ᠴᠢᠬᠤᠯᠠᠴᠢᠯᠠᠪᠠ᠃
         ᠲᠠᠷᠠᠭ᠎ᠠ ᠨᠢ᠂ ᠸᠠᠩ ᠰᠢᠤᠸᠠᠢ ᠹᠧᠩ  ᠺᠠᠩ ᠪᠸᠢ ᠦᠢᠯᠡᠰ ᠪᠤᠰᠬᠠᠬᠤ ᠬᠦᠷᠢᠶᠡᠯᠡᠩ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠠᠷᠠᠯᠵᠢᠶᠠᠨ ᠤ ᠶᠡᠭᠡ ᠲᠢᠩᠬᠢᠮ᠂ ᠸᠧᠨ ᠶᠢᠦ ᠰᠦᠯᠵᠢᠶᠡᠨ ᠪᠠᠭᠠᠷ᠂  ᠮᠧᠢ ᠯᠢ ᠷᠧᠨ ᠱᠧᠩ  ᠦᠰᠦ ᠵᠠᠰᠠᠬᠤ ᠭᠠᠵᠠᠷ᠂  ᠬᠠᠨ ᠲᠢᠩ ᠪᠠᠭᠤᠳᠠᠯ᠂  ᠳ᠋ᠧ ᠺᠧ ᠱᠢ᠂ ᠰᠢᠨ ᠮᠧᠢ ᠢ ᠠᠮᠲᠠᠲᠤ ᠢᠳᠡᠭᠡᠨ ᠤ ᠬᠤᠭᠤᠯᠠᠨ ᠭᠡᠷ ᠵᠡᠷᠭᠡ ᠲᠠᠯᠠᠪᠤᠷ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ᠃ ᠸᠠᠩ ᠰᠢᠤᠸᠠᠢ ᠹᠧᠩ᠂ ᠣᠯᠠᠨ ᠨᠡᠶᠢᠲᠡ ᠶᠢᠨ ᠲᠠᠯᠠᠪᠤᠷ ᠲᠤ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠪᠡᠶ᠎ᠡ ᠶᠢᠨ ᠲᠤᠯᠠᠭᠠᠨ ᠢ ᠪᠠᠶᠢᠴᠠᠭᠠᠨ ᠬᠡᠮᠵᠢᠬᠦ᠂ ᠣᠷᠣᠵᠤ ᠭᠠᠷᠬᠤ ᠶᠢ ᠲᠡᠮᠳᠡᠭᠯᠡᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠪ ᠤᠨ ᠪᠤᠰᠤ ᠪᠠᠶᠢᠳᠠᠯ ᠢ ᠢᠯᠡᠷᠡᠭᠦᠯᠦᠨ  ᠴᠠᠭ ᠲᠤᠬᠠᠶ ᠳᠤᠨᠢ ᠰᠢᠢᠳᠪᠦᠷᠢᠯᠡᠭᠦ ᠬᠡᠷᠡᠭᠲᠡᠶ᠃ ᠡᠵᠡᠩᠨᠡᠯᠲᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠴᠢᠨ ᠲᠣᠭᠤᠷᠢᠨ ᠢ ᠠᠷᠢᠭᠤᠳᠬᠠᠬᠤ᠂ ᠬᠤᠪᠢ ᠬᠥᠮᠦᠨ ᠤ ᠡᠷᠡᠭᠦᠯ ᠮᠡᠨᠳᠦ ᠶᠢᠨ ᠬᠠᠮᠠᠭᠠᠯᠠᠯᠳᠠ᠂  ᠭᠦᠮᠦᠨ ᠤ ᠤᠷᠤᠰᠬᠠᠯ ᠨᠠᠶᠢᠬᠡᠮ ᠤᠨ ᠬᠠᠷᠢᠯᠴᠠᠭᠠᠨ ᠤ ᠵᠠᠶ ᠶᠢ ᠬᠢᠵᠠᠭᠠᠷᠯᠠᠬᠤ ᠠᠷᠭ᠎ᠠ ᠬᠡᠮᠵᠢᠶ᠎ᠡ ᠵᠡᠷᠭᠡ ᠶᠢ ᠵᠤᠷᠪᠤᠰ ᠳᠠᠷᠠᠭᠠᠯᠠᠨ ᠪᠣᠳᠠᠲᠠᠶ ᠳᠤ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠪᠠ
         ᠵᠢᠩ ᠱᠦᠨ ᠲᠣᠮᠣ ᠡᠮ ᠤᠨ ᠳᠡᠯᠭᠡᠭᠦᠷ᠂ ᠸᠠᠩ ᠹᠦ᠋ ᠵᠢᠩ ᠲᠣᠮᠣ ᠡᠮ ᠤᠨ ᠳᠡᠯᠭᠡᠭᠦᠷ ᠪᠣᠯᠤᠨ ᠱᠦᠶ ᡁᠢ ᠧᠨ ᠠᠮᠠᠨ ᠬᠥᠨᠳᠡᠶ ᠶᠢᠨ ᠡᠮᠨᠡᠯᠭᠡ ᠶᠢᠨ ᠬᠤᠷᠢᠶᠠᠨ ᠳᠤ᠂ ᠸᠠᠩ ᠰᠢᠤᠸᠠᠢ ᠹᠧᠩ ᠰᠢᠭᠰᠢᠨ ᠪᠠᠶᠢᠴᠠᠭᠠᠵᠤ ᠲᠡᠮᠳᠡᠭᠯᠡᠬᠦ᠂ ᠪᠡᠶ᠎ᠡ ᠶᠢᠨ ᠳᠣᠯᠠᠭᠠᠨ ᠢ ᠬᠡᠮᠵᠢᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠳᠡᠯᠭᠡᠭᠦᠷ ᠲᠤ ᠣᠷᠣᠬᠤ ᠬᠥᠮᠦᠰ ᠤᠨ ᠪᠡᠶ᠎ᠡ ᠶᠢᠨ ᠳᠣᠯᠠᠭᠠᠨ ᠢ ᠬᠡᠮᠵᠢᠬᠦ᠂ ᠦᠨᠡᠨ ᠨᠡᠷ᠎ᠡ ᠪᠠᠷ ᠳᠠᠩᠰᠠᠯᠠᠬᠤ ᠪᠠ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ ᠵᠡᠷᠭᠡ ᠡᠮ ᠬᠤᠳᠠᠯᠳᠣᠭᠰᠠᠨ ᠪᠠᠶᠢᠳᠠᠯ ᠤᠨ ᠳᠠᠩᠰᠠᠯᠠᠬᠤ ᠠᠵᠢᠯ ᠢ ᠰᠠᠶᠢᠲᠤᠷ ᠬᠢᠵᠦ᠂ ᠪᠡᠶ᠎ᠡ ᠶᠢᠨ ᠳᠣᠯᠠᠭᠠᠨ ᠨᠢ ᠬᠡᠪ ᠤᠨ ᠪᠤᠰᠤ ᠪᠠᠶᠢᠪᠠᠯ ᠴᠠᠭ ᠲᠤᠬᠠᠶ ᠳᠤᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠮᠡᠳᠡᠭᠦᠯᠵᠦ ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
         ᠮᠧᠩ ᠰᠢᠨ ᠠᠭᠤᠳᠠᠮ ᠲᠠᠯᠠᠪᠠᠢ ᠪᠣᠯᠤᠨ ᠳ᠋ᠧ ᠷᠦᠩ ᠬᠡᠳᠦ ᠳᠡᠯᠭᠡᠭᠦᠷ ᠲᠤ᠂ ᠸᠠᠩ ᠰᠢᠤᠸᠠᠢ ᠹᠧᠩ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠣᠯᠤᠨ ᠳᠡᠯᠭᠡᠨ ᠬᠤᠳᠠᠯᠳᠣᠬᠤ ᠣᠷᠣ ᠶᠢᠨ ᠠᠷᠢᠭᠤᠨ ᠴᠡᠪᠡᠷ ᠤᠨ ᠪᠠᠶᠢᠳᠠᠯ ᠢ ᠪᠠᠶᠢᠴᠠᠭᠠᠨ ᠦᠵᠡᠵᠦ᠂ ᠢᠳᠡᠭᠡᠨ ᠤ ᠪᠠᠷᠠᠭ᠎ᠠ ᠬᠠᠩᠭᠠᠬᠤ ᠠᠷᠭ᠎ᠠ ᠵᠠᠮ᠂ ᠡᠳᠦᠷ ᠳᠤᠳᠤᠮ ᠤᠨ ᠨᠥᠭᠡᠴᠡᠯᠡᠯᠲᠡ᠂ ᠲᠠᠸᠠᠷ ᠤᠨ ᠦᠨ᠎ᠡ ᠬᠠᠩᠰᠢ ᠪᠣᠯᠤᠨ ᠠᠮᠤᠷ ᠲᠦᠪᠰᠢᠨ ᠤ ᠰᠢᠯᠭᠠᠨ ᠪᠠᠶᠢᠴᠠᠭᠠᠯᠲᠠ ᠶᠢᠨ ᠪᠠᠶᠢᠳᠠᠯ ᠢ ᠨᠠᠷᠢᠨ ᠤᠶᠢᠯᠠᠭᠠᠨ᠂ ᠴᠡᠪᠡᠷ ᠲᠡᠭᠰᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠠᠲᠤᠯᠠᠬᠤ᠂ ᠤᠯᠠᠨ ᠲᠦᠮᠡᠨ  ᠳᠤ  ᠳᠠᠭᠠᠯᠠᠮᠵᠢᠳᠠᠢ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠳᠤ ᠱᠠᠭᠠᠷᠳᠠᠯᠭ᠎ᠠ ᠳᠤᠷᠠᠳᠪᠠ᠃ ᠲᠡᠷᠡ᠂ ᠪᠠᠷᠠᠭᠠᠨ ᠤ ᠢᠷᠡᠯᠲᠡ ᠶᠢᠨ ᠠᠷᠭ᠎ᠠ ᠵᠠᠮ ᠢ ᠰᠠᠭᠠᠳ ᠦᠭᠡᠢ ᠨᠡᠪᠳᠠᠷᠡᠭᠦᠯᠵᠦ᠂ ᠲᠠᠸᠠᠷ ᠤᠨ ᠨᠥᠭᠡᠴᠡᠯᠡᠯᠲᠡ ᠶᠢ ᠴᠢᠩᠭᠠᠳᠬᠠᠨ᠂ ᠲᠠᠸᠠᠷ ᠤᠨ ᠲᠥᠷᠥᠯ ᠵᠦᠢᠯ ᠢ ᠪᠠᠶᠠᠯᠢᠭᠵᠢᠭᠤᠯᠵᠤ᠂ ᠢᠳᠡᠭᠡᠨ ᠤ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠬᠠᠩᠭᠠᠬᠤ ᠬᠡᠷᠡᠭᠲᠡᠶ᠃ ᠲᠠᠸᠠᠷ ᠤᠨ ᠦᠨ᠎ᠡ ᠬᠠᠩᠰᠢ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠠᠸᠠᠷ ᠤᠨ ᠶᠠᠰᠤ ᠴᠢᠨᠠᠷ ᠂ ᠢᠳᠡᠭᠡᠨ ᠤ ᠠᠮᠤᠷ ᠲᠦᠪᠰᠢᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠶᠢ ᠴᠢᠩᠭ᠎ᠠ ᠠᠳᠬᠤ ᠬᠡᠷᠡᠭᠲᠡᠶ᠃ ᠠᠮᠤᠷ ᠲᠦᠪᠰᠢᠨ ᠤ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠭᠠᠯ ᠰᠡᠷᠭᠡᠶᠢᠯᠡᠭᠦ ᠠᠮᠤᠷ ᠲᠦᠪᠰᠢᠨ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠠᠷᠡᠭᠦᠯᠦᠨ᠂ ᠵᠢᠭᠰᠠᠭᠠᠨ ᠪᠠᠶᠢᠴᠠᠭᠠᠵᠤ ᠬᠢᠨᠠᠨ ᠬᠠᠮᠢᠶᠠᠷᠴᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠡᠮ ᠰᠣᠭᠤᠭ ᠢ ᠡᠷᠳᠡ  ᠠᠴᠠ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃          ᠲᠣᠭᠤᠷᠢᠭ ᠤᠨ ᠤᠳᠤᠷᠢᠳᠤᠯᠭ᠎ᠠ ᠼᠤᠤ ᠶᠢᠨ ᠰᠢᠨ᠂ ᠯᠢᠦ ᠴᠦᠨ ᠹᠠᠩ ᠣᠷᠣᠯᠴᠠᠵᠠᠢ᠃
ᠢᠷᠡᠯᠲᠡ᠄ ᠲᠤᠰ ᠰᠦᠯᠵᠢᠶ᠎ᠡ