ᠬᠢᠶ᠎ᠠ ᠪᠠᠭᠰᠢ ᠲᠣᠭᠤᠷᠢᠭ᠄ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠠᠵᠢᠯ ᠳᠠᠭᠤᠰᠴᠤ 97 ᠨᠡᠷᠡᠰ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠠᠵᠢᠯ ᠤᠨ ᠪᠠᠶᠢᠷᠢ ᠳᠤ ᠭᠠᠷᠪᠠ
ᠨᠡᠶᠢᠲᠡᠯᠡᠭᠰᠡᠨ ᠴᠠᠭ᠄
2021/1/22
     
        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ 1 ᠰᠠᠷ᠎ᠠ ᠶᠢᠨ 11 ᠤ ᠡᠳᠦᠷ ᠠᠴᠠ 16 ᠤ ᠡᠳᠦᠷ ᠪᠣᠯᠲᠠᠯ᠎ᠠ᠂ ᠬᠢᠶ᠎ᠠ ᠪᠠᠭᠰᠢ ᠲᠣᠭᠤᠷᠢᠭ ᠤᠨ 19 ᠨᠡᠶᠢᠭᠡᠮ ᠲᠣᠭᠤᠷᠢᠭ ᠲᠣᠰ ᠲᠣᠰ ᠨᠠᠮ ᠤᠨ ᠭᠡᠰᠢᠭᠦᠨ ᠤ ᠶᠡᠭᠡ ᠬᠤᠷᠠᠯ ᠬᠤᠷᠠᠯᠳᠤᠭᠤᠯᠵᠤ᠂ ᠰᠢᠨ᠎ᠡ ᠨᠢᠭᠡ ᠬᠤᠭᠤᠴᠠᠭᠠᠨ ᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠭ ᠢ ᠰᠣᠩᠭᠤᠨ ᠭᠠᠷᠭᠠᠪᠠ᠃         ᠰᠣᠩᠭᠤᠭᠤᠯᠢ ᠶᠢᠨ ᠶᠡᠭᠡ ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠠᠶᠠᠰ ᠳᠤᠮᠳᠠ ᠬᠥᠰᠢᠭᠡ ᠪᠠᠨ ᠰᠡᠬᠦᠵᠦ᠂ ᠶᠡᠭᠡ ᠬᠤᠷᠠᠯ ᠠᠴᠠ ᠳᠡᠭᠡᠷ᠎ᠡ ᠨᠢᠭᠡ ᠬᠤᠭᠤᠴᠠᠭᠠᠨ ᠤ ᠵᠥᠪᠯᠡᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠰᠣᠩᠭᠤᠭᠤᠯᠢ ᠶᠢᠨ ᠠᠷᠭ᠎ᠠ᠂ ᠵᠢᠱᠢᠭᠳᠡᠭᠰᠡᠳ ᠤᠨ ᠥᠷᠢᠰᠦᠯᠳᠦᠭᠡᠨ ᠤ ᠶᠠᠷᠢᠶ᠎ᠠ᠂ ᠨᠠᠮ ᠤᠨ ᠭᠡᠰᠢᠭᠦᠨ ᠤ ᠪᠢᠯᠧᠲ ᠥᠭᠬᠦ ᠰᠣᠩᠭᠤᠭᠤᠯᠢ᠂ ᠢᠯᠡ ᠪᠠᠷ ᠪᠢᠯᠧᠲ ᠳᠠᠭᠤᠳᠠᠬᠤ ᠪᠢᠯᠧᠲ ᠪᠦᠷᠢᠳᠬᠡᠬᠦ᠂ ᠰᠣᠩᠭᠤᠭᠤᠯᠢ ᠶᠢᠨ ᠦᠷ᠎ᠡ ᠳ᠋ᠦᠩ ᠢ ᠨᠡᠶᠢᠲᠡᠯᠡᠬᠦ ᠵᠡᠷᠭᠡ ᠲᠣᠭᠲᠠᠭᠠᠭᠰᠠᠨ ᠶᠠᠪᠤᠴᠠ ᠶᠢ ᠪᠠᠲᠤᠯᠠᠪᠠ᠃         ᠣᠶᠢᠯᠠᠭᠠᠭᠰᠠᠨ ᠢᠶᠠᠷ᠂ ᠲᠣᠰ ᠤᠳᠠᠭᠠᠨ ᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠳᠤ ᠣᠷᠣᠯᠴᠠᠬᠤ ᠶᠣᠰᠣᠲᠠᠶ ᠨᠠᠮ ᠤᠨ ᠭᠡᠰᠢᠭᠦᠨ 783 ᠬᠥᠮᠦᠨ᠂ ᠪᠣᠳᠠᠲᠠᠶ ᠰᠣᠩᠭᠤᠭᠤᠯᠢ ᠳᠤ ᠣᠷᠣᠯᠴᠠᠭᠰᠠᠨ ᠨᠠᠮ ᠤᠨ ᠭᠡᠰᠢᠭᠦᠨ 667 ᠬᠥᠮᠦᠨ ᠪᠠᠶᠢᠵᠤ᠂ ᠬᠤᠭᠤᠴᠠᠭ᠎ᠠ ᠰᠣᠯᠢᠬᠤ ᠰᠣᠩᠭᠤᠭᠤᠯᠢ ᠳᠤ  ︽ᠬᠤᠶᠠᠷ ᠲᠠᠨᠢᠯᠴᠠᠭᠤᠯᠭ᠎ᠠ ᠨᠢᠭᠡ ᠰᠣᠩᠭᠤᠭᠤᠯᠢ︾ ᠶᠢ ᠬᠡᠷᠡᠭᠵᠢᠭᠦᠯᠵᠦ᠂ ᠴᠥᠮ ᠨᠢᠭᠡ ᠤᠳᠠᠭᠠᠨ ᠤ ᠰᠣᠩᠭᠤᠭᠤᠯᠢ  ᠢᠶᠠᠷ ᠠᠮᠵᠢᠯᠲᠠ ᠤᠯᠪᠠ᠃ ᠲᠣᠰ ᠤᠳᠠᠭᠠᠨ ᠤ ᠬᠤᠭᠤᠴᠠᠭ᠎ᠠ ᠰᠣᠯᠢᠯᠳᠠ ᠳᠤ 97 ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠡᠰᠢᠭᠦᠨ ︵ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠳᠡᠳ᠋ ᠱᠦᠵᠢ ᠪᠠᠭᠲᠠᠨ᠎ᠠ︶ ᠢ ᠰᠣᠩᠭᠤᠨ ᠭᠠᠷᠭᠠᠪᠠ᠂ ᠡᠭᠦᠨ ᠳᠤ ᠡᠮᠡᠭᠲᠡᠶ ᠭᠡᠰᠢᠭᠦᠨ 72 ᠪᠠᠶᠢᠵᠤ᠂ 74 . 2 % ᠢ ᠡᠵᠡᠯᠡᠪᠡ᠃ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠬᠥᠮᠦᠨ 88 ᠪᠠᠶᠢᠵᠤ᠂ 90 . 7 % ᠶᠢ ᠡᠵᠡᠯᠡᠪᠡ  ᠃ ᠪᠦᠬᠦᠯᠢ 35 ᠨᠠᠰᠤᠨ ᠠᠴᠠ ᠳᠣᠭᠤᠭᠰᠢᠬᠢ 62 ᠬᠥᠮᠦᠨ ᠪᠠᠶᠢᠵᠤ᠂ 63 . 9 % ᠶᠢ ᠡᠵᠡᠯᠡᠪᠡ᠃ ᠰᠢᠨ᠎ᠡ ᠨᠢᠭᠡ ᠬᠤᠭᠤᠴᠠᠭᠠᠨ ᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠭ ᠶᠡᠷᠦᠩᠬᠡᠢ ᠳᠡᠭᠡᠨ ᠵᠠᠯᠠᠭᠤᠵᠢᠭᠰᠠᠨ᠂ ᠮᠡᠳᠡᠯᠭᠡᠵᠢᠭᠰᠡᠨ ᠬᠥᠮᠦᠨ ᠰᠣᠩᠭᠤᠵᠤ ᠬᠥᠮᠦᠨ ᠬᠡᠷᠡᠭᠯᠡᠬᠦ ᠤᠳᠤᠷᠢᠳᠤᠮᠵᠢ ᠢᠯᠡᠷᠡᠪᠡ᠃         ᠬᠢᠶ᠎ᠠ ᠪᠠᠭᠰᠢ ᠲᠣᠭᠤᠷᠢᠭ ᠲᠣᠰ ᠤᠳᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦᠨ ᠢ ᠬᠠᠮᠤᠷᠤᠭᠰᠠᠨ ᠵᠠᠳᠠᠯᠤᠯᠲᠠ ᠮᠠᠭᠠᠳᠯᠠᠯᠲᠠ ᠶᠢ ᠤᠷᠢᠳᠴᠢᠯᠠᠨ ᠬᠢᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶ ᠨᠠᠶᠢᠳᠠᠪᠤᠷᠢᠵᠢᠭᠤᠯᠬᠤ᠂ ᠰᠢᠪᠠᠳᠠᠨ ᠪᠠᠶᠢᠴᠠᠭᠠᠵᠤ ᠵᠢᠯᠣᠭᠤᠳᠤᠨ ᠠᠬᠢᠭᠤᠯᠬᠤ ᠶᠢ ᠪᠣᠳᠠᠲᠠᠶ ᠨᠠᠶᠢᠳᠠᠪᠤᠷᠢᠵᠢᠭᠤᠯᠬᠤ᠂ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠪᠠᠷᠢᠮᠳᠠᠯᠠᠨ᠂ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠴᠢᠩᠭ᠎ᠠ ᠠᠳᠬᠤᠨ᠂ ᠬᠠᠷᠢᠭᠤᠴᠠᠯᠭ᠎ᠠ ᠡᠭᠦᠷᠭᠡᠯᠡᠵᠦ᠂ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ᠂ ᠴᠢᠨᠠᠷ ᠰᠠᠶᠢᠲᠠᠶ ᠥᠨᠳᠥᠷ ᠪᠠᠷᠢᠮᠵᠢᠶ᠎ᠠ ᠪᠠᠷ ᠠᠵᠢᠯ ᠢ ᠠᠬᠢᠭᠤᠯᠤᠨ ᠥᠷᠨᠢᠭᠦᠯᠪᠡ᠃ ᠬᠤᠭᠤᠴᠠᠭ᠎ᠠ ᠰᠣᠯᠢᠬᠤ ᠰᠣᠩᠭᠤᠭᠤᠯᠢ ᠪᠠᠷ ᠳᠠᠮᠵᠢᠨ᠂ ᠰᠢᠨ᠎ᠡ ᠨᠢᠭᠡ ᠬᠤᠭᠤᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ᠂ ᠰᠢᠨ᠎ᠡ ᠳᠦᠷᠰᠦ ᠪᠠᠶᠢᠳᠠᠯ ᠢ ᠨᠡᠮᠡᠷᠢᠯᠡᠵᠦ᠂ ᠨᠡᠶᠢᠭᠡᠮ ᠲᠣᠭᠤᠷᠢᠭ ᠤᠨ ᠪᠦᠬᠦ ᠲᠠᠯ᠎ᠠ ᠶᠢᠨ ᠪᠠᠶᠢᠭᠤᠯᠤᠯᠲᠠ ᠶᠢ ᠲᠦᠷᠭᠡᠳᠬᠡᠬᠦ ᠳᠤ ᠴᠢᠬᠤᠯᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃
ᠢᠷᠡᠯᠲᠡ᠄ ᠲᠤᠰ ᠰᠦᠯᠵᠢᠶ᠎ᠡ