ᠲᠣᠭᠤᠷᠢᠭ ᠤᠨ ᠨᠠᠮ ᠤᠨ ᠬᠤᠷᠢᠶ᠎ᠠ ᠨᠢᠭᠡᠳᠦᠭᠡᠷ ᠬᠤᠭᠤᠴᠠᠭᠠᠨ ᠤ 132 ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/25
        1 ᠰᠠᠷ᠎ᠠ ᠶᠢᠨ 21 ᠤ ᠡᠳᠦᠷ᠂  ᠲᠣᠭᠤᠷᠢᠭ ᠤᠨ ᠨᠠᠮ ᠤᠨ ᠬᠤᠷᠢᠶ᠎ᠠ ᠨᠢᠭᠡᠳᠦᠭᠡᠷ ᠬᠤᠭᠤᠴᠠᠭᠠᠨ ᠤ 132 ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃         ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠨ ᠬᠤᠶᠠᠳᠤᠭᠠᠷ ᠣᠳᠠᠭᠠᠨ ᠤ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠬᠤ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ᠃ ᠬᠤᠷᠠᠯ ᠠᠴᠠ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠣᠳᠠᠭᠠᠨ ᠤ ᠪᠦᠬᠦᠳᠡ ᠬᠤᠷᠠᠯ ᠵᠢᠴᠢ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠢ 2021 ᠣᠨ ᠤ 1 ᠰᠠᠷ᠎ᠠ ᠶᠢᠨ 22 ᠤᠨ ᠡᠳᠦᠷ ᠤᠷᠳᠤᠰ ᠤᠨ ᠤᠯᠠᠨ ᠤᠯᠤᠰ ᠤᠨ ᠦᠵᠡᠭᠦᠯᠦᠯᠭᠡ  ᠶᠢᠨ ᠲᠥᠪ ᠲᠤ ᠬᠤᠷᠠᠯᠳᠤᠭᠤᠯᠬᠤ ᠪᠠᠷ ᠲᠣᠭᠲᠠᠪᠠ᠃ ᠬᠤᠷᠠᠯ ᠠᠴᠠ᠂ ᠡᠨᠡ ᠵᠢᠯ ᠤᠨ ᠪᠥᠬᠦᠳᠡ ᠬᠤᠷᠠᠯ ᠢ ᠰᠠᠶᠢᠲᠤᠷ ᠬᠤᠷᠠᠯᠳᠤᠭᠤᠯᠬᠤ ᠨᠢ ᠢᠷᠡᠬᠦ ᠵᠢᠯ᠂ ᠴᠢᠨᠠᠭᠰᠢᠯᠠᠪᠠᠯ ᠬᠤᠶᠢᠰᠢᠳᠠ ᠶᠢᠨ ᠲᠠᠪᠤᠨ ᠵᠢᠯ ᠤᠨ ᠠᠵᠢᠯ ᠢ  ᠰᠠᠶᠢᠨ ᠬᠢᠬᠦ ᠳᠤ ᠴᠢᠬᠤᠯᠠ ᠠᠴᠢ ᠬᠤᠯᠪᠣᠭᠳᠠᠯ ᠲᠠᠢ᠃ ᠲᠣᠭᠤᠷᠢᠭ ᠤᠨ ᠨᠠᠮ ᠵᠠᠰᠠᠭ ᠬᠤᠶᠠᠷ ᠠᠯᠪᠠᠨ ᠬᠡᠷ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ  ᠡᠮᠬᠢᠯᠡᠨ᠂  ᠵᠣᠬᠢᠰᠲᠠᠶ  ᠣᠷᠣᠭᠤᠯᠣᠨ ᠠᠪᠴᠤ᠂ ᠬᠠᠮᠢᠶ᠎ᠠ ᠪᠥᠬᠦᠶ ᠮᠠᠲ᠋ᠧᠷᠢᠶᠠᠯ ᠢ ᠤᠯᠠᠮ ᠨᠢᠭᠡ ᠠᠯᠬᠤᠮ ᠰᠠᠶᠢᠲᠤᠷ ᠵᠠᠰᠠᠵᠤ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠬᠦᠴᠦ ᠪᠠᠨ ᠬᠠᠮᠲᠤᠳᠬᠠᠨ᠂ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠬᠢᠨᠠᠮᠠᠭᠠᠶ ᠬᠢᠵᠦ᠂ ᠪᠥᠬᠦᠳᠡ ᠬᠤᠷᠠᠯ ᠢ ᠡᠷᠴᠢ ᠵᠣᠷᠢᠭ ᠢ ᠬᠥᠪᠴᠢᠯᠡᠬᠦ᠂ ᠬᠥᠭᠵᠢᠯᠲᠡ ᠶᠢ ᠲᠥᠯᠥᠪᠵᠢᠭᠦᠯᠬᠦ ᠶᠡᠭᠡ ᠬᠤᠷᠠᠯ ᠪᠣᠯᠭᠠᠨ ᠬᠤᠷᠠᠯᠳᠤᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃         ᠬᠤᠷᠠᠯ ᠠᠴᠠ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠣᠳᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠢ  ᠪᠤᠳᠤᠯᠢᠶᠠᠨᠲᠠᠢ ᠪᠤᠯᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠷᠭ᠎ᠠ  ᠬᠡᠮᠵᠢᠶ᠎ᠡ ᠶᠢ  ᠪᠣᠳᠠᠲᠠᠢ ᠠᠳᠬᠤᠬᠤ ᠬᠡᠷᠡᠭᠲᠡᠢ᠃ ᠰᠡᠷᠡᠮᠵᠢ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠬᠥᠳᠡᠯᠦᠩᠭᠦᠶ ᠪᠠᠷ ᠪᠠᠶᠢᠴᠠᠭᠠᠨ ᠬᠡᠮᠵᠢᠬᠦ ᠪᠠ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠨ᠂ ᠭᠤᠣᠯᠳᠠᠯᠭ᠎ᠠ ᠲᠠᠢ ᠭᠦᠮᠦᠨ ᠲᠠᠯᠠᠪᠤᠷ  ᠂ ᠭᠠᠳᠠᠭᠠᠳᠤ ᠠᠴᠠ ᠤᠷᠤᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠵᠡᠷᠭᠡ ᠵᠠᠩᠭᠢᠯᠠᠭ᠎ᠠ ᠶᠢᠨ ᠬᠦᠷᠢᠶᠡᠨ ᠤ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠶ᠃ ᠬᠤᠯᠪᠣᠭᠠᠯᠠᠨ ᠰᠡᠷᠭᠡᠶᠢᠯᠡᠵᠦ ᠡᠵᠡᠮᠳᠡᠬᠦ ᠪᠠᠨ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ ᠠᠵᠢᠯ ᠢ ᠰᠠᠶᠢᠲᠤᠷ ᠬᠢᠵᠦ᠂ ᠡᠳᠦᠷ ᠪᠦᠷᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ︽ᠠᠮᠤᠷ ᠲᠦᠪᠰᠢᠨ ᠤ ᠮᠡᠳᠡᠭᠦᠯᠦᠯᠲᠡ︾ ᠶᠢᠨ ᠲᠦᠷᠢᠮ ᠢ ᠬᠡᠷᠡᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾ ᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠳᠠᠨᠢᠨ᠂ ᠨᠠᠮ ᠤᠨ ᠨᠢᠭᠡᠳᠦᠮᠡᠯ ᠹᠷᠣᠨᠲ ᠤᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠲᠤ ᠪᠠᠷᠢᠮᠲᠠᠯᠠᠵᠤ᠂ ᠡᠯ᠎ᠡ  ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠥᠷᠨᠢᠭᠦᠯᠵᠦ᠂ ᠬᠢᠶ᠎ᠠ ᠪᠠᠭᠰᠢ ᠲᠣᠭᠤᠷᠢᠭ ᠤᠨ ᠨᠢᠭᠡᠳᠦᠮᠡᠯ ᠹᠷᠣᠨᠲ ᠤᠨ ᠠᠵᠢᠯ ᠤᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠬᠢᠶ᠎ᠠ ᠪᠠᠭᠰᠢ ᠲᠣᠭᠤᠷᠢᠭ ᠤᠨ 2020 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠵᠢᠴᠢ 2021 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠬᠦ ᠲᠥᠯᠥᠪᠯᠡᠭᠡ ᠪᠣᠯᠤᠨ 2020 ᠣᠨ ᠤ ᠭᠤᠤᠯ ᠪᠣᠯᠬᠤ ᠠᠵᠤ ᠠᠬᠤᠶ ᠶᠢᠨ ᠢᠯᠡᠳᠬᠡᠪᠦᠷᠢ ᠶᠢ ᠪᠡᠶᠡᠯᠡᠭᠦᠯᠦᠭᠰᠡᠨ ᠪᠠᠶᠢᠳᠠᠯ ᠵᠢᠴᠢ 2021 ᠣᠨ ᠤ ᠭᠤᠤᠯ ᠪᠣᠯᠬᠤ ᠠᠵᠤ ᠠᠬᠤᠶ ᠶᠢᠨ ᠢᠯᠡᠳᠬᠡᠪᠦᠷᠢ ᠶᠢᠨ ᠵᠢᠱᠢᠯᠲᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠬᠥᠭᠵᠢᠯᠲᠡ ᠪᠠᠷ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠠᠵᠠ ᠲᠣᠬᠢᠶᠠᠯ ᠢ ᠠᠮᠵᠢᠨ᠂ ᠣᠶᠤᠨ ᠴᠢᠳᠠᠯ ᠢᠶᠠᠨ ᠲᠦᠪᠯᠡᠷᠡᠭᠦᠯᠦᠨ᠂ ᠲᠥᠷᠥᠯ ᠵᠦᠢᠯ ᠢ ᠠᠳᠬᠤᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠶᠢ ᠣᠳᠣᠬᠠᠨ ᠤ ᠴᠢᠬᠤᠯᠠ ᠠᠵᠢᠯ ᠪᠣᠯᠭᠠᠨ ᠪᠥᠬᠦ ᠬᠦᠴᠦᠨ ᠢᠶᠠᠷ ᠢᠶᠠᠨ ᠴᠢᠩᠭ᠎ᠠ ᠠᠳᠬᠤᠨ᠂ ᠬᠢᠶ᠎ᠠ ᠪᠠᠭᠰᠢ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃  ᠬᠤᠳᠠᠯᠳᠣᠭᠠᠴᠢᠨ ᠤᠷᠢᠵᠤ ᠪᠡᠯᠡ  ᠣᠷᠣᠭᠤᠯᠬᠤ ᠪᠠᠷ ᠳᠠᠮᠵᠢᠨ᠂ ᠬᠥᠮᠦᠰ ᠤᠨ ᠠᠩᠬᠠᠷᠤᠯ ᠢ ᠲᠠᠲᠠᠵᠤ᠂ ᠠᠵᠤ ᠦᠢᠯᠡᠰ ᠪᠠ ᠬᠤᠲᠠ ᠶᠢᠨ ᠠᠭᠤᠰᠤᠯᠴᠠᠨ ᠬᠥᠭᠵᠢᠬᠦ ᠶᠢ ᠤᠯᠠᠮ ᠴᠢᠨᠠᠭᠰᠢᠳᠠ ᠠᠬᠢᠭᠤᠯᠤᠨ᠂ ᠬᠤᠲᠠ ᠶᠢᠨ ᠬᠥᠭᠵᠢᠯᠲᠡ ᠶᠢᠨ ᠰᠠᠶᠢᠨ ᠣᠷᠴᠢᠯ ᠢ ᠠᠬᠢᠭᠤᠯᠬᠤ ᠬᠡᠷᠡᠭᠲᠡᠢ᠃ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠭᠤᠣᠯᠳᠠᠯᠭ᠎ᠠ ᠲᠠᠢ ᠲᠥᠷᠥᠯ  ᠵᠦᠢᠯ ᠢ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠬᠡᠷᠡᠭᠵᠢᠭᠦᠯᠵᠦ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ  ᠰᠢᠢᠳᠪᠦᠷᠢᠯᠡᠨ᠂ ᠪᠠᠯᠠ ᠣᠷᠣᠭᠤᠯᠤᠯᠲᠠ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ  ᠠᠴᠠ ᠴᠠᠭᠳᠠᠨ ᠪᠠᠶᠢᠴᠠᠭᠠᠬᠤ ᠠᠵᠢᠯ  ᠢ ᠰᠤᠳᠤᠯᠪᠠ᠃ ᠬᠤᠷᠠᠯ ᠠᠴᠠ᠂  ᠪᠦᠬᠦ ᠴᠠᠭᠳᠠᠨ ᠪᠠᠶᠢᠴᠠᠭᠠᠬᠤ ᠺᠠᠳ᠋ᠷ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠴᠠᠭᠳᠠᠨ ᠪᠠᠶᠢᠴᠠᠭᠠᠬᠤ ᠭᠤᠣᠯᠳᠠᠯᠭ᠎ᠠ ᠶᠢ ᠳᠤᠪᠤᠶᠢᠯᠭᠠᠵᠤ᠂ ᠲᠤᠰ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠢ  ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠥᠷᠭᠡᠨ ᠤᠯᠠᠨ ᠤᠳᠤᠷᠢᠳᠬᠤ ᠺᠠᠳ᠋ᠷ ᠰᠠᠬᠢᠯᠭ᠎ᠠ ᠪᠠᠲᠤ ᠬᠢᠨᠠᠨ ᠪᠠᠶᠢᠴᠠᠭᠠᠬᠤ ᠠᠵᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠰᠠᠬᠢᠯᠭ᠎ᠠ ᠪᠠᠲᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠦᠴᠦᠨ ᠪᠦᠬᠦᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃
ᠢᠷᠡᠯᠲᠡ᠄ ᠲᠤᠰ ᠰᠦᠯᠵᠢᠶ᠎ᠡ