ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠦᠬᠦᠳᠡ ᠬᠤᠷᠠᠯ ᠵᠢᠴᠢ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/25
          1ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠣᠳᠠᠭᠠᠨ ᠤ ᠪᠦᠬᠦᠳᠡ ᠬᠤᠷᠠᠯ ᠵᠢᠴᠢ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠣᠷᠳᠣᠰ ᠤᠨ ᠣᠯᠠᠨ ᠤᠯᠤᠰ ᠤᠨ ᠦᠵᠡᠭᠦᠯᠥᠯᠭᠡ ᠶᠢᠨ ᠲᠥᠪ ᠲᠤ ᠬᠤᠷᠠᠯᠳᠤᠪᠠ᠃ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠣᠳᠠᠭᠠᠨ ᠤ ᠪᠦᠬᠦᠳᠡ ᠬᠤᠷᠠᠯ ᠤᠨ ᠠᠯᠪᠠᠨ ᠮᠡᠳᠡᠭᠡ ᠶᠢ ᠬᠢᠨᠠᠨ ᠵᠦᠪᠰᠢᠶᠡᠷᠡᠪᠡ᠃
          ᠲᠣᠭᠤᠷᠢᠭ ᠤᠨ ᠨᠠᠮ ᠤᠨ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠬᠤᠷᠠᠯ ᠳᠤ  ᠣᠷᠣᠯᠴᠠᠪᠠ᠃ ᠲᠣᠭᠤᠷᠢᠭ ᠤᠨ ᠬᠤᠯᠪᠣᠭᠳᠠᠯ ᠪᠥᠬᠦᠶ ᠤᠳᠣᠷᠢᠳᠣᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠠᠮᠢᠶ᠎ᠠ ᠪᠥᠬᠦᠶ  ᠬᠠᠷᠢᠭᠤᠴᠠᠯᠭᠠᠲᠠᠨ᠂ ᠬᠤᠲᠠ ᠶᠢᠨ ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡ  ᠪᠥᠯᠥᠭ ᠲᠥᠯᠥᠭᠡᠯᠡᠭᠴᠢ᠂ ᠲᠣᠭᠤᠷᠢᠭ ᠤᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃          ᠪᠦᠬᠦᠳᠡ ᠬᠤᠷᠠᠯ ᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠣᠷᠣᠯᠠᠭᠴᠢ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠲᠣᠰ ᠲᠣᠰ ᠲᠤ ᠨᠢ ᠶᠠᠷᠢᠶ᠎ᠠ ᠲᠠᠯᠪᠢᠪᠠ᠃          ᠬᠤᠷᠠᠯ ᠤᠨ ᠭᠤᠤᠯ ᠡᠭᠦᠷᠭᠡ ᠪᠣᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠣᠮᠲᠤ ᠦᠵᠡᠯ ᠰᠠᠨᠠᠭ᠎ᠠ ᠪᠠᠷ ᠵᠢᠯᠤᠭᠤᠳᠤᠮᠵᠢ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠣᠭᠠᠷ᠂ ᠭᠤᠷᠪᠠᠳᠣᠭᠠᠷ᠂ ᠲᠥᠷᠪᠡᠳᠦᠭᠡᠷ᠂ ᠲᠠᠪᠤᠳᠣᠭᠠᠷ ᠪᠦᠭᠦᠳᠠ ᠬᠤᠷᠠᠯ ᠤᠨ ᠵᠤᠷᠢᠭ ᠰᠠᠨᠠᠭ᠎ᠠ ᠪᠠ ᠲᠥᠪ ᠤᠨ ᠠᠵᠦ ᠠᠬᠤᠢ ᠶᠢᠨ ᠠᠵᠢᠯ ᠤᠨ ᠬᠤᠷᠠᠯ ᠤᠨ ᠦᠵᠡᠯ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠣᠳᠠᠭᠠᠨ ᠤ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠵᠢᠴᠢ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠨ ᠬᠤᠶᠠᠳᠤᠭᠠᠷ ᠣᠳᠠᠭᠠᠨ ᠤ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ ᠨᠠᠶᠢᠳᠠᠪᠣᠷᠢᠵᠢᠭᠤᠯᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2020 ᠣᠨ ᠤ ᠠᠵᠢᠯ ᠢ ᠮᠡᠳᠡᠭᠦᠯᠦᠨ᠂ ︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ  ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠰᠠᠨᠠᠭᠤᠯᠭ᠎ᠠ ︵ᠲᠥᠰᠦᠯ︶︾ ᠶᠢ ᠬᠢᠨᠠᠨ ᠵᠦᠪᠯᠡᠵᠦ᠂ 2021 ᠣᠨ ᠤ ᠬᠢᠶ᠎ᠠ ᠪᠠᠭᠰᠢ ᠲᠣᠭᠤᠷᠢᠭ ᠤᠨ ᠠᠵᠢᠯ ᠢ ᠪᠠᠶᠢᠷᠢᠯᠠᠭᠤᠯᠪᠠ᠃
ᠢᠷᠡᠯᠲᠡ᠄ ᠲᠤᠰ ᠰᠦᠯᠵᠢᠶ᠎ᠡ