︽ᠨᠠᠰᠤᠨ ᠳᠤ ᠦᠯᠤ ᠬᠦᠷᠦᠭᠰᠡᠳ ᠢ ᠬᠠᠮᠠᠭᠠᠯᠠᠬᠤ ᠬᠠᠤᠯᠢ︾ ᠳᠤ ᠵᠠᠰᠠᠪᠤᠷᠢ ᠤᠷᠤᠭᠤᠯᠤᠯ᠎ᠠ
ᠨᠡᠶᠢᠲᠡᠯᠡᠭᠰᠡᠨ ᠴᠠᠭ᠄
2021/1/26
        2020 ᠤᠨ ᠤ 10 ᠰᠠᠷ᠎ᠠ ᠶᠢᠨ 17 ᠤ ᠡᠳᠤᠷ᠂ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠳᠤ ᠵᠠᠰᠠᠪᠤᠷᠢ ᠤᠷᠤᠭᠤᠯᠤᠬᠰᠠᠨ ᠲᠦᠰᠦᠯ ᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯ ᠢᠶᠠᠷ ᠪᠠᠳᠤᠯᠠᠪᠠ᠂ 2021 ᠤᠨ ᠤ 6 ᠰᠠᠷ᠎ᠠ ᠶᠢᠨ 1 ᠤ ᠡᠳᠤᠷ ᠠᠴᠠ ᠡᠬᠢᠯᠡᠵᠤ ᠭᠡᠷᠡᠭᠵᠢᠬᠦᠯᠤᠨ᠎ᠠ᠃ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠪᠤᠯ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠦᠷᠢᠶᠠᠨ ᠳᠠᠬᠢ ᠶᠡᠷᠤᠩᠭᠡᠶᠢᠯᠡᠭᠰᠡᠨ ᠴᠢᠨᠠᠷᠳᠠᠢ ᠬᠠᠤᠯᠢ ᠴᠠᠭᠠᠵᠠ ᠪᠤᠯᠤᠨ᠎ᠠ᠂ ᠰᠢᠨ᠎ᠠ ᠪᠠᠷ ᠵᠠᠰᠠᠪᠤᠷᠢ ᠤᠷᠤᠭᠤᠯᠤᠬᠰᠠᠨ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠳᠤ ᠤᠯᠠᠨ ᠵᠦᠢᠯ ᠤᠨ ᠲᠤᠬᠳᠠᠭᠠᠯ ᠢ ᠨᠡᠮᠡᠨ ᠲᠡᠬᠦᠯᠳᠡᠷᠵᠢᠬᠦᠯᠵᠤ᠂ ᠨᠡᠶᠢᠭᠡᠮ ᠤᠨ ᠠᠩᠬᠠᠷᠤᠨ ᠬᠠᠯᠠᠮᠵᠢᠯᠠᠵᠤ ᠪᠠᠶᠢᠭ᠎ᠠ ᠨᠠᠰᠤᠨ ᠳᠤ ᠦᠯᠦ ᠬᠦᠷᠦᠭᠰᠡᠳ ᠲᠤ ᠬᠠᠯᠳᠠᠯᠭ᠎ᠠ ᠬᠢᠭᠰᠡᠨ ᠳᠤ ᠬᠤᠯᠪᠤᠬᠳᠠᠬᠰᠠᠨ ᠠᠰᠠᠭᠤᠳᠠᠯ ᠢ ᠬᠦᠴᠤᠯᠡᠨ ᠰᠢᠢᠳᠪᠤᠷᠢᠯᠡᠵᠡᠢ᠃ ᠡᠬᠦᠨ ᠳᠤ ᠬᠠᠷᠠᠭᠠᠯᠵᠡᠨ ᠬᠠᠮᠠᠭᠠᠯᠠᠬᠴᠢ ᠶᠢᠨ ᠰᠠᠶᠢᠳᠤᠷ ᠬᠠᠮᠠᠭᠠᠯᠠᠬᠰᠠᠨ ᠦᠭᠡᠢ᠂ ᠰᠤᠷᠤᠬᠴᠢᠳ ᠤᠨ ᠲᠠᠷᠤᠯᠠᠯ ᠲᠤᠷᠤᠮᠵᠢᠯᠠᠯ᠂ ᠨᠠᠰᠤᠨ ᠳᠤ ᠦᠯᠦ ᠬᠦᠷᠦᠭᠰᠡᠳ ᠲᠤ ᠪᠡᠯᠭᠡ ᠶᠢᠨ ᠬᠠᠯᠳᠠᠯᠭ᠎ᠠ ᠬᠢᠭᠰᠡᠨ᠂ ᠨᠠᠰᠤᠨ ᠳᠤ ᠦᠯᠦ ᠬᠦᠷᠦᠭᠰᠡᠳ ᠤᠨ ᠰᠦᠯᠵᠢᠶᠠᠨ ᠳᠤ ᠰᠢᠨᠤᠬᠰᠠᠨ ᠵᠡᠷᠭᠡ ᠠᠰᠠᠭᠤᠳᠠᠯ ᠪᠠᠭᠳᠠᠨ᠎ᠠ᠃         ᠮᠠᠨ ᠤ ᠤᠯᠤᠰ ᠤᠨ ᠤᠳᠤ ᠶᠢᠨ ᠭᠡᠷᠡᠭᠵᠢᠬᠦᠯᠵᠤ ᠪᠠᠶᠢᠭ᠎ᠠ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠶᠢ 1991 ᠤᠨ ᠳᠤ ᠲᠤᠬᠳᠠᠭᠠᠵᠤ᠂ 2006 ᠤᠨ ᠳᠤ ᠨᠡᠯᠢᠶᠡᠳ ᠶᠡᠭᠡ ᠭᠡᠮᠵᠢᠶ᠎ᠠ ᠪᠠᠷ ᠵᠠᠰᠠᠪᠤᠷᠢ ᠤᠷᠤᠭᠤᠯᠪᠠ᠃ ᠲᠤᠰ ᠤᠳᠠᠭ᠎ᠠ ᠰᠢᠨ᠎ᠠ ᠪᠠᠷ ᠵᠠᠰᠠᠪᠤᠷᠢ ᠤᠷᠤᠭᠤᠯᠤᠬᠰᠠᠨ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠤᠳᠤ ᠶᠢᠨ ᠭᠡᠷᠡᠭᠵᠢᠬᠦᠯᠵᠤ ᠪᠠᠶᠢᠭ᠎ᠠ ᠬᠠᠤᠯᠢ ᠴᠠᠭᠠᠵᠠ ᠶᠢᠨ ᠰᠠᠭᠤᠷᠢᠨ ᠲᠡᠭᠡᠷ᠎ᠠ ᠤᠯᠠᠨ ᠵᠦᠢᠯ ᠤᠨ ᠠᠭᠤᠯᠭ᠎ᠠ ᠨᠡᠮᠡᠵᠤ᠂ ᠵᠦᠢᠯ ᠵᠤᠷᠪᠤᠰ ᠨᠢ 72 ᠪᠠᠶᠢᠬᠰᠠᠨ ᠠᠴᠠ ᠪᠠᠨ 132 ᠪᠤᠯᠵᠤ ᠨᠡᠮᠡᠭᠳᠡᠪᠡ᠃         ᠰᠢᠨ᠎ᠠ ᠪᠠᠷ ᠵᠠᠰᠠᠪᠤᠷᠢ ᠤᠷᠤᠭᠤᠯᠤᠬᠰᠠᠨ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠳᠤ ᠡᠳᠡᠭᠡᠷ ᠬᠤᠪᠢᠷᠠᠯᠳᠠ ᠪᠤᠢ᠄         ᠨᠠᠰᠤᠨ ᠳᠤ ᠦᠯᠦ ᠬᠦᠷᠦᠭᠰᠡᠳ ᠤᠨ ᠡᠷᠭᠡ ᠠᠰᠢᠬ ᠬᠠᠯᠳᠠᠯᠭ᠎ᠠ ᠳᠤ ᠤᠴᠠᠷᠠᠬᠰᠠᠨ ᠦᠶ᠎ᠠ ᠳᠤ ᠠᠯᠪᠠᠳᠠᠯᠭ᠎ᠠ ᠪᠠᠷ ᠮᠡᠳᠡᠬᠦᠯᠬᠦ ᠲᠦᠷᠢᠮ ᠢ ᠨᠡᠮᠡᠪᠡ         ᠰᠢᠨ᠎ᠠ ᠪᠠᠷ ᠵᠠᠰᠠᠪᠤᠷᠢ ᠤᠷᠤᠭᠤᠯᠤᠬᠰᠠᠨ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠳᠤ ᠨᠠᠰᠤᠨ ᠳᠤ ᠦᠯᠦ ᠬᠦᠷᠦᠭᠰᠡᠳ ᠤᠨ ᠡᠷᠭᠡ ᠠᠰᠢᠬ ᠬᠠᠯᠳᠠᠯᠭ᠎ᠠ ᠳᠤ ᠤᠴᠠᠷᠠᠬᠰᠠᠨ ᠦᠶ᠎ᠠ ᠳᠤ ᠠᠯᠪᠠᠳᠠᠯᠭ᠎ᠠ ᠪᠠᠷ ᠮᠡᠳᠡᠬᠦᠯᠬᠦ ᠲᠦᠷᠢᠮ ᠵᠢᠴᠢ ᠨᠠᠰᠤᠨ ᠳᠤ ᠦᠯᠦ ᠬᠦᠷᠦᠭᠰᠡᠳ ᠲᠠᠢ ᠨᠢᠬᠳᠠ ᠬᠠᠷᠢᠯᠴᠠᠬᠤ ᠠᠵᠢᠯ ᠲᠦᠷᠤᠯ ᠤᠨ ᠠᠵᠢᠯᠯᠠᠬᠰᠠᠳ ᠤᠨ ᠬᠢᠷᠢ ᠭᠡᠮ ᠤᠨ ᠲᠦᠷᠢᠮ ᠢ ᠨᠡᠮᠡᠪᠡ᠃ ᠡᠬᠦᠨ ᠠᠴᠠ ᠭᠠᠳᠠᠨ᠎ᠠ᠂ ᠤᠯᠤᠰ ᠠᠴᠠ ᠪᠠᠰᠠ ᠪᠡᠯᠭᠡ ᠶᠢᠨ ᠬᠠᠯᠳᠠᠯᠭ᠎ᠠ ᠬᠢᠬᠦ᠂ ᠬᠠᠯᠠ ᠦᠵᠡᠬᠦᠯᠬᠦ᠂ ᠮᠡᠭᠡᠯᠡᠨ ᠬᠤᠳᠠᠯᠳᠤᠬᠤ᠂ ᠬᠦᠴᠤᠷᠭᠡᠭᠯᠡᠯ ᠢᠶᠠᠷ ᠭᠡᠮᠳᠤᠭᠡᠬᠦ ᠵᠡᠷᠭᠡ ᠬᠠᠤᠯᠢ ᠶᠢ ᠵᠦᠷᠢᠴᠡᠭᠰᠡᠨ ᠶᠠᠯᠠᠳᠤ ᠡᠳᠡᠭᠡᠳ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠢ ᠪᠠᠶᠢᠭᠤᠯᠵᠤ᠂ ᠨᠠᠰᠤᠨ ᠳᠤ ᠦᠯᠦ ᠬᠦᠷᠦᠭᠰᠡᠳ ᠲᠠᠢ ᠨᠢᠬᠳᠠ ᠬᠠᠷᠢᠯᠴᠠᠬᠤ ᠨᠢᠭᠡᠴᠢ ᠳᠤ ᠰᠦᠢᠳᠭᠡᠯ ᠬᠤᠷᠢᠶᠠᠬᠤ ᠦᠭᠡᠢ ᠪᠠᠷ ᠪᠠᠶᠢᠴᠠᠭᠠᠨ ᠯᠠᠪᠯᠠᠬᠤ ᠦᠢᠯᠡᠴᠢᠯᠡᠭᠡ ᠬᠠᠨᠭ᠍ᠭᠠᠨ᠎ᠠ᠃         ᠠᠩᠬ᠎ᠠ ᠤᠳᠠᠭ᠎ᠠ ᠰᠤᠷᠤᠬᠴᠢᠳ ᠤᠨ ᠲᠠᠷᠤᠯᠠᠯ ᠲᠤᠷᠤᠮᠵᠢᠯᠠᠯ ᠢ ᠲᠤᠮᠢᠶᠠᠯᠠᠪᠠ         ᠰᠤᠷᠤᠬᠴᠢᠳ ᠤᠨ ᠲᠠᠷᠤᠯᠠᠯ ᠲᠤᠷᠤᠮᠵᠢᠯᠠᠯ ᠭᠡᠳᠡᠭ ᠨᠢ ᠰᠤᠷᠤᠬᠴᠢᠳ ᠤᠨ ᠬᠤᠭᠤᠷᠤᠨᠳᠤ ᠡᠬᠦᠰᠦᠭᠰᠡᠨ᠂ ᠨᠢᠭᠡ ᠡᠳᠡᠭᠡᠳ ᠨᠢ ᠵᠤᠷᠢᠭᠤᠳᠠ ᠪᠤᠶᠤ ᠮᠠᠭᠤ ᠰᠠᠨᠠᠭ᠎ᠠ ᠲᠠᠢ ᠪᠠᠷ ᠦᠢᠯᠡ ᠬᠦᠳᠡᠯᠭᠡᠭᠡᠨ᠂ ᠦᠭᠡ ᠭᠡᠯᠡ ᠵᠢᠴᠢ ᠰᠦᠯᠵᠢᠶ᠎ᠠ ᠵᠡᠷᠭᠡ ᠠᠷᠭ᠎ᠠ ᠪᠠᠷᠢᠯ ᠢᠶᠠᠷ ᠲᠠᠷᠤᠯᠠᠬᠤ᠂ ᠭᠤᠳᠤᠭᠠᠨ ᠲᠤᠷᠤᠮᠵᠢᠯᠠᠵᠤ᠂ ᠨᠦᠬᠦᠭᠡ ᠡᠳᠡᠭᠡᠳ ᠤᠨ ᠢᠶᠠᠨ ᠪᠠᠶ᠎ᠠ ᠮᠠᠬᠠᠪᠤᠳ ᠢ ᠭᠡᠮᠳᠤᠭᠡᠬᠦ᠂ ᠡᠳ᠋ ᠬᠦᠷᠤᠩᠭᠡ ᠶᠢ ᠨᠢ ᠬᠤᠬᠢᠷᠠᠭᠤᠯᠬᠤ ᠪᠤᠶᠤ ᠤᠶᠤᠨ ᠤᠬᠠᠭᠠᠨ ᠤ ᠬᠤᠬᠢᠷᠠᠯ ᠤᠴᠠᠷᠠᠭᠤᠯᠤᠬᠰᠠᠨ ᠦᠢᠯᠡ ᠠᠵᠢᠯᠯᠠᠭ᠎ᠠ ᠶᠢ ᠵᠢᠭᠠᠵᠤ ᠪᠤᠢ᠃ ᠪᠠᠰᠠ ᠰᠤᠷᠭᠠᠭᠤᠯᠢ ᠶᠢᠨ ᠰᠤᠷᠤᠬᠴᠢᠳ ᠤᠨ ᠲᠠᠷᠤᠯᠠᠯ ᠲᠤᠷᠤᠮᠵᠢᠯᠠᠯ ᠵᠢᠴᠢ ᠰᠤᠷᠭᠠᠭᠤᠯᠢ ᠶᠢᠨ ᠬᠦᠷᠢᠶᠡᠨ ᠤ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠨ ᠡᠵᠡᠮᠳᠡᠬᠦ ᠪᠠ ᠰᠢᠢᠳᠪᠤᠷᠢᠯᠡᠬᠦ ᠲᠤᠬᠳᠠᠴᠠ ᠶᠢ ᠲᠤᠳᠤᠷᠬᠠᠢ ᠲᠤᠬᠳᠠᠭᠠᠪᠠ᠃         ᠰᠤᠷᠭᠠᠭᠤᠯᠢ ᠰᠤᠷᠤᠬᠴᠢᠳ ᠤᠨ ᠲᠠᠷᠤᠯᠠᠯ ᠲᠤᠷᠤᠮᠵᠢᠯᠠᠯ ᠢ ᠰᠡᠷᠭᠡᠶᠢᠯᠡᠨ ᠡᠵᠡᠮᠳᠡᠬᠦ ᠲᠦᠷᠢᠮ ᠢ ᠪᠠᠶᠢᠭᠤᠯᠬᠤ ᠭᠡᠷᠡᠭᠳᠡᠢ         ᠰᠤᠷᠭᠠᠭᠤᠯᠢ ᠠᠴᠠ ᠪᠠᠭᠰᠢ ᠠᠵᠢᠯᠳᠠᠨ ᠠᠵᠢᠯᠴᠢᠨ᠂ ᠰᠤᠷᠤᠬᠴᠢ ᠨᠠᠷ ᠲᠠᠭᠠᠨ ᠰᠤᠷᠤᠬᠴᠢᠳ ᠤᠨ ᠲᠠᠷᠤᠯᠠᠯ ᠲᠤᠷᠤᠮᠵᠢᠯᠠᠯ ᠢ ᠰᠡᠷᠭᠡᠶᠢᠯᠡᠨ ᠵᠠᠰᠠᠬᠤ ᠬᠦᠮᠤᠵᠢᠯ ᠪᠠ ᠪᠤᠯᠪᠠᠰᠤᠷᠠᠭᠤᠯᠤᠯ ᠦᠷᠨᠢᠬᠦᠯᠬᠦ ᠭᠡᠷᠡᠭᠳᠡᠢ︔ ᠰᠤᠷᠤᠬᠴᠢᠳ ᠤᠨ ᠲᠠᠷᠤᠯᠠᠯ ᠲᠤᠷᠤᠮᠵᠢᠯᠠᠯ ᠤᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠬᠯᠠᠨ ᠵᠤᠬᠰᠤᠭᠠᠬᠤ ᠪᠦᠭᠡᠳ ᠰᠢᠢᠳᠪᠤᠷᠢᠯᠡᠬᠦ ᠭᠡᠷᠡᠭᠳᠡᠢ︔ ᠬᠠᠮᠢᠶ᠎ᠠ ᠪᠦᠬᠦᠢ ᠨᠠᠰᠤᠨ ᠳᠤ ᠬᠦᠷᠦᠭᠡᠳᠤᠢ ᠰᠤᠷᠤᠬᠴᠢᠳ ᠲᠤ ᠴᠠᠭ ᠲᠤᠬᠠᠢ ᠳᠤᠨᠢ ᠰᠡᠳᠬᠢᠴᠡ ᠶᠢᠨ ᠬᠠᠪᠰᠤᠷᠤᠨ ᠵᠢᠯᠤᠭᠤᠳᠤᠯᠭ᠎ᠠ ᠬᠢᠵᠤ᠂ ᠰᠤᠷᠭᠠᠨ ᠬᠦᠮᠤᠵᠢᠬᠦᠯᠬᠦ ᠶᠢᠨ ᠬᠠᠮᠳᠤ ᠬᠦᠳᠤᠯᠤᠨ ᠵᠢᠯᠤᠭᠤᠳᠴᠤ᠂ ᠬᠠᠮᠢᠶ᠎ᠠ ᠪᠦᠬᠦᠢ ᠨᠠᠰᠤᠨ ᠳᠤ ᠬᠦᠷᠤᠭᠡᠳᠤᠢ ᠰᠤᠷᠤᠬᠴᠢᠳ ᠤᠨ ᠡᠴᠢᠭᠡ ᠡᠭᠡ ᠪᠤᠶᠤ ᠪᠤᠰᠤᠳ ᠬᠠᠷᠠᠭᠠᠯᠵᠠᠨ ᠬᠠᠮᠠᠭᠠᠯᠠᠬᠴᠢ ᠳᠤ ᠴᠢᠬᠤᠯᠠ ᠪᠦᠬᠦᠢ ᠭᠡᠷ ᠪᠦᠯᠢ ᠶᠢᠨ ᠬᠦᠮᠤᠵᠢᠯ ᠤᠨ ᠵᠢᠯᠤᠭᠤᠳᠤᠯᠭ᠎ᠠ ᠬᠢᠬᠦ ᠭᠡᠷᠡᠭᠳᠡᠢ᠃         ᠭᠡᠷ ᠪᠦᠯᠢ ᠶᠢᠨ ᠬᠠᠮᠠᠭᠠᠯᠠᠯᠳᠠ ᠶᠢ ᠴᠢᠩᠭᠠᠳᠬᠠᠵᠤ᠂ ᠭᠡᠷ ᠪᠦᠯᠢ ᠶᠢᠨ ᠬᠠᠷᠠᠭᠠᠯᠵᠠᠨ ᠬᠠᠮᠠᠭᠠᠯᠠᠬᠤ ᠡᠬᠦᠷᠭᠡ ᠬᠠᠷᠢᠭᠤᠴᠠᠯᠭ᠎ᠠ ᠶᠢ ᠨᠠᠷᠢᠯᠢᠬᠵᠢᠭᠤᠯᠪᠠ         ᠰᠢᠨ᠎ᠠ ᠪᠠᠷ ᠵᠠᠰᠠᠪᠤᠷᠢ ᠤᠷᠤᠭᠤᠯᠤᠬᠰᠠᠨ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠳᠤ ᠨᠠᠰᠤᠨ ᠳᠤ ᠦᠯᠦ ᠬᠦᠷᠦᠭᠰᠡᠳ ᠤᠨ ᠡᠴᠢᠭᠡ ᠡᠭᠡ ᠪᠤᠶᠤ ᠪᠤᠰᠤᠳ ᠬᠠᠷᠠᠭᠠᠯᠵᠠᠨ ᠬᠠᠮᠠᠭᠠᠯᠠᠬᠴᠢ ᠶᠢᠨ ᠬᠦᠢᠴᠡᠳᠭᠡᠪᠡᠰᠤ ᠵᠤᠬᠢᠬᠤ ᠬᠠᠷᠠᠭᠠᠯᠵᠠᠨ ᠬᠠᠮᠠᠭᠠᠯᠠᠬᠴᠢ ᠡᠬᠦᠷᠭᠡ ᠬᠠᠷᠢᠭᠤᠴᠠᠯᠭ᠎ᠠ ᠪᠠ ᠭᠡᠷᠡᠭᠵᠢᠬᠦᠯᠵᠤ ᠦᠯᠦ ᠪᠤᠯᠬᠤ ᠦᠢᠯᠡ ᠠᠵᠢᠯᠯᠠᠭ᠎ᠠ ᠶᠢ ᠲᠤᠳᠤᠷᠬᠠᠢ ᠵᠢᠬᠰᠠᠭᠠᠬᠰᠠᠨ ᠪᠠᠶᠢᠨ᠎ᠠ᠃         ᠭᠡᠷ ᠲᠡᠭᠡᠨ ᠬᠤᠴᠤᠷᠤᠬᠰᠠᠨ ᠭᠡᠤᠭᠡᠳ ᠢ ᠨᠠᠶᠢᠳᠠᠭᠤᠯᠤᠨ ᠠᠰᠠᠷᠠᠨ ᠬᠠᠷᠠᠭᠠᠯᠵᠠᠬᠤ ᠲᠦᠷᠢᠮ ᠢ ᠲᠡᠬᠦᠯᠳᠡᠷᠵᠢᠬᠦᠯᠪᠠ         ᠰᠢᠨ᠎ᠠ ᠪᠠᠷ ᠵᠠᠰᠠᠪᠤᠷᠢ ᠤᠷᠤᠭᠤᠯᠤᠬᠰᠠᠨ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠳᠤ ᠨᠠᠶᠢᠳᠠᠭᠤᠯᠤᠨ ᠠᠰᠠᠷᠠᠭᠤᠯᠬᠤ ᠲᠦᠷᠢᠮ ᠢ ᠲᠡᠬᠦᠯᠳᠡᠷᠵᠢᠬᠦᠯᠪᠡ᠃ ᠵᠦᠢ ᠶᠤᠰᠤᠨ ᠤ ᠰᠢᠯᠳᠠᠭᠠᠨ ᠦᠭᠡᠢ ᠪᠠᠷ ᠭᠡᠤᠭᠡᠳ ᠢᠶᠠᠨ ᠪᠤᠰᠤᠳ ᠲᠤ ᠨᠠᠶᠢᠳᠠᠵᠤ ᠬᠠᠷᠠᠭᠠᠯᠵᠠᠭᠤᠯᠵᠤ ᠪᠤᠯᠬᠤ ᠦᠭᠡᠢ᠃         ᠤᠯᠤᠰ ᠠᠴᠠ ᠬᠠᠷᠠᠭᠠᠯᠵᠠᠨ ᠬᠠᠮᠠᠭᠠᠯᠠᠬᠴᠢ ᠶᠢᠨ ᠲᠦᠷᠢᠮ ᠢ ᠲᠤᠳᠤᠷᠬᠠᠢᠢᠯᠠᠵᠤ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠳᠤ ᠦᠨᠳᠤᠰᠤᠨ ᠵᠦᠢᠯ ᠢ ᠪᠠᠳᠤᠯᠠᠵᠤ ᠦᠭᠪᠠ᠃         ᠰᠢᠨ᠎ᠠ ᠪᠠᠷ ᠵᠠᠰᠠᠪᠤᠷᠢ ᠤᠷᠤᠭᠤᠯᠤᠬᠰᠠᠨ ︽ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠳᠤ ᠤᠯᠤᠰ ᠠᠴᠠ ᠬᠠᠷᠠᠭᠠᠯᠵᠠᠨ ᠬᠠᠮᠠᠭᠠᠯᠠᠬᠴᠢ ᠶᠢᠨ ᠲᠦᠷᠢᠮ ᠢ ᠲᠤᠳᠤᠷᠬᠠᠢ ᠲᠤᠬᠳᠠᠭᠠᠵᠤ᠂ ᠨᠠᠰᠤᠨ ᠳᠤ ᠦᠯᠦ ᠬᠦᠷᠦᠭᠰᠡᠳ ᠤᠨ ᠬᠠᠷᠠᠭᠠᠯᠵᠠᠨ ᠬᠠᠮᠠᠭᠠᠯᠠᠬᠴᠢ ᠨᠢ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠪᠠᠨ ᠬᠦᠢᠴᠡᠳᠭᠡᠵᠤ ᠲᠡᠶᠢᠯᠬᠦ ᠦᠭᠡᠢ ᠦᠶ᠎ᠠ ᠳᠤ ᠤᠯᠤᠰ ᠠᠴᠠ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠡᠬᠦᠷᠭᠡᠯᠡᠨ᠎ᠠ ᠭᠡᠵᠤ ᠲᠤᠬᠳᠠᠭᠠᠵᠠᠢ᠃
ᠢᠷᠡᠯᠲᠡ᠄ ᠣᠷᠳᠣᠰ ᠮᠣᠩᠭᠤᠯ ᠰᠦᠯᠵᠢᠶ᠎ᠡ