ᠬᠠᠭᠤᠷᠮᠠᠭ ᠴᠠᠬᠢᠯᠭᠠᠨ ᠲᠦᠭᠡᠭᠡᠬᠦ ᠠᠪᠳᠠᠷ᠎ᠠ ᠮᠢᠩᠭᠠᠨ ᠲᠦᠮᠡᠨ ᠲᠦᠬᠦᠷᠢᠭ ᠤᠨ ᠲᠤᠮᠤ ᠭᠡᠷᠡᠭ ᠢ ᠲᠠᠳᠠᠨ ᠭᠠᠷᠭᠠᠪᠠ
ᠨᠡᠶᠢᠲᠡᠯᠡᠭᠰᠡᠨ ᠴᠠᠭ᠄
2021/1/26
         2020 ᠤᠨ ᠤ 12 ᠰᠠᠷ᠎ᠠ ᠶᠢᠨ 22 ᠤᠨ ᠡᠳᠤᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠰᠤᠨᠢᠨ ᠮᠡᠳᠡᠭᠡ ᠨᠡᠶᠢᠳᠡᠯᠡᠬᠦ ᠬᠤᠷᠠᠯ ᠢ ᠬᠤᠷᠠᠯᠳᠤᠭᠤᠯᠵᠤ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠶᠢᠨ ᠬᠢᠨ 2020 ᠤᠨ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠡᠳᠡᠯᠭᠡ ᠶᠢᠨ ᠦᠮᠴᠢᠯᠠᠯ ᠤᠨ ᠡᠷᠭᠡᠨ ᠳᠤ ᠬᠠᠯᠳᠠᠬᠰᠠᠨ ᠪᠠ ᠬᠠᠭᠤᠷᠮᠠᠭ ᠴᠢᠨᠠᠷ ᠮᠠᠭᠤ ᠲᠠᠸᠠᠷ ᠦᠢᠯᠡᠳᠪᠤᠷᠢᠯᠡᠨ ᠪᠤᠷᠤᠯᠠᠭᠤᠯᠤᠬᠰᠠᠨ ᠠᠵᠢᠯᠯᠠᠭ᠎ᠠ ᠳᠤ ᠴᠤᠬᠢᠯᠳᠠ ᠦᠭᠬᠦᠭᠰᠡᠨ ᠠᠵᠢᠯ ᠤᠨ ᠪᠠᠶᠢᠳᠠᠯ ᠤᠨ ᠲᠤᠭᠤᠷᠢᠨ ᠳᠤ 20 ᠨᠡᠶᠢᠳᠡᠯᠢᠭ ᠭᠡᠷᠡᠭ ᠢ ᠨᠡᠶᠢᠳᠡᠯᠡᠪᠠ᠃ ᠡᠬᠦᠨ ᠳᠤ ᠠᠵᠤ ᠠᠬᠤᠢ ᠶᠢᠨ ᠭᠡᠷᠡᠭ ᠢ ᠲᠠᠩᠨᠠᠨ ᠪᠠᠶᠢᠴᠠᠭᠠᠬᠤ ᠰᠠᠯᠪᠤᠷᠢ ᠠᠩᠬᠢ ᠶᠢᠨ ᠰᠢᠢᠳᠪᠤᠷᠢᠯᠡᠭᠰᠡᠨ ᠶᠧ ᠤᠪᠤᠬᠳᠤ ᠵᠡᠷᠭᠡ ᠬᠦᠮᠤᠰ ᠪᠤᠰᠤᠳ ᠤᠨ ᠲᠠᠸᠠᠷ ᠤᠨ ᠲᠡᠮᠳᠡᠭ ᠢ ᠬᠠᠭᠤᠷᠮᠠᠬᠯᠠᠨ ᠭᠡᠷᠡᠭᠯᠡᠭᠰᠡᠨ ᠲᠠᠸᠠᠷ ᠢ ᠬᠤᠳᠠᠯᠳᠤᠬᠰᠠᠨ ᠭᠡᠷᠡᠭ ᠵᠢᠬᠰᠠᠭᠠᠬᠳᠠᠵᠠᠢ᠃ ᠲᠤᠰ ᠭᠡᠷᠡᠭ ᠮᠠᠨ ᠤ ᠬᠤᠳᠠ ᠶᠢᠨ ᠬᠠᠷᠢᠶᠠᠨ ᠳᠠᠬᠢ 12 ᠪᠠᠶᠢᠭᠤᠯᠭ᠎ᠠ ᠨᠢᠭᠡᠴᠢ ᠳᠤ ᠬᠤᠯᠪᠤᠬᠳᠠᠵᠤ᠂ ᠬᠠᠭᠤᠷᠮᠠᠭ ᠴᠠᠬᠢᠯᠭᠠᠨ ᠭᠡᠷᠡᠭᠰᠡᠯ ᠤᠨ ᠦᠢᠯᠡᠳᠬᠦᠨ ᠭᠡᠷᠡᠭᠯᠡᠵᠤ ᠪᠠᠶᠢᠬᠰᠠᠨ ᠪᠠᠶᠢᠭᠤᠯᠭ᠎ᠠ ᠠᠴᠠ ᠬᠠᠭᠤᠷᠮᠠᠭ ᠬᠦᠴᠤᠳᠠᠯ ᠦᠭᠡᠷᠡᠴᠢᠯᠡᠬᠦ ᠮᠠᠰᠢᠨ᠂ ᠴᠠᠬᠢᠯᠭᠠᠨ ᠲᠦᠭᠡᠭᠡᠬᠦ ᠠᠪᠳᠠᠷ᠎ᠠ᠂ ᠨᠡᠭᠡᠭᠡᠯᠭᠡ ᠶᠢᠨ ᠠᠪᠳᠠᠷ᠎ᠠ ᠵᠡᠷᠭᠡ ᠦᠢᠯᠡᠳᠬᠦᠨ ᠢ ᠨᠡᠶᠢᠳᠡ 559 ᠪᠠᠶᠢᠴᠠᠭᠠᠨ ᠭᠠᠷᠭᠠᠵᠤ᠂ ᠭᠡᠷᠡᠭ ᠲᠤ ᠬᠤᠯᠪᠤᠬᠳᠠᠬᠰᠠᠨ ᠵᠤᠭᠤᠰ ᠨᠢ 598.80 ᠲᠦᠮᠠᠨ ᠲᠦᠬᠦᠷᠢᠭ ᠲᠤ ᠬᠦᠷᠴᠠᠢ᠃ ᠮᠠᠨ ᠤ ᠬᠤᠳᠠ ᠶᠢᠨ ᠬᠠᠷᠢᠶᠠᠨ ᠳᠠᠬᠢ ᠭᠡᠷᠡᠭ ᠲᠤ ᠬᠤᠯᠪᠤᠬᠳᠠᠬᠰᠠᠨ ᠪᠠᠶᠢᠭᠤᠯᠭ᠎ᠠ ᠶᠢ ᠠᠮᠵᠢᠯᠳᠠ ᠲᠠᠢ ᠯᠡᠪᠡᠷᠡᠬᠦᠯᠦᠭᠰᠡᠨ ᠤ ᠲᠠᠷᠠᠭ᠎ᠠ ᠠᠵᠤ ᠠᠬᠤᠢ ᠶᠢᠨ ᠭᠡᠷᠡᠭ ᠢ ᠲᠠᠩᠨᠠᠨ ᠪᠠᠶᠢᠴᠠᠭᠠᠬᠤ ᠰᠠᠯᠪᠤᠷᠢ ᠠᠩᠭᠢ ᠶᠢᠨ ᠬᠢᠨ ᠦᠷᠬᠦᠯᠵᠢᠯᠠᠨ ᠪᠠᠶᠢᠴᠠᠭᠠᠭᠠᠳ ᠨᠢᠩᠰᠢᠶᠠ᠂ ᠭᠠᠨᠰᠤ ᠵᠡᠷᠭᠡ ᠤᠯᠠᠨ ᠮᠤᠵᠢ ᠬᠤᠳᠠ ᠠᠴᠠ ᠬᠠᠭᠤᠷᠮᠠᠭ ᠬᠦᠴᠤᠳᠡᠯ ᠦᠭᠡᠷᠡᠴᠢᠯᠡᠬᠦ ᠮᠠᠰᠢᠨ ᠵᠡᠷᠭᠡ ᠦᠢᠯᠡᠳᠬᠦᠨ ᠢ 475 ᠪᠠᠶᠢᠴᠠᠭᠠᠨ ᠬᠤᠷᠢᠶᠠᠮᠵᠢᠯᠠᠵᠤ᠂ ᠭᠡᠷᠡᠭ ᠲᠤ ᠬᠤᠯᠪᠤᠬᠳᠠᠬᠰᠠᠨ ᠵᠤᠭᠤᠰ ᠨᠢ 500 ᠭᠠᠷᠤᠢ ᠲᠦᠮᠡᠨ ᠲᠦᠬᠦᠷᠢᠭ ᠲᠤ ᠬᠦᠷᠪᠠ᠃ ᠲᠤᠰ ᠭᠡᠷᠡᠭ ᠪᠤᠯ ᠪᠦᠬᠦ ᠤᠯᠤᠰ ᠤᠨ ᠮᠡᠳᠡᠯᠭᠡ ᠶᠢᠨ ᠦᠮᠴᠢᠯᠠᠯ ᠤᠨ ᠡᠷᠭᠡ ᠶᠢ ᠬᠠᠮᠠᠭᠠᠯᠠᠬᠤ ᠠᠵᠢᠯ ᠦᠷᠨᠢᠭᠰᠡᠨ ᠠᠴᠠ ᠨᠠᠭᠠᠰᠢ ᠮᠠᠨ ᠤ ᠬᠤᠳᠠ ᠶᠢᠨ ᠯᠡᠪᠡᠷᠡᠬᠦᠯᠦᠭᠰᠡᠨ ᠬᠠᠮᠤᠭ ᠤᠨ ᠲᠤᠮᠤ ᠮᠡᠳᠡᠯᠭᠡ ᠶᠢᠨ ᠦᠮᠴᠢᠯᠡᠯ ᠤᠨ ᠡᠷᠭᠡᠨ ᠳᠤ ᠬᠠᠯᠳᠠᠬᠰᠠᠨ ᠭᠡᠷᠡᠭ ᠮᠦᠨ᠃          2019 ᠤᠨ ᠤ 5 ᠰᠠᠷ᠎ᠠ ᠶᠢᠨ 28 ᠤ ᠡᠳᠤᠷ᠂ ᠠᠵᠤ ᠠᠬᠤᠢ ᠶᠢᠨ ᠭᠡᠷᠡᠭ ᠢ ᠲᠠᠩᠨᠠᠨ ᠪᠠᠶᠢᠴᠠᠭᠠᠬᠤ ᠰᠠᠯᠪᠤᠷᠢ ᠠᠩᠭᠢ ᠶᠢᠨ ᠬᠢᠨ ︽ᠬᠢᠶ᠎ᠠ ᠪᠠᠭᠰᠢ ᠲᠤᠭᠤᠷᠢᠭ ᠤᠨ ᠨᠢᠭᠡᠨ ᠪᠠᠶᠢᠭᠤᠯᠭ᠎ᠠ ᠶᠢᠨ ᠭᠡᠷᠡᠭᠯᠡᠵᠤ ᠪᠠᠶᠢᠬᠤ ᠴᠠᠬᠢᠯᠭᠠᠨ ᠲᠦᠭᠡᠭᠡᠬᠦ ᠠᠪᠳᠠᠷ᠎ᠠ ᠪᠤᠯ ᠬᠠᠭᠤᠷᠮᠠᠭ ᠦᠢᠯᠡᠳᠬᠦᠨ ᠮᠦᠨ᠂ ᠬᠠᠭᠤᠷᠮᠠᠭ ᠴᠠᠬᠢᠯᠭᠠᠨ ᠭᠡᠷᠡᠭᠰᠡᠯ ᠨᠢ ᠠᠷᠠᠳ ᠤᠯᠠᠨ ᠤ ᠠᠮᠤᠷ ᠲᠦᠪᠰᠢᠨ ᠢ ᠬᠦᠨᠳᠤ ᠨᠤᠴᠢᠳᠠᠢ ᠬᠤᠬᠢᠷᠠᠭᠤᠯᠵᠤ ᠪᠠᠶᠢᠨ᠎ᠠ︾ ᠭᠡᠰᠡᠨ ᠭᠡᠷᠡᠭ ᠤᠨ ᠮᠡᠳᠡᠬᠦᠯᠦᠯᠳᠡ ᠶᠢ ᠲᠤᠰᠴᠠᠢ᠃ ᠭᠡᠷᠡᠭ ᠤᠨ ᠮᠡᠳᠡᠬᠦᠯᠦᠯᠳᠡ ᠶᠢ ᠲᠤᠰᠤᠬᠰᠠᠨ ᠤ ᠲᠠᠷᠠᠭ᠎ᠠ ᠠᠵᠤ ᠠᠬᠤᠢ ᠶᠢᠨ ᠭᠡᠷᠡᠭ ᠢ ᠲᠠᠩᠨᠠᠨ ᠪᠠᠶᠢᠴᠠᠭᠠᠬᠤ ᠰᠠᠯᠪᠤᠷᠢ ᠠᠩᠭᠢ ᠶᠢᠨ ᠬᠢᠨ ᠴᠠᠬᠳᠠᠭ᠎ᠠ ᠪᠠᠨ ᠵᠤᠬᠢᠶᠠᠨ ᠪᠠᠶᠢᠭᠤᠯᠤᠨ ᠪᠠᠶᠢᠴᠠᠭᠠᠪᠠ᠃          ᠴᠠᠬᠳᠠᠭ᠎ᠠ ᠨᠠᠷ ᠪᠠᠶᠢᠴᠠᠭᠠᠬᠤ ᠲᠤᠮᠳᠠ ᠪᠠᠨ ᠲᠤᠰ ᠴᠠᠬᠢᠯᠭᠠᠨ ᠲᠦᠭᠡᠭᠡᠬᠦ ᠠᠪᠳᠠᠷ᠎ᠠ ᠶᠢ ᠭᠡᠷᠡᠭᠯᠡᠵᠤ ᠪᠠᠶᠢᠭ᠎ᠠ ᠪᠠᠶᠢᠭᠤᠯᠭ᠎ᠠ ᠶᠢᠨ ᠪᠤᠰᠤᠳ ᠴᠠᠬᠢᠯᠭᠠᠨ ᠭᠡᠷᠡᠭᠰᠡᠯ ᠤᠳ ᠨᠢ ᠴᠤ ᠬᠠᠭᠤᠷᠮᠠᠭ ᠦᠢᠯᠡᠳᠬᠦᠨ ᠪᠤᠯᠬᠤ ᠶᠢ ᠢᠯᠡᠷᠡᠬᠦᠯᠵᠠᠢ᠃ ᠴᠠᠬᠳᠠᠭ᠎ᠠ ᠨᠠᠷ ᠲᠤᠷᠰᠢᠯᠭ᠎ᠠ ᠪᠠᠨ ᠦᠨᠳᠤᠰᠤᠯᠡᠨ ︽ᠡᠨᠡ ᠪᠤᠯ ᠬᠠᠭᠤᠷᠮᠠᠭ ᠴᠠᠬᠢᠯᠭᠠᠨ ᠲᠦᠭᠡᠭᠡᠬᠦ ᠠᠪᠳᠠᠷ᠎ᠠ ᠵᠡᠷᠭᠡ ᠦᠢᠯᠡᠳᠬᠦᠨ ᠬᠤᠳᠠᠯᠳᠤᠬᠰᠠᠨ ᠤᠨᠴᠠ ᠲᠤᠮᠤ ᠭᠡᠷᠡᠭ ᠪᠠᠶᠢᠵᠤ ᠮᠡᠳᠡᠨ᠎ᠠ︾ ᠭᠡᠮᠡᠨ ᠮᠠᠭᠠᠳᠯᠠᠵᠤ᠂ ᠭᠠᠷᠮᠠᠭᠠᠢ ᠬᠦᠴᠤᠨ ᠢᠶᠠᠨ ᠵᠤᠬᠢᠶᠠᠨ ᠪᠠᠶᠢᠭᠤᠯᠤᠨ ᠪᠦᠬᠦ ᠬᠤᠳᠠ ᠶᠢᠨ ᠭᠡᠪᠴᠢᠶᠠᠨ ᠳᠤ ᠪᠠᠶᠢᠴᠠᠭᠠᠯᠳᠠ ᠬᠢᠪᠠ᠃          ᠴᠠᠬᠳᠠᠭ᠎ᠠ ᠨᠠᠷ ᠪᠠᠶᠢᠴᠠᠭᠠᠭᠠᠳ ᠮᠠᠨ ᠤ ᠬᠤᠳᠠ ᠶᠢᠨ 5 ᠬᠤᠰᠢᠭᠤ ᠲᠤᠭᠤᠷᠢᠭ ᠤᠨ 12 ᠪᠠᠶᠢᠭᠤᠯᠭ᠎ᠠ ᠴᠦᠮ ᠬᠠᠭᠤᠷᠮᠠᠭ ᠴᠠᠬᠢᠯᠭᠠᠨ ᠲᠦᠭᠡᠭᠡᠬᠦ ᠠᠪᠳᠠᠷ᠎ᠠ᠂ ᠬᠦᠴᠤᠳᠠᠯ ᠦᠭᠡᠷᠡᠴᠢᠯᠡᠬᠦ ᠮᠠᠰᠢᠨ ᠵᠡᠷᠭᠡ ᠶᠢ ᠭᠡᠷᠡᠭᠯᠡᠵᠤ ᠪᠠᠶᠢᠬᠤ ᠶᠢ ᠢᠯᠡᠷᠡᠬᠦᠯᠦᠭᠰᠡᠨ ᠪᠠᠶᠢᠨ᠎ᠠ᠃ ᠤᠷᠳᠤ ᠬᠤᠭᠤᠴᠠᠭᠠᠨ ᠤ ᠪᠠᠶᠢᠴᠠᠭᠠᠯᠳᠠ ᠪᠠᠷ ᠲᠡᠮᠵᠢᠨ ᠲᠤᠰ ᠭᠡᠷᠡᠭ ᠲᠤ ᠬᠤᠯᠪᠤᠬᠳᠠᠬᠰᠠᠨ ᠮᠤᠵᠢ ᠬᠤᠳᠠ ᠤᠯᠠᠨ ᠪᠦᠭᠡᠳ ᠭᠡᠷᠡᠭ ᠤᠨ ᠰᠡᠵᠢᠭᠳᠡᠨ ᠴᠤ ᠤᠯᠠᠨ ᠪᠠᠶᠢᠬᠤ ᠶᠢ ᠢᠯᠡᠷᠡᠬᠦᠯᠵᠤ᠂ ᠭᠡᠷᠡᠭ ᠲᠤ ᠬᠤᠯᠪᠤᠬᠳᠠᠬᠰᠠᠨ ᠦᠢᠯᠡᠳᠬᠦᠨ ᠪᠤᠯᠤᠨ ᠪᠡᠯᠡ ᠮᠦᠡᠭᠬᠦ ᠨᠢ ᠯᠤᠳᠤ ᠶᠡᠭᠡ ᠪᠠᠶᠢᠯ᠎ᠠ᠃          ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠠᠵᠤ ᠠᠬᠤᠢ ᠶᠢᠨ ᠭᠡᠷᠡᠭ ᠢ ᠲᠠᠩᠨᠠᠨ ᠪᠠᠶᠢᠴᠠᠭᠠᠬᠤ ᠰᠠᠯᠪᠤᠷᠢ ᠠᠩᠬᠢ ᠪᠠᠷ ᠲᠤᠯᠤᠭᠠᠢᠢᠯᠠᠭᠤᠯᠤᠬᠰᠠᠨ ᠪᠠᠶᠢᠴᠠᠭᠠᠬᠤ ᠲᠤᠭᠤᠢᠢᠯᠠᠩ ᠢ ᠪᠠᠶᠢᠭᠤᠯᠵᠤ᠂ ᠭᠡᠷᠡᠭ ᠲᠤ ᠬᠤᠯᠪᠤᠬᠳᠠᠬᠰᠠᠨ ᠬᠤᠰᠢᠭᠤ ᠲᠤᠭᠤᠷᠢᠭ ᠤᠨ ᠠᠵᠤ ᠠᠬᠤᠢ ᠶᠢᠨ ᠭᠡᠷᠡᠭ ᠢ ᠲᠠᠩᠨᠠᠨ ᠪᠠᠶᠢᠴᠠᠭᠠᠬᠤ ᠠᠩᠭᠢ ᠶᠢᠨ ᠬᠢᠨ ᠲᠠᠢ ᠨᠢᠬᠳᠠ ᠬᠠᠮᠵᠢᠯᠴᠠᠨ ᠨᠢᠮᠪᠠᠢ ᠪᠠᠶᠢᠴᠠᠭᠠᠭᠠᠳ ᠪᠦᠬᠦ ᠤᠯᠤᠰ ᠲᠤ ᠬᠤᠯᠪᠤᠬᠳᠠᠬᠰᠠᠨ ᠭᠡᠷᠡᠭ ᠤᠨ ᠰᠦᠪᠡᠭᠴᠢ ᠶᠢ ᠤᠯᠵᠠᠢ᠃          ᠦᠤᠰᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠠᠵᠤ ᠠᠬᠤᠢ ᠶᠢᠨ ᠭᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ᠪᠤᠯᠤᠨ ᠬᠢᠶ᠎ᠠ ᠪᠠᠭᠰᠢ ᠲᠤᠭᠤᠷᠢᠭ ᠤᠨ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠤ ᠡᠷᠡᠬᠦᠤ ᠶᠢᠨ ᠭᠡᠷᠡᠭ ᠤᠨ ᠴᠠᠬᠳᠠᠭᠠᠨ ᠤ ᠶᠡᠭᠡ ᠠᠩᠭᠢ ᠶᠢᠨ ᠬᠢᠨ ᠪᠠᠶᠢᠴᠠᠭᠠᠬᠤ ᠲᠤᠮᠳᠠ ᠪᠠᠨ ᠭᠡᠷᠡᠭ ᠤᠨ ᠰᠡᠵᠢᠭᠳᠡᠨ ᠭᠠᠳᠠᠨ᠎ᠠ ᠮᠤᠵᠢ ᠬᠤᠳᠠ ᠶᠢᠨ ᠮᠠᠰᠢ ᠤᠯᠠᠨ ᠴᠠᠬᠢᠯᠭᠠᠨ ᠭᠡᠷᠡᠭᠰᠡᠯ ᠪᠤᠷᠤᠯᠠᠭᠤᠯᠬᠤ ᠠᠵᠤ ᠠᠬᠤᠢᠢᠯᠠᠯ ᠲᠠᠢ ᠶᠡᠭᠡ ᠭᠡᠮᠵᠢᠶᠡᠨ ᠤ ᠪᠡᠯᠡ ᠮᠦᠡᠭᠬᠦᠨ ᠤ ᠭᠤᠪᠢᠭᠤᠯᠭ᠎ᠠ ᠶᠢᠨ ᠠᠵᠢᠯᠯᠠᠭ᠎ᠠ ᠲᠠᠢ ᠪᠠᠶᠢᠬᠤ ᠶᠢ ᠢᠯᠡᠷᠡᠬᠦᠯᠤᠭᠡᠳ᠂ ᠭᠠᠳᠠᠨ᠎ᠠ ᠮᠤᠵᠢ ᠬᠤᠳᠠ ᠶᠢᠨ ᠠᠵᠤ ᠠᠬᠤᠢᠢᠯᠠᠯ ᠪᠤᠯᠤᠨ ᠭᠡᠷᠡᠭ ᠤᠨ ᠰᠡᠵᠢᠭᠳᠡᠨ ᠢ ᠲᠡᠷᠤᠢ ᠲᠦᠷᠭᠡᠨ ᠡᠷᠢᠨ ᠤᠯᠵᠤ᠂ ᠭᠠᠳᠠᠨ᠎ᠠ ᠮᠤᠵᠢ ᠠᠴᠠ 475 ᠬᠠᠭᠤᠷᠮᠠᠭ ᠦᠢᠯᠡᠳᠬᠦᠨ ᠢ ᠪᠠᠶᠢᠴᠠᠭᠠᠨ ᠬᠤᠷᠢᠶᠠᠮᠵᠢᠯᠠᠪᠠ᠃ ᠰᠡᠬᠦᠯᠴᠢ ᠶᠢᠨ ᠠᠵᠢᠯ ᠤᠨ ᠲᠤᠮᠳᠠ ᠠᠵᠤ ᠠᠬᠤᠢ ᠶᠢᠨ ᠭᠡᠷᠡᠭ ᠢ ᠲᠠᠩᠨᠠᠨ ᠪᠠᠶᠢᠴᠠᠭᠠᠬᠤ ᠰᠠᠯᠪᠤᠷᠢ ᠠᠩᠬᠢ ᠶᠢᠨ ᠴᠠᠬᠳᠠᠭ᠎ᠠ ᠨᠠᠷ ᠭᠡᠷᠡᠭ ᠢ ᠯᠡᠪᠡᠷᠡᠬᠦᠯᠬᠦ ᠬᠦᠴᠤᠨ ᠢᠶᠠᠨ ᠲᠠᠰᠤᠷᠠᠯᠳᠠ ᠦᠭᠡᠢ ᠨᠡᠮᠡᠭᠳᠡᠬᠦᠯᠵᠤ᠂ ᠲᠤᠳᠤᠭᠠᠳᠤ ᠶᠢ ᠬᠠᠮᠠᠭᠠᠯᠠᠬᠤ ᠶᠠᠮᠤᠨ ᠢᠶᠠᠷ ᠲᠡᠮᠵᠢᠨ ᠪᠦᠬᠦ ᠤᠯᠤᠰ ᠤᠨ ᠭᠡᠪᠴᠢᠶᠠᠨ ᠳᠤ ᠲᠦᠪᠯᠡᠷᠡᠬᠦᠯᠤᠨ ᠴᠤᠬᠢᠯᠳᠠ ᠦᠭᠬᠦᠭᠡᠳ ᠶᠠᠯᠠᠳᠤ ᠭᠡᠷᠡᠭ ᠤᠨ ᠡᠯ᠎ᠠ ᠭᠤᠬᠴᠤᠭ᠎ᠠ ᠶᠢ ᠲᠦᠢᠯᠪᠤᠷᠢᠳᠠᠢ ᠲᠠᠰᠤᠯᠤᠬᠰᠠᠨ ᠪᠠᠶᠢᠨ᠎ᠠ᠃          ᠪᠤᠰᠤᠳ ᠤᠨ ᠲᠠᠸᠠᠷ ᠤᠨ ᠲᠡᠮᠳᠡᠭ ᠢ ᠬᠠᠭᠤᠷᠮᠠᠬᠯᠠᠨ ᠭᠡᠷᠡᠭᠯᠡᠭᠰᠡᠨ ᠲᠠᠸᠠᠷ ᠢ ᠪᠤᠷᠤᠯᠠᠭᠤᠯᠤᠬᠰᠠᠨ ᠡᠨᠡ ᠭᠡᠷᠡᠭ ᠮᠠᠨ ᠤ ᠬᠤᠳᠠ ᠶᠢᠨ ᠭᠡᠪᠴᠢᠶᠠᠨ ᠳᠤ 6 ᠪᠠᠶᠢᠵᠤ᠂ 4 ᠭᠡᠷᠡᠭ ᠢ ᠯᠡᠪᠡᠷᠡᠬᠦᠯᠪᠠ᠃ ᠤᠳᠤᠬᠠᠨ ᠳᠤ ᠲᠤᠰ ᠭᠡᠷᠡᠭ ᠢ ᠤᠯᠠᠮ ᠨᠢᠭᠡ ᠠᠯᠬᠤᠮ ᠪᠠᠶᠢᠴᠠᠭᠠᠵᠤ ᠪᠤᠢ᠃ ︵ᠡᠭᠡ ᠪᠢᠴᠢᠭ ᠢ ︽ᠠᠮᠤᠭᠤᠯᠠᠩ ᠤᠷᠳᠤᠰ︾ ᠠᠴᠠ ᠨᠠᠶᠢᠷᠠᠭᠤᠯᠤᠨ ᠤᠷᠴᠢᠭᠤᠯᠪᠠ︶
  ᠴᠠᠭᠳᠠᠭ᠎ᠠ ᠬᠠᠭᠤᠷᠮᠠᠭ ᠤᠶᠢᠯᠡᠳᠬᠦᠨ ᠢ ᠪᠠᠶᠢᠴᠠᠭᠠᠵᠤ ᠪᠠᠶᠢᠭ᠎ᠠ ᠨᠢ
  ᠬᠠᠭᠤᠷᠮᠠᠭ ᠴᠠᠬᠢᠯᠭᠠᠨ ᠲᠦᠬᠡᠬᠡᠬᠦ ᠠᠪᠳᠠᠷ᠎ᠠ
ᠢᠷᠡᠯᠲᠡ᠄ ᠣᠷᠳᠣᠰ ᠮᠣᠩᠭᠤᠯ ᠰᠦᠯᠵᠢᠶ᠎ᠡ