ᠳᠡᠳ᠋  ᠲᠤᠭᠤᠷᠢᠭ ᠤᠨ  ᠳᠠᠷᠤᠭ᠎ᠠ ᠄  ᠰᠤ᠋ ᠢ  ᠵᠢᠶᠧ
ᠨᠡᠶᠢᠲᠡᠯᠡᠭᠰᠡᠨ ᠴᠠᠭ᠄
2021/1/26
 未标题-1.jpg
ᠠᠵᠢᠯ ᠤᠨ ᠬᠤᠪᠢᠶᠠᠷᠢ᠄          ᠲᠣᠭᠤᠷᠢᠭ ᠤᠨ ᠳᠠᠷᠤᠭ᠎ᠠ ᠶᠢ ᠬᠠᠪᠰᠤᠷᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠣᠯᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ ᠶᠢᠨ ᠠᠵᠤ ᠠᠬᠤᠢ ᠪᠣᠯᠣᠨ ᠮᠡᠳᠡᠭᠡ ᠵᠠᠩᠭᠢᠵᠢᠯᠲᠠ᠂ ᠰᠢᠨ᠎ᠡ ᠶᠢ ᠡᠭᠦᠳᠴᠦ ᠦᠢᠯᠡᠰ ᠪᠣᠰᠬᠠᠬᠤ᠂ ᠤᠢ ᠰᠢᠭᠤᠢ ᠡᠪᠡᠰᠦ ᠪᠡᠯᠴᠢᠭᠡᠷ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃         ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ᠲᠣᠪᠴᠢ ᠨᠠᠮᠳᠠᠷ᠄         ᠰᠦ ᠢ ᠵᠢᠶᠧ᠂ ᠡᠷᠡᠭᠲᠡᠢ᠂ ᠮᠠᠨᠵᠤ ᠦᠨᠳᠦᠰᠦᠲᠡᠨ᠂ 1985 ᠣᠨ ᠤ 1 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠶᠢᠨ ᠤᠬᠠᠭᠠᠨ ᠤ ᠪᠠᠴᠧᠯᠧᠷ ᠴᠣᠯᠠ ᠲᠠᠢ᠂ ᠤᠢ ᠰᠢᠭᠤᠢ ᠶᠢᠨ ᠢᠨᠵᠧᠨᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠷᠬᠢᠯᠡᠭᠴᠢ ᠶᠢᠨ ᠲᠣᠰᠢᠶᠠᠯ ᠢ ᠬᠠᠷᠢᠭᠤᠴᠠᠵᠤ ᠪᠠᠶᠢᠨ᠎ᠠ ︵ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠲᠣᠭᠤᠷᠢᠭ ᠤᠨ ᠳᠠᠷᠤᠭ᠎ᠠ ᠶᠢᠨ ᠲᠤᠰᠢᠶᠠᠯ ᠢ ᠲᠦᠷ ᠡᠭᠦᠷᠭᠡᠯᠡᠵᠦ ᠪᠠᠶᠢᠨ᠎ᠠ︶᠃
ᠢᠷᠡᠯᠲᠡ᠄ ᠲᠤᠰ ᠰᠦᠯᠵᠢᠶ᠎ᠡ