ᠣᠷᠳᠣᠰ ᠬᠤᠲᠠ ᠤᠯᠤᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠠᠩᠬᠠᠳᠠᠭᠴᠢ ᠪᠦᠯᠦᠭ ᠵᠢᠱᠢᠶ᠎ᠡ ᠦᠵᠡᠭᠦᠯᠬᠦ ᠬᠤᠲᠠ ᠪᠣᠯᠪᠠ
ᠨᠡᠶᠢᠲᠡᠯᠡᠭᠰᠡᠨ ᠴᠠᠭ᠄
2021/1/5
         ᠥᠪᠥᠷ ᠮᠣᠩᠭᠤᠯ ᠤᠨ ᠡᠳᠦᠷ ᠤᠨ ᠰᠣᠨᠢᠨ ᠤ ᠣᠷᠳᠣᠰ ᠤᠨ 1 ᠰᠠᠷ᠎ᠠ ᠶᠢᠨ 2 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠬᠤᠥ ᠰᠢᠦᠧᠠᠢ ᠯᠢᠶᠠᠨ︶ ᠣᠶᠢᠷ᠎ᠠ ᠳᠤ ᠤᠯᠤᠰ ᠤᠨ ᠰᠣᠶᠣᠯ ᠵᠢᠭᠤᠯᠴᠢᠯᠠᠯ ᠤᠨ ᠶᠠᠮᠤᠨ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠧᠯᠸᠢᠰ ᠤᠳᠠᠰᠤᠳᠤ ᠬᠤᠷᠠᠯ ᠳᠡᠭᠡᠷ᠎ᠡ ᠤᠯᠤᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠠᠩᠬᠠᠳᠠᠬᠴᠢ ᠪᠦᠯᠦᠭ ᠤᠨ 15 ᠵᠢᠱᠢᠶ᠎ᠡ ᠦᠵᠡᠭᠦᠯᠬᠦ ᠬᠤᠲᠠ᠂ ᠤᠯᠤᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ 60 ᠲᠤᠷᠰᠢᠯᠲᠠ ᠶᠢᠨ ᠬᠤᠲᠠ ᠶᠢ ᠨᠡᠶᠢᠳᠡᠯᠡᠪᠡ᠃ ᠣᠷᠳᠣᠰ ᠬᠤᠲᠠ ᠤᠯᠤᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠶᠢᠨ ᠨᠡᠷᠡᠰ ᠲᠤ ᠵᠢᠬᠰᠠᠭᠠᠬᠳᠠᠨ ᠤᠷᠤᠵᠠᠢ᠂ ᠡᠨᠡ ᠨᠢ ᠮᠥᠨ ᠴᠦ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠰᠣᠩᠭᠤᠭᠳᠠᠭᠰᠠᠨ ᠤᠯᠤᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠪᠣᠯᠤᠨ᠎ᠠ᠃ ᠡᠨᠡ ᠪᠣᠯ ᠣᠯᠠᠨ ᠵᠢᠯ ᠴᠢᠷᠮᠠᠶᠢᠬᠰᠠᠨ ᠤ ᠦᠷ᠎ᠡ ᠳ᠋ᠦᠩ ᠪᠤᠯᠬᠤ ᠶᠤᠮ᠃          2016 ᠣᠨ ᠳᠤ᠂ ᠤᠷᠳᠤᠰ ᠬᠤᠳᠠ ᠤᠯᠤᠰ ᠤᠨ ᠰᠣᠶᠣᠯ ᠤᠨ ᠬᠡᠷᠡᠭᠯᠡᠭᠡᠨ ᠤ ᠲᠦᠷᠦᠭᠦᠦ ᠪᠦᠯᠦᠭ ᠤᠨ ᠲᠤᠷᠰᠢᠯᠲᠠ ᠶᠢᠨ ᠬᠤᠳᠠ ᠪᠠᠷ ᠲᠤᠭᠳᠠᠭᠠᠭᠳᠠᠬᠰᠠᠨ ᠪᠦᠭᠡᠳ ᠪᠠᠰᠠ ᠴᠤ ᠪᠦᠬᠦ ᠣᠷᠣᠨ ᠤ ᠴᠤᠷ ᠤᠨ ᠭᠠᠭᠴᠠ ᠤᠯᠤᠰ ᠤᠨ ᠰᠣᠶᠣᠯ ᠤᠨ ᠬᠡᠷᠡᠭᠯᠡᠭᠡᠨ ᠤ ᠲᠤᠷᠰᠢᠯᠲᠠ ᠶᠢᠨ ᠬᠤᠳᠠ ᠪᠣᠯᠤᠨ᠎ᠠ᠃ ᠪᠥᠬᠦ ᠤᠯᠤᠰ ᠤᠨ 45 ᠲᠤᠷᠰᠢᠯᠲᠠ ᠶᠢᠨ ᠬᠤᠲᠠ ᠶᠢᠨ ᠨᠢᠭᠡ ᠪᠣᠯᠤᠭᠰᠠᠨ ᠤ ᠬᠤᠪᠢ ᠳᠤ᠂ ᠣᠷᠳᠣᠰ ᠬᠤᠲᠠ ᠶᠢᠨ ᠬᠢᠨ ︽ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠳᠤᠲᠠᠭᠤᠳᠠᠯ ᠢ ᠨᠥᠬᠦᠪᠥᠷᠢᠯᠡᠬᠦ᠂ ᠪᠠᠶᠢᠭ᠎ᠠ ᠬᠡᠮᠵᠢᠶ᠎ᠠ ᠶᠢ ᠪᠠᠳᠤᠯᠠᠬᠤ᠂ ᠨᠡᠮᠡᠭᠳᠡᠯ ᠤᠨ ᠬᠡᠮᠵᠢᠶ᠎ᠠ ᠶᠢ ᠲᠠᠶᠢᠴᠢᠯᠠᠬᠤ᠂ ᠨᠡᠮᠡᠭᠳᠡᠯ ᠢ ᠠᠬᠢᠭᠤᠯᠬᠤ︾ ᠵᠠᠷᠴᠢᠮ ᠶᠣᠰᠣᠭᠠᠷ᠂ ᠬᠡᠷᠡᠭᠯᠡᠭᠡᠨ ᠤ ᠳᠠᠳᠬᠠᠯ ᠢ ᠪᠤᠶᠢᠵᠢᠭᠤᠯᠬᠤ᠂ ᠰᠣᠶᠣᠯ ᠵᠢᠭᠤᠯᠴᠢᠯᠠᠯ ᠤᠨ ᠦᠢᠯᠡᠳᠬᠦᠨ ᠤ ᠬᠠᠩᠭᠠᠯᠭ᠎ᠠ ᠶᠢ ᠥᠷᠭᠡᠳᠬᠡᠬᠦ᠂ ᠠᠷᠠᠳ ᠲᠤ ᠠᠰᠢᠭ ᠬᠦᠷᠲᠡᠭᠡᠬᠦ ᠠᠷᠠᠳ ᠲᠤ ᠲᠥᠬᠦᠮ ᠦᠵᠡᠭᠦᠯᠬᠦ ᠬᠡᠷᠡᠭᠯᠡᠭᠡ ᠶᠢ ᠠᠬᠢᠭᠤᠯᠬᠤ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠬᠤᠲᠠ ᠶᠢᠨ ᠭᠤᠤᠯ ᠣᠷᠣᠨ ᠢᠶᠠᠷ ᠨᠥᠯᠥᠭᠡᠯᠡᠵᠦ ᠲᠠᠶᠢᠴᠢᠯᠠᠨ ᠬᠦᠭᠵᠢᠭᠦᠯᠵᠦ᠂ ᠲᠤᠷᠰᠢᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠤᠯᠪᠠ᠃ ᠣᠷᠳᠣᠰ ᠬᠤᠲᠠ ᠬᠤᠲᠠ ᠬᠥᠳᠡᠭᠡ ᠶᠢ ᠬᠠᠮᠤᠷᠤᠭᠰᠠᠨ ᠲᠠᠪᠤᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠠᠰᠢᠬᠯᠠᠨ᠂ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠬᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠤᠲᠠ ᠶᠢᠨ ᠠᠷᠠᠳ ᠢ ᠰᠣᠶᠣᠯ ᠤᠨ ᠲᠠᠯᠠᠪᠤᠷ ᠣᠷᠳᠣᠨ᠂ ᠨᠣᠮ ᠤᠨ ᠳᠡᠯᠭᠡᠭᠦᠷ᠂ ᠺᠢᠨᠣ᠋ ᠶᠢᠨ ᠣᠷᠳᠣᠨ ᠵᠡᠷᠭᠡ ᠲᠠᠯᠠᠪᠤᠷ ᠭᠠᠵᠠᠷ ᠲᠤ ᠤᠷᠮᠠᠰᠢᠭᠤᠯᠤᠨ ᠲᠠᠳᠠᠵᠤ ᠬᠡᠷᠡᠭᠯᠡᠭᠡ ᠬᠢᠯᠭᠡᠪᠡ᠃ 2016 ᠣᠨ ᠠᠴᠠ ᠨᠠᠰᠢ᠂ ᠪᠥᠬᠦ ᠬᠤᠲᠠ ᠨᠡᠶᠢᠲᠡ 1450 ᠭᠠᠷᠤᠶ ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠪᠠᠯᠠ ᠮᠥᠩᠭᠦ ᠣᠷᠣᠭᠤᠯᠵᠤ᠂ 4300 ᠭᠠᠷᠤᠶ ᠲᠦᠮᠡᠨ ᠲᠥᠭᠦᠷᠢᠭ ᠤᠨ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠰᠢᠭᠤᠳ ᠳᠠᠶᠢᠴᠢᠯᠠᠪᠠ᠃         ᠡᠭᠦᠨ ᠠᠴᠠ ᠭᠠᠳᠠᠨ᠎ᠠ᠂ ᠡᠯ᠎ᠡ ᠱᠠᠲᠤᠨ ᠤ ᠤᠳᠬ᠎ᠠ ᠤᠷᠠᠯᠢᠭ ᠤᠨ ᠪᠦᠯᠬᠦᠮ᠂ ᠨᠣᠮ ᠤᠨ ᠰᠠᠩ᠂ ᠰᠣᠶᠣᠯ ᠤᠨ ᠣᠷᠳᠣᠨ᠂ ᠮᠦᠽᠧᠶ ᠵᠡᠷᠭᠡ ᠶᠢ ᠵᠣᠬᠢᠶᠠᠨ ᠪᠠᠶᠢᠭᠤᠯᠵᠤ ᠪᠠᠶᠢᠭᠠᠳ ᠤᠷᠠᠨ ᠰᠠᠶᠢᠬᠠᠨ ᠤ ᠲᠣᠭᠯᠠᠯᠲᠠ᠂ ᠪᠥᠬᠦ ᠠᠷᠠᠳ ᠤᠨ ᠤᠩᠰᠢᠯᠭ᠎ᠠ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ ᠦᠵᠡᠭᠦᠯᠭᠡ᠂ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠵᠡᠷᠭᠡ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠢᠯ ᠪᠦᠷᠢ ︽ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠮᠢᠩᠭᠠᠨ ᠲᠠᠯᠠᠪᠠᠶ ᠲᠣᠭᠯᠠᠯᠲᠠ᠂ ᠵᠠᠭᠤᠨ ᠲᠠᠯᠠᠪᠠᠶ ᠦᠵᠡᠭᠦᠯᠭᠡ ᠶᠢᠨ ᠲᠣᠭᠯᠠᠯᠲᠠ︾᠂ ︽ᠮᠠᠯᠴᠢᠨ ᠲᠠᠷᠢᠶᠠᠴᠢᠨ ᠤ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ︾᠂ ︽ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠨᠠᠶᠢᠷ︾ ᠵᠡᠷᠭᠡ ᠡᠯ᠎ᠡ ᠲᠥᠷᠥᠯ ᠤᠨ ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢ 3000 ᠭᠠᠷᠤᠶ ᠲᠠᠯᠠᠪᠠᠶ ᠤᠳᠠᠭ᠎ᠠ ᠡᠷᠭᠢᠯᠡᠵᠦ᠂ ᠭᠠᠵᠠᠷ ᠣᠷᠣᠨ ᠤ ᠰᠣᠶᠣᠯ ᠤᠨ ᠬᠡᠷᠡᠭᠯᠡᠭᠡ ᠶᠢ ᠳᠠᠶᠢᠴᠢᠯᠠᠪᠠ᠃
ᠢᠷᠡᠯᠲᠡ᠄ ᠠᠷᠠᠳ ᠤᠨ ᠰᠦᠯᠵᠢᠶ᠎ᠡ