ᠭᠢᠶ᠎ᠠ ᠪᠠᠭᠰᠢ ᠲᠤᠭᠤᠷᠢᠭ ᠨᠢᠭᠡ ᠦᠷᠳᠡᠭᠡᠴᠢᠯᠡᠭᠰᠡᠨ ᠦᠢᠯᠡᠴᠢᠯᠡᠭᠡ ᠪᠠᠷ ᠬᠤᠳᠠᠯᠳᠤᠭ᠎ᠠ ᠡᠷᠭᠢᠯᠡᠭᠦ ᠤᠷᠴᠢᠨ ᠠᠬᠤᠢ ᠶᠢ ᠰᠢᠯᠢᠳᠡᠭᠵᠢᠭᠦᠯᠵᠤ ᠪᠤᠢ
ᠨᠡᠶᠢᠲᠡᠯᠡᠭᠰᠡᠨ ᠴᠠᠭ᠄
2021/1/5
       ︽ᠲᠠᠯᠪᠢᠬᠤ ᠬᠠᠮᠢᠶᠠᠷᠬᠤ ᠦᠢᠯᠡᠴᠢᠯᠡᠭᠦ︾ ᠦᠭᠡᠷᠠᠴᠢᠯᠠᠯᠳᠠ ᠶᠢ ᠪᠦᠭᠦ ᠲᠠᠯ᠎ᠠ ᠪᠠᠷ ᠭᠦᠨᠵᠡᠭᠡᠢ ᠠᠭᠢᠭᠤᠯᠵᠤ᠂ ᠬᠤᠳᠠᠯᠳᠤᠭ᠎ᠠ ᠡᠷᠭᠢᠯᠡᠭᠦ ᠤᠷᠴᠢᠨ ᠠᠬᠤᠢ ᠶᠢ ᠰᠢᠯᠢᠳᠡᠭᠵᠢᠭᠦᠯᠭᠦ ᠶᠢᠨ ᠲᠤᠰᠠᠳᠠ᠂ ᠭᠢᠶ᠎ᠠ ᠪᠠᠭᠰᠢ ᠲᠤᠭᠤᠷᠢᠭ ᠪᠠᠯᠠ ᠤᠷᠤᠭᠤᠯᠤᠯᠳᠠ ᠶᠢᠨ ᠲᠦᠷᠦᠯ ᠵᠦᠢᠯ ᠤᠨ ︽ᠨᠢᠭᠡ ᠦᠷᠳᠡᠭᠡᠴᠢᠯᠡᠭᠰᠡᠨ︾ ᠦᠢᠯᠡᠴᠢᠯᠡᠭᠡᠨ ᠤ ᠲᠦᠪ ᠢ ᠪᠠᠶᠢᠭᠤᠯᠤᠬᠰᠠᠨ ᠠᠴᠠ ᠨᠠᠭᠠᠰᠢ᠂ ᠠᠵᠤ ᠠᠬᠤᠢᠢᠯᠠᠯ ᠤᠨ ᠤᠴᠢᠷ ᠶᠠᠪᠤᠳᠠᠯ ᠢ ᠭᠦᠢᠴᠡᠳᠭᠡᠭᠦ ᠠᠯᠬᠤᠮ ᠲᠠᠷᠠᠭ᠎ᠠ ᠶᠢ ᠲᠦᠭᠦᠮᠴᠢᠯᠡᠵᠤ᠂ ︽ᠨᠢᠭᠡ ᠦᠷᠳᠡᠭᠡᠴᠢᠯᠡᠭᠰᠡᠨ︾ ᠦᠢᠯᠡᠴᠢᠯᠡᠭᠡᠨ ᠤ ᠲᠦᠪ ᠤᠨ ᠡᠯ᠎ᠠ ᠲᠦᠷᠦᠯ ᠤᠨ ᠡᠭᠢ ᠪᠠᠶᠠᠯᠢᠭ ᠢ ᠡᠮᠭᠢᠳᠭᠡᠨ ᠨᠡᠶᠢᠯᠡᠭᠦᠯᠵᠤ᠂ ︽ᠭᠦᠯᠢᠶᠠᠨ ᠠᠪᠬᠤ ᠪᠠ ᠭᠦᠢᠴᠡᠳᠭᠡᠭᠦ ᠶᠢ ᠰᠠᠯᠭᠠᠬᠤ︾ ᠦᠭᠡᠷᠡᠴᠢᠯᠠᠯᠳᠠ ᠶᠢ ᠦᠷᠨᠢᠭᠦᠯᠤᠨ᠂ ᠭᠢᠨᠠᠨ ᠵᠦᠪᠰᠢᠶᠡᠷᠡᠭᠦ ᠠᠵᠢᠯᠳᠠᠳ ᠪᠠ ᠤᠴᠢᠷ ᠶᠠᠪᠤᠳᠠᠯ ᠭᠦᠢᠴᠡᠳᠭᠡᠭᠦ ᠤᠯᠠᠨ ᠲᠦᠮᠠᠨ ︽ᠨᠢᠭᠤᠷᠳᠠᠬᠤ ᠦᠭᠡᠢ︾ ᠰᠢᠨ᠎ᠠ ᠭᠡᠪ ᠵᠠᠬᠪᠤᠷ ᠢ ᠡᠭᠦᠳᠦᠭᠰᠡᠨ ᠪᠠᠶᠢᠨ᠎ᠠ᠃        ︽ᠤᠴᠢᠷ ᠶᠠᠪᠤᠳᠠᠯ ᠭᠦᠢᠴᠡᠳᠭᠡᠭᠦ ᠦᠷ᠎ᠠ ᠪᠦᠳᠦᠮᠵᠢ ᠲᠤᠩ ᠰᠠᠶᠢᠨ᠂ ᠠᠵᠢᠯᠳᠠᠳ ᠴᠦ ᠲᠤᠩ ᠬᠠᠯᠠᠭᠤᠮᠰᠤᠭ᠃ ᠠᠵᠢᠯᠳᠠᠳ ᠨᠠᠳᠠ ᠨᠠᠷᠢᠨ ᠲᠠᠶᠢᠯᠪᠤᠷᠢᠯᠡᠬᠰᠠᠨ ᠪᠤᠯᠬᠤᠷ ᠤᠳᠤ ᠪᠢ ᠳ᠋ᠢᠶᠠᠩᠬᠤᠸᠠ ᠪᠤᠶᠤ ᠮᠡᠷᠭᠡᠨ ᠴᠤᠬᠤᠷ ᠢ ᠰᠢᠷᠪᠢᠵᠤ ᠤᠴᠢᠷ ᠢᠶᠠᠨ ᠭᠦᠢᠴᠡᠳᠭᠡᠭᠦ ᠪᠤᠯᠤᠯ᠎ᠠ᠂ ᠲᠤᠩ ᠲᠦᠭᠦᠮ ᠪᠠᠶᠢᠨ᠎ᠠ︾ ᠭᠡᠵᠤ ᠨᠢᠭᠡᠨ ᠰᠠᠭᠤᠭᠠᠯᠢ ᠠᠷᠠᠳ ᠶᠠᠷᠢᠵᠤ ᠪᠠᠶᠢᠯ᠎ᠠ᠃        ︽ᠨᠢᠭᠡ ᠴᠤᠩᠬᠤᠪᠴᠢ ᠪᠠᠷ ᠭᠦᠯᠢᠶᠠᠨ ᠠᠪᠬᠤ︾ ᠦᠢᠯᠡᠴᠢᠯᠡᠭᠡᠨ ᠤ ᠲᠤᠭᠤᠷᠢᠭ ᠢ ᠪᠠᠶᠢᠭᠤᠯᠵᠤ᠂ ᠠᠷᠤ ᠲᠠᠯ᠎ᠠ ᠳᠤ ᠲᠦᠷᠦᠯ ᠬᠤᠪᠢᠶᠠᠨ ᠭᠢᠨᠠᠨ ᠵᠦᠪᠰᠢᠶᠡᠷᠡᠭᠦ ᠭᠡᠪ ᠵᠠᠬᠪᠤᠷ ᠢ ᠭᠡᠷᠡᠭᠵᠢᠭᠦᠯᠭᠦ ᠪᠠᠷ ᠲᠠᠮᠵᠢᠭᠤᠯᠤᠨ ᠡᠩ ᠤᠨ ᠨᠡᠶᠢᠭᠡᠮ ᠤᠨ ᠲᠦᠷᠦᠯ ᠤᠨ ᠪᠠᠯᠠ ᠤᠷᠤᠭᠤᠯᠤᠯᠳᠠ ᠶᠢᠨ ᠲᠦᠷᠦᠯ ᠵᠦᠢᠯ ᠢ ᠭᠢᠨᠠᠨ ᠵᠦᠪᠰᠢᠶᠡᠷᠡᠭᠦ ᠴᠠᠭ ᠢ ᠤᠬᠤᠷ ᠪᠤᠯᠭᠠᠵᠤ᠂ 28 ᠠᠵᠢᠯᠯᠠᠬᠤ ᠡᠳᠦᠷ ᠲᠤ ᠲᠠᠭᠤᠰᠬᠠᠬᠤ ᠪᠤᠯᠪᠠ᠃ ᠤᠤᠯ ᠳᠠᠭᠠᠨ ᠤᠯᠠᠨ ᠰᠠᠯᠠᠭ᠎ᠠ ᠮᠦᠴᠢᠷ ᠲᠤ ᠭᠦᠷᠳᠡᠭ ᠪᠠᠶᠢᠬᠰᠠᠨ ᠠᠴᠠ ᠪᠠᠨ ᠤᠳᠤ ︽ᠨᠢᠭᠡ ᠴᠤᠩᠬᠤᠪᠴᠢ ᠳᠤ ᠭᠦᠯᠢᠶᠠᠨ ᠠᠪᠴᠦ︾ ᠭᠦᠢᠴᠡᠳᠭᠡᠵᠤ ᠲᠠᠭᠤᠰᠬᠠᠬᠤ ᠪᠤᠯᠤᠬᠰᠠᠨ ᠪᠠᠶᠢᠨ᠎ᠠ᠃        ᠡᠭᠦᠨ ᠠᠴᠠ ᠭᠠᠳᠠᠨ᠎ᠠ᠂ ᠤᠴᠢᠷ ᠶᠠᠪᠤᠳᠠᠯ ᠢ ᠭᠦᠢᠴᠡᠳᠭᠡᠭᠦ ᠪᠠᠶᠢᠭᠤᠯᠭ᠎ᠠ ᠨᠢ ᠭᠦᠯᠢᠶᠠᠨ ᠠᠪᠬᠤ ᠮᠡᠳᠡᠭᠳᠡᠯ ᠤᠨ ᠪᠢᠴᠢᠭ ᠲᠡᠭᠡᠷᠡᠭᠢ ᠮᠡᠷᠭᠡᠨ ᠴᠤᠬᠤᠷ ᠢ ᠰᠢᠷᠪᠢᠪᠠᠯ ᠡᠯ ᠎ᠠ ᠲᠦᠷᠦᠯ ᠤᠨ ᠤᠴᠢᠷ ᠶᠠᠪᠤᠳᠠᠯ ᠢ ᠭᠦᠢᠴᠡᠳᠭᠡᠭᠦ ᠭᠦᠳᠦᠯᠤᠮᠵᠢ ᠶᠢᠨ ᠮᠡᠳᠡᠭᠡ ᠵᠠᠩᠭᠢ ᠶᠢ ᠤᠯᠵᠤ᠂ ᠭᠦᠳᠦᠯᠤᠮᠵᠢ ᠶᠢᠨ ᠵᠢᠭᠠᠪᠤᠷᠢ ᠪᠠᠷ ᠭᠦᠢᠴᠡᠳᠭᠡᠵᠤ ᠪᠤᠯᠳᠠᠭ ᠪᠠᠶᠢᠨ᠎ᠠ᠃ ᠭᠦᠭᠵᠢᠭᠦᠯᠦᠯᠳᠠ ᠪᠠ ᠦᠭᠡᠷᠡᠴᠢᠯᠠᠯᠳᠠ ᠶᠢᠨ ᠰᠢᠰᠲ᠋ᠧᠮ ᠤᠨ ᠰᠦᠯᠵᠢᠶᠠᠨ ᠲᠡᠭᠡᠷᠡᠭᠢ ᠭᠢᠨᠠᠨ ᠵᠦᠪᠰᠢᠶᠡᠷᠡᠭᠦ ᠲᠠᠪᠴᠠᠩ ᠪᠠ ᠪᠠᠷᠢᠯᠭ᠎ᠠ ᠶᠢᠨ ᠭᠦᠷᠢᠶ ᠎ᠠ ᠴᠠᠷᠠᠭ᠎ᠠ ᠶᠢᠨ ᠦᠭᠡᠷᠡᠴᠢᠯᠠᠯᠳᠠ ᠶᠢᠨ ᠰᠢᠰᠲ᠋ᠧᠮ ᠢ ᠪᠦᠭᠦ ᠲᠠᠯ ᠎ᠠ ᠪᠠᠷ ᠭᠡᠷᠡᠭᠯᠡᠵᠤ᠂ ᠠᠵᠤ ᠠᠬᠤᠢᠢᠯᠠᠯ ᠳᠤ ᠶᠡᠭᠡᠭᠡᠨ ᠲᠦᠭᠦᠮ ᠦᠵᠡᠭᠦᠯᠦᠭᠰᠡᠨ ᠪᠠᠶᠢᠨ᠎ᠠ᠃
ᠢᠷᠡᠯᠲᠡ᠄ ᠣᠷᠳᠣᠰ ᠮᠣᠩᠭᠤᠯ ᠰᠦᠯᠵᠢᠶ᠎ᠡ