| | ᠤᠢᠢᠷ᠎ᠠ ᠳᠤ᠂ ᠠᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠣᠭᠠᠴᠢᠯᠠᠭᠰᠠᠨ | ᠬᠡᠪᠯᠡᠯ ᠤᠨᠦᠵᠡᠰᠬᠦᠯᠡᠩ ᠤᠨ ᠴᠤᠭᠯᠠᠭᠠᠨ ᠤ 2019 — 2020 ᠣᠨ ᠤ ᠢᠷᠠᠭᠤ ᠠᠯᠳᠠᠷ ᠤᠨ | ᠲᠠᠨᠢᠯᠴᠠᠭᠤᠯᠭ᠎ᠠ ᠶᠢᠨ ᠫᠠᠶᠢᠰᠠᠣᠯᠭᠤᠬᠤ ᠶᠣᠰᠣᠯᠠᠯ ᠪᠡᠭᠡᠵᠢᠩ ᠳᠤ ᠶᠠᠪᠤᠭᠳᠠᠵᠤ᠂ ᠥᠪᠥᠷ ᠮᠣᠩᠭᠤᠯ ᠤᠨ ᠬᠡᠪᠯᠡᠯ ᠤᠨ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ DCR ᠮᠡᠷᠭᠡᠵᠢᠯ ᠳᠤ ᠰᠠᠭᠤᠷᠢᠯᠠᠭᠰᠠᠨ ᠮᠣᠩᠭᠤᠯ ᠬᠡᠯᠡᠨ ᠤ PDF | ᠺᠣᠳ᠋ ᠰᠣᠯᠢᠬᠤ ᠮᠡᠷᠭᠡᠵᠢᠯ ᠨᠢ 2019 — 2020 ᠣᠨ ᠤ ᠰᠢᠨ᠎ᠡ ᠡᠭᠦᠳᠦᠯᠲᠡ ᠶᠢᠨ ᠮᠡᠷᠭᠡᠵᠢᠯ ᠤᠨ ᠢᠷᠠᠭᠤ | ᠠᠯᠳᠠᠷ ᠤᠨ ᠴᠣᠯᠠ ᠤᠯᠪᠠ᠃ | ᠮᠣᠩᠭᠤᠯ ᠦᠭᠡ ᠬᠡᠯᠡ ᠥᠰᠥᠭ ᠪᠢᠴᠢᠭ ᠤᠨ ᠲᠣᠭᠠᠴᠢᠯᠠᠭᠰᠠᠨ ᠬᠡᠪᠯᠡᠯ ᠢ ᠠᠬᠢᠭᠤᠯᠬᠤ ᠶᠢᠨ | ᠲᠥᠯᠥᠭᠡ ᠂ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠮᠡᠳᠡᠭᠡ ᠵᠠᠩᠭᠢ ᠶᠢᠨ ᠲᠥᠪ ᠠᠴᠠ PDF | ᠪᠢᠴᠢᠭ ᠮᠠᠲ᠋ᠧᠷᠢᠶᠠᠯ ᠤᠨ ᠬᠡᠯᠪᠡᠷᠢ ᠶᠢ ᠺᠣᠳ᠋ ᠰᠤᠯᠢᠬᠤ ᠵᠠᠪᠰᠠᠷ ᠤᠨ ᠬᠡᠯᠪᠡᠷᠢ ᠪᠣᠯᠭᠠᠬᠤ ᠶᠢᠨ ᠬᠠᠮᠲᠤ ᠰᠢᠨ᠎ᠡ ᠶᠢ | ᠡᠭᠦᠳᠦᠭᠰᠡᠨ DCR ᠮᠡᠷᠭᠡᠵᠢᠯ ᠤᠨ PDF ᠺᠣᠳ᠋ ᠰᠤᠯᠢᠬᠤ ᠮᠡᠷᠭᠡᠵᠢᠯ ᠢ ᠬᠡᠷᠡᠭᠯᠡᠵᠦ᠂ ᠺᠣᠳ᠋ ᠰᠤᠯᠢᠬᠤ | ᠣᠨᠣᠪᠴᠢᠲᠤ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠬᠥᠮᠦᠨ ᠤ ᠬᠦᠴᠦ ᠪᠠᠷ ᠬᠠᠷᠭᠤᠭᠤᠯᠬᠤ | ᠠᠵᠢᠯ ᠤᠨ ᠬᠡᠮᠵᠢᠶ᠎ᠡ ᠶᠢ ᠠᠯᠢ ᠴᠢᠳᠠᠬᠤ ᠪᠠᠷ ᠪᠠᠭᠠᠰᠬᠠᠪᠠ᠂ ᠡᠨᠡ ᠪᠣᠯ ᠶᠡᠭᠡ ᠬᠡᠮᠵᠢᠶᠡᠨ ᠤ ᠡᠬᠢ ᠪᠠᠶᠠᠯᠢᠭ ᠢ ᠺᠣᠳ᠋ | ᠰᠤᠯᠢᠵᠤ ᠬᠢᠬᠦ ᠬᠦᠰᠡᠯᠡᠩᠲᠦ ᠰᠣᠩᠭᠤᠯᠲᠠ ᠮᠥᠨ᠃ | ᠣᠶᠢᠯᠠᠭᠠᠭᠰᠠᠨ ᠢᠶᠠᠷ᠂ ᠡᠨᠡ ᠬᠦ ᠮᠡᠷᠭᠡᠵᠢᠯ ᠭᠠᠷᠴᠤ ᠢᠷᠡᠬᠦ ᠠᠴᠠ ᠡᠮᠦᠨ᠎ᠡ᠂ ᠮᠣᠩᠭᠤᠯ ᠬᠡᠯᠡᠨ ᠤ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠬᠡᠷᠡᠭᠯᠡᠯᠲᠡ ᠨᠢ ᠬᠡᠯᠪᠡᠷᠢ ᠪᠠᠶᠢᠳᠠᠯ ᠨᠢ ᠲᠠᠩ ᠴᠤᠯᠭᠤᠶ᠂ ᠠᠭᠤᠯᠭ᠎ᠠ | ᠶᠢ ᠨᠢ ᠡᠷᠢᠬᠦ ᠵᠢᠨᠠᠷᠭ᠎ᠠ ᠥᠬᠡ᠊᠂ ᠬᠠᠭᠤᠯᠪᠤᠷᠢᠯᠠᠨ ᠬᠡᠷᠡᠭᠯᠡᠬᠦ ᠶᠢᠨ ᠠᠷᠭ᠎ᠠ ᠥᠬᠡᠶ ᠪᠠ ᠰᠢᠯᠵᠢᠮᠡᠯ ᠦᠵᠦᠭᠦᠷ ᠲᠤ | ᠬᠡᠷᠡᠭᠯᠡᠬᠦ ᠶᠢᠨ ᠠᠷᠭ᠎ᠠ ᠥᠬᠡᠶ ᠪᠠᠶᠢᠬᠰᠠᠨ ᠵᠡᠷᠭᠡ ᠠᠰᠠᠭᠤᠳᠠᠯ ᠠᠴᠠ ᠪᠤᠯᠵᠤ᠂ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢᠨ ᠠᠵᠢᠯ ᠶᠡᠷᠦ ᠠᠴᠠ ᠬᠦᠴᠢᠷᠳᠡᠯ ᠠᠴᠠ ᠪᠠᠨ ᠭᠠᠷᠴᠤ ᠴᠢᠳᠠᠭᠠᠳᠤᠢ ᠪᠠᠶᠢᠵᠠᠢ᠃ ᠭᠡᠪᠡᠴᠦ DCR | ᠮᠡᠷᠭᠡᠵᠢᠯ ᠢ ᠬᠡᠷᠡᠭᠯᠡᠬᠦ ᠶᠢ ᠳᠠᠭᠠᠯᠳᠤᠨ᠂ ᠶᠡᠭᠡ ᠬᠡᠮᠵᠢᠶᠡᠨ ᠤ ᠮᠣᠩᠭᠤᠯ ᠬᠡᠯᠡᠨ ᠤ PDF ᠶᠢ ᠲᠦᠷᠭᠡᠨ᠂ | ᠥᠨᠳᠥᠷ ᠪᠦᠲᠦᠮᠵᠢᠲᠡᠶ᠂ ᠣᠨᠣᠪᠴᠢᠲᠠᠶ ᠪᠠᠷ ᠣᠯᠠᠨ ᠤᠯᠤᠰ ᠤᠨ ᠪᠠᠷᠢᠮᠵᠢᠶᠠᠲᠤ ᠺᠣᠳ᠋ ᠤᠨ PDF ᠪᠢᠴᠢᠭ | ᠮᠠᠲ᠋ᠧᠷᠢᠶᠠᠯ ᠪᠤᠯᠭᠠᠨ ᠬᠤᠪᠢᠷᠠᠭᠤᠯᠵᠤ᠂ ᠰᠡᠭᠦᠯᠴᠢ ᠶᠢᠨ ᠬᠤᠭᠤᠴᠠᠭᠠᠨ ᠤ ᠪᠥᠳᠤᠴᠡᠳᠤ ᠪᠤᠯᠪᠠᠰᠤᠷᠠᠭᠤᠯᠤᠯ ᠪᠠ | ᠮᠡᠳᠡᠯᠭᠡᠵᠢᠭᠰᠡᠨ ᠪᠤᠯᠪᠠᠰᠤᠷᠠᠭᠤᠯᠤᠯ ᠳᠤ ᠵᠠᠮ ᠳᠡᠪᠢᠰᠴᠦ ᠥᠭᠴᠡᠶ᠃ | ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ ᠪᠠᠷᠢᠮᠵᠢᠶ᠎ᠠ ᠪᠤᠰᠤ ᠺᠣᠳ᠋ ᠤᠨ ᠬᠢᠵᠠᠭᠠᠷᠯᠠᠯ ᠠᠴᠠ ᠠᠩᠭᠢᠵᠢᠷᠠᠭᠰᠠᠨ ᠮᠣᠩᠭᠤᠯ ᠬᠡᠯᠡᠨ ᠤ | PDF ᠪᠢᠴᠢᠭ ᠮᠠᠲ᠋ᠧᠷᠢᠶᠠᠯ ᠨᠢᠲ᠋ᠣᠭᠠᠴᠢᠯᠠᠭᠰᠠᠨ ᠬᠡᠪᠯᠡᠯ ᠤᠨ ᠰᠢᠯᠵᠢᠮᠡᠯ ᠤᠩᠰᠢᠯᠭ᠎ᠠ᠂ ᠮᠣᠩᠭᠤᠯ ᠬᠡᠯᠡᠨ ᠤ | ᠮᠡᠳᠡᠯᠭᠡ ᠶᠢᠨ ᠦᠢᠯᠡᠴᠢᠯᠡᠭᠡ᠂ ᠮᠣᠩᠭᠤᠯ ᠬᠡᠯᠡᠨ ᠤᠰᠤᠷᠭᠠᠨ ᠬᠥᠮᠦᠵᠢᠯ᠂ ᠮᠣᠩᠭᠤᠯ ᠬᠡᠯᠡᠨ ᠤ ᠠᠵᠢᠯ | ᠮᠡᠷᠭᠡᠵᠢᠯ ᠤᠨ ᠪᠣᠯᠪᠠᠰᠤᠷᠠᠯ ᠵᠡᠷᠭᠡ ᠲᠠᠯ᠎ᠠ ᠪᠠᠷ ᠲᠦᠷᠭᠡᠨ ᠬᠥᠭᠵᠢᠬᠦ ᠶᠢ ᠠᠬᠢᠭᠤᠯᠬᠤ ᠪᠣᠯᠤᠨ᠎ᠠ᠃ | ᠲᠣᠰ ᠺᠣᠳ᠋ ᠰᠤᠯᠢᠬᠤ ᠮᠡᠷᠭᠡᠵᠢᠯ ᠨᠢ ᠪᠠᠰᠠ ᠬᠤᠶᠠᠷ ᠵᠦᠢᠯ ᠤᠨ ᠵᠥᠭᠡᠯᠡᠨ ᠬᠡᠷᠡᠭᠰᠡᠯ ᠤᠨ ᠵᠣᠬᠢᠶᠠᠯ | ᠪᠦᠲᠦᠭᠡᠯ ᠤᠨᠡᠷᠬᠡ ᠶᠢᠨ ᠳᠡᠩᠰᠡᠯᠡᠯᠲᠡ ᠶᠢᠨ ᠦᠨᠡᠮᠯᠡᠯ ᠣᠯᠵᠤ᠂ ︽ᠮᠣᠩᠭᠤᠯ ᠦᠭᠡ ᠬᠡᠯᠡ ᠥᠰᠥᠭ ᠪᠢᠴᠢᠭ ᠤᠨ | ᠲᠣᠭᠠᠴᠢᠯᠠᠭᠰᠠᠨ ᠡᠬᠢᠪᠠᠶᠠᠯᠢᠭ ᠤᠨ ᠪᠥᠲᠥᠭᠡᠨ ᠪᠠᠶᠢᠭᠤᠯᠤᠯᠲᠠ ᠬᠢᠭᠡᠳ ᠬᠠᠮᠲᠤ ᠪᠠᠷ ᠡᠳ᠋ᠯᠡᠬᠦ ᠢᠨᠵᠧᠨᠧᠷᠢᠩ︾ | ᠤᠨ ᠲᠥᠷᠥᠯ ᠵᠦᠢᠯ ᠳᠤ ᠲᠣᠰᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠨ 7000 ᠭᠠᠷᠤᠶ ᠵᠦᠢᠯ ᠤᠨ ᠨᠣᠮ | ᠪᠢᠴᠢᠭ ᠤᠨ ᠡᠬᠢ ᠪᠠᠶᠠᠯᠢᠭ ᠢ ᠨᠠᠶᠢᠷᠠᠭᠤᠯᠬᠤ ᠪᠢᠴᠢᠬᠦ ᠵᠡᠷᠭᠡ ᠠᠵᠢᠯ ᠤᠳ ᠢ ᠪᠡᠶᠡᠯᠡᠭᠦᠯᠵᠦ᠂ ᠬᠠᠳᠠᠭᠠᠯᠠᠭᠳᠠᠵᠤ | ᠪᠠᠶᠢᠭ᠎ᠠ ᠡᠬᠢ ᠪᠠᠶᠠᠯᠢᠭ ᠢ ᠲᠣᠭᠠᠴᠢᠯᠠᠨ ᠨᠠᠶᠢᠷᠠᠭᠤᠯᠤᠨ ᠪᠢᠴᠢᠬᠦᠵᠢᠴᠢ ᠲᠥᠷᠥᠯ ᠵᠦᠢᠯ ᠢ ᠤᠷᠤᠭᠰᠢᠲᠠᠶ | ᠬᠡᠷᠡᠭᠵᠢᠭᠦᠯᠬᠦ ᠳᠤ ᠴᠢᠩᠭ᠎ᠠ ᠬᠦᠴᠦᠲᠡᠶ ᠮᠡᠷᠭᠡᠵᠢᠯ ᠤᠨ ᠪᠠᠲᠤᠯᠠᠭ᠎ᠠ ᠬᠠᠩᠭᠠᠭᠰᠠᠨ ᠪᠠᠶᠢᠨ᠎ᠠ ᠬᠡᠪᠡ᠃ | | | | | | |