ᠰᠤᠷᠭᠠᠨ ᠬᠦᠮᠦᠵᠢᠯ ᠤᠨ ᠶᠠᠮᠤᠨ ᠡᠪᠦᠯ ᠤᠨ ᠠᠮᠠᠷᠠᠯᠲᠠ ᠶᠢᠨ ᠡᠮᠦᠨ᠎ᠡ ᠬᠤᠶᠢᠨᠠᠬᠢ ᠶᠡᠭᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2021/1/5
        ᠣᠶᠢᠷ᠎ᠠ ᠶᠢᠨ ᠡᠳᠦᠷ᠂ ᠰᠤᠷᠭᠠᠨ ᠬᠦᠮᠦᠵᠢᠯ ᠤᠨ ᠶᠠᠮᠤᠨ ︽ᠡᠪᠦᠯ  ᠤᠨ ᠠᠮᠠᠷᠠᠯᠲᠠ ᠶᠢᠨ  ᠡᠮᠦᠨ᠎ᠡ  ᠬᠤᠶᠢᠨᠠᠬᠢ  ᠶᠡᠭᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ  ᠬᠢᠬᠦ  ᠲᠤᠬᠠᠢ  ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ  ᠲᠠᠷᠬᠠᠭᠠᠵᠤ᠂  ᠨᠠᠮ ᠤᠨ  ᠲᠥᠪ  ᠬᠤᠷᠢᠶ᠎ᠠ᠂ ᠲᠥᠷᠥ ᠵᠢᠨ‌‍ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ  ᠭᠦᠨᠵᠡᠭᠡᠢ  ᠨᠠᠶᠢᠳᠠᠪᠤᠷᠢᠵᠢᠭᠤᠯᠵᠤ᠂ ᠡᠨᠡ ᠡᠪᠦᠯ ᠢᠷᠡᠬᠦ ᠬᠠᠪᠤᠷ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ  ᠠᠵᠢᠯ ᠢ ᠦᠴᠦᠬᠡᠨ ᠴᠤ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠨ᠂ ᠶᠡᠭᠡ ᠳᠡᠭᠡᠳᠦ ᠰᠤᠷᠭᠠᠭᠤᠯᠢ ᠶᠢᠨ ᠡᠪᠦᠯ ᠤᠨ ᠠᠮᠠᠷᠠᠯᠲᠠ ᠶᠢᠨ ᠬᠤᠭᠤᠴᠠᠭ᠎ᠠ  ᠪᠠ ᠢᠷᠡᠬᠦ ᠬᠠᠪᠤᠷ ᠤᠨ  ᠰᠤᠷᠤᠯᠭ᠎ᠠ‌ᠡᠬᠢᠯᠡᠬᠦ ᠠᠵᠢᠯ ᠢ ᠨᠢᠭᠡᠲᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃           ︽ᠮᠡᠳᠡᠭᠳᠡᠯ︾ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠭᠦᠨᠵᠡᠭᠡᠢ  ᠲᠠᠨᠢᠬᠤ  ᠬᠡᠷᠡᠭᠲᠡᠢ᠃ ᠡᠯ᠎ᠡ ᠭᠠᠵᠠᠷ ᠤᠨ  ᠰᠤᠷᠭᠠᠨ  ᠬᠦᠮᠦᠵᠢᠯ ᠤᠨ  ᠰᠠᠯᠠᠭ᠎ᠠ  ᠮᠦᠴᠢᠷ  ᠬᠠᠷᠢᠶ᠎ᠠ  ᠭᠠᠵᠠᠷ ᠤᠨ ᠢᠶᠠᠨ  ᠬᠠᠮᠢᠶᠠᠷᠤᠯᠲᠠ ᠶᠢᠨ  ᠵᠠᠷᠴᠢᠮ ᠶᠣᠰᠣᠭᠠᠷ᠂ ᠲᠤᠬᠠᠢ ᠶᠢᠨ ᠭᠠᠵᠠᠷ ᠤᠨ ᠨᠠᠮ ᠤᠨ  ᠬᠤᠷᠢᠶ᠎ᠠ  ᠵᠠᠰᠠᠭ ᠤᠨ  ᠣᠷᠳᠣᠨ ᠤ  ᠤᠳᠤᠷᠢᠳᠤᠯᠭ᠎ᠠ  ᠳᠣᠣᠷ᠎ᠠ᠂ ᠵᠣᠬᠢᠶᠠᠨ ᠪᠠᠶᠢᠭᠤᠯᠤᠯᠲᠠ ᠶᠢᠨ  ᠤᠳᠤᠷᠢᠳᠤᠯᠭ᠎ᠠ   ᠪᠠᠨ  ᠴᠢᠩᠭᠠᠳᠬᠠᠵᠤ᠂ ᠰᠠᠯᠠᠭ᠎ᠠ ᠮᠦᠴᠢᠷ ᠤᠨ ᠬᠠᠷᠢᠭᠤᠴᠠᠯᠭ᠎ᠠ   ᠪᠠᠨ ᠬᠢᠨᠠᠮᠠᠭᠠᠢ ᠭᠦᠢᠴᠡᠳᠬᠡᠨ᠂ ᠴᠠᠭ ᠲᠤᠬᠠᠢ ᠳᠤ ᠨᠢ ᠰᠤᠳᠤᠯᠤᠨ ᠮᠠᠭᠠᠳᠯᠠᠬᠤ᠂  ᠴᠠᠭ  ᠲᠤᠬᠠᠢ ᠳᠤ ᠨᠢ ᠪᠠᠶᠢᠷᠢᠯᠠᠭᠤᠯᠤᠯᠲᠠ ᠬᠢᠬᠦ᠂ ᠴᠠᠭ‌‍ᠲ᠋ᠤᠬᠠᠢ ᠳᠤ ᠨᠢ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠦᠴᠦᠬᠡᠨ ᠴᠤ ᠰᠤᠯᠠᠷᠠᠭᠤᠯᠤᠯ ᠦᠭᠡᠢ ᠬᠢᠬᠦ ᠬᠡᠷᠡᠭᠲᠡᠢ᠃  ᠶᠡᠭᠡ‌‍ᠲ᠋ᠡᠭᠡᠳᠦ ᠰᠤᠷᠭᠠᠭᠤᠯᠢ ︽ᠶᠡᠭᠡ ᠳᠡᠭᠡᠳᠦ ᠰᠤᠷᠭᠠᠭᠤᠯᠢ ᠶᠢᠨ ᠨᠠᠮᠤᠷ ᠡᠪᠦᠯ ᠤᠨ ᠰᠢᠨ᠎ᠡ  ᠲᠢᠲᠢᠮᠯᠢᠭ  ᠠᠭᠤᠰᠬᠢᠨ  ᠦᠷᠪᠢᠰᠦᠯ ‍ᠦᠨ‌‍ᠬᠢᠵᠢᠭ ᠤᠨ  ᠪᠠᠶᠢᠳᠠᠯ ᠢ  ᠰᠡᠷᠭᠡᠶᠢᠯᠡᠨ  ᠬᠢᠵᠠᠭᠠᠷᠯᠠᠬᠤ  ᠮᠡᠷᠭᠡᠵᠢᠯ ᠤᠨ  ᠲᠦᠰᠦᠯ  ︵ᠰᠢᠨᠡᠳᠬᠡᠭᠰᠡᠨ   ᠬᠡᠪᠯᠡᠯ︶︾ ᠢ  ᠴᠢᠩᠭ᠎ᠠ ᠨᠠᠶᠢᠳᠠᠪᠤᠷᠢᠵᠢᠭᠤᠯᠵᠤ᠂ ᠬᠦᠮᠦᠨ ᠪᠤᠳᠠᠰ ᠢ ᠬᠠᠮᠲᠤ ᠳᠤ ᠨᠢ ᠰᠡᠷᠭᠡᠶᠢᠯᠡᠬᠦ᠂ ᠣᠯᠠᠨ ᠡᠪᠡᠳᠴᠢᠨ ᠢ ᠬᠠᠮᠲᠤ ᠳᠤ ᠨᠢ  ᠰᠡᠷᠭᠡᠶᠢᠯᠡᠬᠦ ᠶᠢ ᠪᠠᠷᠢᠮᠲᠠᠯᠠᠨ᠂ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ  ᠭᠤᠣᠯ  ᠴᠣᠭᠴᠠ ᠶᠢᠨ  ᠬᠠᠷᠢᠭᠤᠴᠠᠯᠭ᠎ᠠ ᠶᠢ  ᠱᠠᠲᠤ  ᠳᠠᠷᠠᠭᠠᠯᠠᠨ‌ᠨᠠᠶᠢᠳᠠᠪᠤᠷᠢᠵᠢᠭᠤᠯᠵᠤ᠂ ︽ᠳᠦᠷᠪᠡᠨ ᠡᠷᠲᠡ︾ ᠪᠠᠶᠢᠬᠤ ᠱᠠᠭᠠᠷᠳᠠᠯᠭ᠎ᠠ ᠶᠢ ᠨᠢᠭᠲᠠ  ᠴᠢᠩᠭ᠎ᠠ  ᠨᠠᠶᠢᠳᠠᠪᠤᠷᠢᠵᠢᠭᠤᠯᠬᠤ  ᠬᠡᠷᠡᠭᠲᠡᠢ᠃ᠲᠦᠪᠯᠡᠷᠡᠩᠭᠦᠢ ᠴᠢᠨᠠᠷᠲᠠᠢ ᠬᠢᠵᠢᠭ ᠤᠨ ᠪᠠᠶᠢᠳᠠᠯ ᠢ ᠠᠷᠭᠠᠴᠠᠬᠤ ᠪᠡᠯᠡᠳᠬᠡᠯ ᠢ ᠯᠠᠪᠳᠠᠭᠤᠨ ᠪᠠᠲᠤᠲᠠᠢ ᠰᠠᠶᠢᠲᠤᠷ  ᠬᠢᠬᠦ  ᠬᠡᠷᠡᠭᠲᠡᠢ᠃ ᠪᠠᠶᠢᠩᠭᠤ  ᠶᠢᠨ ᠴᠢᠨᠠᠷᠲᠠᠢ ᠨᠠᠷᠢᠯᠢᠭ ᠣᠨᠣᠪᠴᠢᠲᠠᠢ ᠰᠡᠷᠭᠡᠶᠢᠯᠡᠨ  ᠬᠢᠵᠠᠭᠠᠷᠯᠠᠬᠤ  ᠪᠠ  ᠬᠡᠰᠡᠭ  ᠲᠠᠯ᠎ᠠ ᠶᠢᠨ  ᠪᠠᠴᠢᠮ  ᠪᠠᠶᠢᠳᠠᠯ ᠢ‌‍ᠰᠢᠢᠳᠪᠦᠷᠢᠯᠡᠬᠦ ᠶᠢ ᠤᠷᠭᠠᠨᠢᠭ ᠢᠶᠠᠷ  ᠤᠶᠠᠯᠳᠤᠭᠤᠯᠬᠤ ᠶᠢ ᠪᠠᠷᠢᠮᠲᠠᠯᠠᠨ᠂ ᠪᠠᠴᠢᠮ ᠪᠠᠶᠢᠳᠠᠯ ᠢ  ᠠᠷᠭᠠᠴᠠᠬᠤ  ᠪᠡᠯᠡᠳᠬᠡᠯ  ᠲᠦᠰᠦᠯ ᠢ‌‍ᠲ᠋ᠠᠰᠤᠷᠠᠯᠲᠠ ᠦᠭᠡᠢ ᠲᠡᠭᠦᠯᠳᠡᠷᠵᠢᠭᠦᠯᠦᠨ᠂  ᠪᠠᠴᠢᠮ ᠪᠠᠶᠢᠳᠠᠯ ᠢ ᠠᠷᠭᠠᠴᠠᠬᠤ  ᠰᠤᠷᠢᠯᠲᠠ ᠶᠢ  ᠴᠢᠩᠭᠠᠳᠬᠠᠨ᠂  ᠡᠳ᠋  ᠪᠤᠳᠠᠰ ‍ᠤᠨ‌ᠨᠥ᠋ᠭᠡᠴᠡ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ   ᠪᠠᠨ  ᠳᠡᠭᠡᠭᠰᠢᠯᠡᠭᠦᠯᠬᠦ  ᠬᠡᠷᠡᠭᠲᠡᠢ  ᠭᠡᠵᠦ ᠵᠢᠭᠠᠵᠤ ᠭᠠᠷᠭᠠᠵᠠᠢ᠃            ︽ᠮᠡᠳᠡᠭᠳᠡᠯ︾ ᠱᠠᠭᠠᠷᠲᠠᠬᠤ ᠳᠠᠭᠠᠨ᠂  ᠡᠪᠦᠯ ᠤᠨ ᠠᠮᠠᠷᠠᠯᠲᠠ ᠲᠠᠯᠪᠢᠬᠤ  ᠴᠠᠭ ᠢᠶᠠᠨ  ᠰᠢᠨᠵᠢᠯᠡᠬᠦ  ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ ᠤᠨ ᠬᠢᠨ ᠪᠠ ᠶᠡᠭᠡ ᠳᠡᠭᠡᠳᠦ ᠰᠤᠷᠭᠠᠭᠤᠯᠢ   ᠨᠤᠭᠤᠳ ᠤᠨ ᠲᠤᠬᠠᠢ ᠶᠢᠨ  ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ  ᠨᠢᠭᠡᠲᠦᠯᠲᠡᠢ  ᠲᠣᠬᠢᠷᠠᠭᠤᠯᠤᠯᠲᠠ  ᠶᠣᠰᠣᠭᠠᠷ  ᠮᠤᠵᠢ ᠶᠢᠨ  ᠱᠠᠲᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ  ᠮᠦᠴᠢᠷ ᠤᠨ  ᠨᠢᠭᠡᠲᠦᠯᠲᠡᠢ  ᠲᠦᠯᠦᠪᠵᠢᠬᠦᠯᠭᠡ ᠶᠢ  ᠪᠠᠷᠢᠮᠲᠠᠯᠠᠵᠤ᠂ ᠬᠢᠵᠢᠭ ‍ᠦᠨ‌‍ᠪᠠᠶᠢᠳᠠᠯ ᠪᠣᠯᠣᠨ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠠᠬᠢᠴᠠ ᠶᠢ ᠦᠨᠳᠦᠰᠦᠯᠡᠨ ᠲᠤᠬᠠᠢ ᠶᠢᠨ ᠭᠠᠵᠠᠷ  ᠣᠷᠣᠨ ᠤ ᠪᠠᠶᠢᠳᠠᠯ ᠪᠠ  ᠰᠤᠷᠭᠠᠭᠤᠯᠢ ᠶᠢᠨ ᠪᠠᠶᠢᠳᠠᠯ ᠳᠤ ᠨᠢ ᠲᠣᠬᠢᠷᠠᠭᠤᠯᠤᠨ ᠡᠪᠦᠯ ᠤᠨ ᠠᠮᠠᠷᠠᠯᠲᠠ  ᠲᠠᠯᠪᠢᠬᠤ  ᠴᠠᠭ ᠢ  ᠰᠢᠯᠢᠳᠡᠭᠵᠢᠭᠦᠯᠦᠨ‌‍ᠲ᠋ᠣᠬᠢᠷᠠᠭᠤᠯᠵᠤ᠂ ᠰᠤᠷᠤᠭᠴᠢᠳ ᠢ ᠪᠦᠯᠦᠭ ᠬᠤᠪᠢᠶᠠᠨ ᠡᠮᠬᠢ ᠵᠢᠷᠤᠮ ᠲᠠᠢ  ᠪᠠᠷ ᠰᠤᠷᠭᠠᠭᠤᠯᠢ ᠠᠴᠠ ᠰᠠᠯᠭᠠᠨ ᠠᠮᠠᠷᠠᠯᠲᠠ ᠲᠠᠯᠪᠢᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠ ᠨᠡᠪᠲᠡᠷᠡᠯᠴᠡᠬᠦ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠮᠡᠳᠡᠭᠡ‌ᠵᠠᠩᠭᠢ ᠶᠢ  ᠴᠠᠭ ᠲᠤᠬᠠᠢ ᠳᠤ   ᠨᠢ  ᠢᠯᠡ  ᠨᠡᠶᠢᠲᠡᠯᠡᠬᠦ  ᠬᠡᠷᠡᠭᠲᠡᠢ᠃ ᠠᠮᠤᠷ ᠲᠦᠪᠰᠢᠨ ᠢ ᠪᠠᠲᠤᠯᠠᠭᠰᠠᠨ  ᠤᠷᠢᠳᠠᠯ  ᠳᠣᠣᠷ᠎ᠠ‌‍ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠳᠠᠳᠤᠯᠭ᠎ᠠ  ᠪᠣᠯᠪᠠᠰᠤᠷᠠᠯ  ᠬᠢᠬᠦ ᠶᠢ  ᠲᠣᠬᠢᠲᠠᠢ  ᠰᠠᠶᠢᠲᠤᠷ  ᠲᠣᠬᠢᠷᠠᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠠᠳᠠᠭᠰᠢ ᠭᠠᠷᠴᠤ ᠠᠵᠢᠯ ᠣᠯᠬᠤ  ᠳᠠᠳᠤᠯᠭ᠎ᠠ  ᠪᠣᠯᠣᠨ  ᠬᠦᠮᠦᠨ ᠬᠡᠷᠡᠭᠯᠡᠬᠦ ᠨᠢᠭᠡᠴᠡ ᠶᠢᠨ ᠰᠤᠷᠭᠠᠭᠤᠯᠢ ᠳᠤ ᠣᠷᠣᠵᠤ ᠣᠷᠢᠨ ᠡᠯᠰᠡᠬᠦ ᠠᠵᠢᠯᠯᠠᠭ᠎ᠠ ᠶᠢ ᠵᠦᠢᠯ ᠵᠣᠬᠢᠰᠲᠠᠢ ᠲᠣᠬᠢᠷᠠᠭᠤᠯᠬᠤ  ᠬᠡᠷᠡᠭᠲᠡᠢ ᠭᠡᠵᠡᠢ᠃           ︽ᠮᠡᠳᠡᠭᠳᠡᠯ︾ ᠳᠤ᠂ ᠪᠠᠭᠰᠢ ᠰᠤᠷᠤᠭᠴᠢᠳ ᠢ ᠬᠦᠲᠦᠯᠦᠨ ᠵᠢᠯᠤᠭᠤᠳᠴᠤ ᠪᠠᠶᠢᠭᠠᠳ ᠨᠤᠲᠤᠭ ᠲᠤ ᠪᠠᠨ ᠪᠤᠴᠠᠬᠤ  ᠪᠠ ᠭᠡᠷ ᠲᠤ ᠪᠠᠨ ᠰᠠᠭᠤᠬᠤ ᠬᠤᠭᠤᠴᠠᠭᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃  ᠮᠡᠳᠡᠭᠳᠡᠯ ᠳᠠᠷᠤᠮᠠᠯᠯᠠᠨ ᠲᠠᠷᠬᠠᠭᠠᠬᠤ᠂ ᠠᠩᠭᠢ ︵ᠪᠦᠯᠬᠦᠮ᠂ ᠳᠤᠭᠤᠶᠢᠯᠠᠩ︶ ᠶᠢᠨ ᠬᠤᠷᠠᠯ ᠬᠢᠬᠦ᠂ ᠰᠠᠨᠠᠭᠤᠯᠭ᠎ᠠ ᠨᠡᠶᠢᠲᠡᠯᠡᠬᠦ ᠵᠡᠷᠭᠡ ᠬᠡᠯᠪᠡᠷᠢ ᠮᠠᠶ᠋ᠢᠭ ᠢᠶᠠᠷ ᠳᠠᠮᠵᠢᠭᠤᠯᠤᠨ  ᠪᠠᠭᠰᠢ  ᠰᠤᠷᠤᠭᠴᠢᠳ ᠢ  ᠬᠦᠲᠦᠯᠦᠨ  ᠵᠢᠯᠤᠭᠤᠳᠴᠤ ᠪᠠᠶᠢᠭᠠᠳ ᠡᠪᠦᠯ ᠤᠨ ᠠᠮᠠᠷᠠᠯᠲᠠ ᠵᠢᠨ‌ᠬᠤᠭᠤᠴᠠᠭᠠᠨ ᠳᠤ ᠰᠤᠷᠭᠠᠭᠤᠯᠢ ᠠᠴᠠ ᠪᠠᠨ ᠰᠠᠯᠵᠤ ᠨᠤᠲᠤᠭ ᠲᠠᠭᠠᠨ ᠪᠤᠴᠠᠬᠤ ᠵᠠᠮ ᠵᠠᠭᠤᠷ᠎ᠠ ᠶᠢᠨ ᠰᠡᠷᠭᠡᠶᠢᠯᠡᠨ  ᠬᠠᠮᠠᠭᠠᠯᠠᠬᠤ‌ᠠᠵᠢᠯ ᠢ ᠴᠢᠩᠭᠠᠳᠬᠠᠬᠤ ᠬᠡᠷᠡᠭᠲᠡᠢ᠃  ᠪᠠᠭᠰᠢ ᠰᠤᠷᠤᠭᠴᠢᠳ ᠡᠪᠦᠯ ᠤᠨ ᠠᠮᠠᠷᠠᠯᠲᠠ ᠶᠢᠨ  ᠬᠤᠭᠤᠴᠠᠭᠠᠨ ᠳᠤ  ᠲᠤᠬᠠᠢ ᠵᠢᠨ‌ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ  ᠲᠣᠭᠲᠠᠭᠠᠯ ᠢ  ᠴᠢᠩᠭ᠎ᠠ  ᠵᠢᠷᠤᠮᠯᠠᠬᠤ  ᠬᠡᠷᠡᠭᠲᠡᠢ᠃  ᠠᠮᠠᠷᠠᠯᠲᠠ‌‍ᠲ᠋ᠠᠯᠪᠢᠭᠰᠠᠨ ᠤ ᠳᠠᠷᠠᠭᠠᠬᠢ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂  ᠰᠤᠷᠭᠠᠭᠤᠯᠢ ᠶᠢᠨ  ᠬᠦᠷᠢᠶᠡᠨ ‍ᠦ‌ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠠᠷᠤ ᠲᠠᠯ᠎ᠠ ᠶᠢᠨ ᠬᠠᠮᠢᠶᠠᠷᠤᠯᠲᠠ ᠶᠢᠨ ᠠᠷᠭ᠎ᠠ ᠠᠪᠴᠠᠯ ᠢ ᠴᠠᠭ ᠲᠤᠬᠠᠢ ᠳᠤ ᠨᠢ ᠲᠣᠬᠢᠷᠠᠭᠤᠯᠤᠨ ᠰᠢᠯᠢᠳᠡᠭᠵᠢᠭᠦᠯᠵᠦ᠂  ᠰᠤᠷᠭᠠᠭᠤᠯᠢ ᠳᠤ ᠪᠠᠨ ᠬᠤᠴᠣᠷᠣᠭᠰᠠᠨ ᠪᠠᠭᠰᠢ ᠰᠤᠷᠤᠭᠴᠢᠳ ᠤᠨ ᠡᠪᠦᠯ ᠤᠨ  ᠠᠮᠠᠷᠠᠯᠲᠠ ᠶᠢᠨ ᠰᠤᠷᠤᠯᠴᠠᠯᠭ᠎ᠠ  ᠪᠠ  ᠠᠮᠢᠳᠤᠷᠠᠯ ᠢ  ᠬᠦᠴᠦᠲᠡᠢ ᠪᠠᠲᠤᠯᠠᠬᠤ ᠬᠡᠷᠡᠭᠲᠡᠢ ᠭᠡᠵᠦ ᠴᠢᠩᠲᠠᠯᠠᠨ ᠲᠤᠷᠠᠳᠪᠠ᠃                 ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠵᠦ ᠰᠤᠷᠭᠠᠭᠤᠯᠢ ᠳᠤ ᠪᠠᠨ ᠪᠤᠴᠠᠬᠤ ᠠᠵᠢᠯ ᠢ  ᠣᠷᠬᠢᠯ ᠵᠦᠷᠢᠭᠦᠯᠦᠨ ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ ᠪᠣᠯᠣᠨ ᠶᠡᠭᠡ ᠳᠡᠭᠡᠳᠦ ᠰᠤᠷᠭᠠᠭᠤᠯᠢ ᠨᠤᠭᠤᠳ ᠲᠤᠰ ᠭᠠᠵᠠᠷ  ᠣᠷᠣᠨ ‍ᠤ‌‍ᠪᠠᠨ ᠬᠢᠵᠢᠭ ᠤᠨ ᠪᠠᠶᠢᠳᠠᠯ ᠢ ᠦᠨᠳᠦᠰᠦᠯᠡᠨ᠂ ᠣᠷᠬᠢᠯ ᠵᠦᠷᠢᠭᠦᠯᠬᠦ ᠵᠠᠷᠴᠢᠮ  ᠶᠣᠰᠣᠭᠠᠷ᠂ ᠲᠥᠪᠯᠡᠷᠡᠭᠦᠯᠬᠦ ᠠᠴᠠ  ᠴᠢᠳᠠᠬᠤ ᠶᠢᠨ ᠳᠣᠲᠣᠷ᠎ᠠ ᠵᠠᠶᠢᠯᠠᠰᠬᠢᠵᠤ᠂ 2021 ᠣᠨ ᠤ ᠬᠠᠪᠤᠷ ᠤᠨ  ᠤᠯᠠᠷᠢᠯ ᠤᠨ  ᠰᠤᠷᠤᠯᠭ᠎ᠠ ᠶᠢᠨ  ᠬᠤᠭᠤᠴᠠᠭ᠎ᠠ  ᠡᠬᠢᠯᠡᠬᠦ  ᠠᠵᠢᠯ ᠢ‌ᠨᠠᠷᠢᠯᠢᠭ ᠲᠣᠬᠢᠷᠠᠭᠤᠯᠤᠨ᠂ ᠰᠤᠷᠭᠠᠭᠤᠯᠢ ᠡᠬᠢᠯᠡᠬᠦ ᠡᠯ᠎ᠡ  ᠲᠠᠯ᠎ᠠ ᠶᠢᠨ  ᠠᠵᠢᠯ ᠢ  ᠰᠠᠶᠢᠲᠤᠷ  ᠬᠢᠵᠦ᠂  ᠰᠤᠷᠤᠭᠴᠢᠳ ᠢ  ᠪᠦᠯᠦᠭ ᠬᠤᠪᠢᠶᠠᠨ ᠡᠮᠬᠢ ᠵᠢᠷᠤᠮ ᠲᠠᠢ ᠪᠠᠷ ᠰᠤᠷᠭᠠᠭᠤᠯᠢ ᠳᠤ ᠪᠤᠴᠠᠭᠤᠯᠬᠤ ᠪᠠᠷ ᠲᠣᠬᠢᠷᠠᠭᠤᠯᠬᠤ ᠬᠡᠷᠡᠭᠲᠡᠢ᠃ ᠡᠯ᠎ᠡ ᠮᠤᠵᠢ ᠶᠢᠨ ᠱᠠᠲᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠣᠷᠣᠨ ᠪᠦᠰᠡ ᠶᠢᠨ ᠲᠣᠲᠣᠷᠠᠬᠢ ᠨᠢᠭᠡᠲᠦᠯᠲᠡᠢ  ᠲᠥᠯᠥᠪᠯᠡᠬᠦ‌ᠠᠵᠢᠯ ᠢᠶᠠᠨ ᠴᠢᠩᠭᠠᠳᠬᠠᠵᠤ᠂ ᠦᠢᠯᠡᠴᠢᠯᠡᠬᠡᠨ ᠪᠠ ᠬᠦᠲᠦᠯᠦᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠮᠡᠳᠡᠭᠦᠯᠦᠨ ᠬᠦᠷᠭᠡᠵᠦ᠂ ᠡᠯ᠎ᠡ ᠭᠠᠵᠠᠷ ᠣᠷᠣᠨ ᠪᠠ ᠡᠯ᠎ᠡ ᠶᠡᠭᠡ  ᠳᠡᠭᠡᠳᠦ‌‍ᠰᠤᠷᠭᠠᠭᠤᠯᠢ ᠨᠤᠭᠤᠳ  ᠪᠠᠭᠰᠢ  ᠰᠤᠷᠤᠭᠴᠢᠳ ᠤᠨ  ᠳᠣᠲᠣᠷ᠎ᠠ  ᠭᠡᠨᠡᠳᠲᠡ ᠶᠢᠨ  ᠬᠢᠵᠢᠭ  ᠭᠠᠷᠤᠭᠰᠠᠨ ᠢ  ᠮᠡᠳᠡᠮᠡᠭᠴᠡ  ᠴᠠᠭ ᠲᠤᠬᠠᠢ ᠳᠤ ᠨᠢ ᠮᠡᠳᠡᠬᠦᠯᠬᠦ ᠬᠡᠷᠡᠭᠲᠡᠢ ᠭᠡᠵᠦ ︽ᠮᠡᠳᠡᠭᠳᠡᠯ︾ ᠳᠤ ᠱᠠᠭᠠᠷᠳᠠᠵᠠᠢ᠃
ᠢᠷᠡᠯᠲᠡ᠄ ᠠᠷᠠᠳ ᠤᠨ ᠰᠦᠯᠵᠢᠶ᠎ᠡ