ᠬᠢᠶ᠎ᠠ ᠪᠠᠭᠰᠢ ᠲᠣᠭᠤᠷᠢᠭ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠢᠳᠠᠪᠦᠷᠢ ᠪᠠᠨ ᠳᠡᠭᠡᠭᠰᠢᠯᠡᠭᠦᠯᠵᠦ ᠂ | ᠲᠥᠷᠭᠡᠨ ᠪᠥᠭᠡᠳ ᠦᠨᠳᠥᠷ ᠪᠥᠳᠥᠮᠵᠢᠲᠡᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠣᠭᠲᠠᠴᠠ ᠶᠢ | ᠪᠠᠶᠢᠭᠤᠯᠣᠨ᠂ ︽ᠡᠷᠳᠡ ᠢᠯᠡᠷᠡᠭᠦᠯᠵᠦ᠂ ᠡᠷᠳᠡ ᠮᠡᠳᠡᠭᠦᠯᠤᠨ᠂ ᠡᠷᠳᠡ ᠲᠤᠰᠠᠭᠠᠷᠯᠠᠵᠦ᠂ ᠡᠷᠳᠡ ᠵᠠᠰᠠᠬᠤ︾ | ᠱᠠᠭᠠᠷᠳᠠᠯᠭ᠎ᠠ ᠶᠢ ᠨᠠᠶᠢᠲᠠᠪᠤᠷᠢᠵᠢᠭᠤᠯᠬᠤ ᠶᠢᠨ ᠲᠥᠯᠥᠭᠡ᠂ 1 ᠰᠠᠷ᠎ᠠ ᠶᠢᠨ 5 ᠤ ᠡᠳᠦᠷ ᠤᠨ ᠦᠳᠡ ᠶᠢᠨ | ᠬᠤᠶᠢᠨᠡᠭᠢ 3 ᠴᠠᠭ ᠲᠤ ᠬᠢᠶ᠎ᠠ ᠪᠠᠭᠰᠢ ᠲᠣᠭᠤᠷᠢᠭ ᠪᠦᠬᠦ ᠠᠵᠢᠯᠲᠠᠨ ᠤ ᠪᠦᠭᠡᠮ ᠬᠦᠴᠢᠯ ᠤᠨ ᠰᠢᠯᠭᠠᠨ | ᠪᠠᠶᠢᠴᠠᠭᠠᠯᠲᠠ ᠬᠢᠬᠦ ᠠᠷᠭᠠᠴᠠᠬᠤ ᠰᠣᠷᠢᠯᠲᠠ ᠦᠷᠨᠢᠭᠦᠯᠪᠡ᠃ | | | | | | | | | ᠰᠣᠷᠢᠯᠲᠠ ᠨᠢ ᠬᠢᠶ᠎ᠠ ᠪᠠᠭᠰᠢ ᠲᠣᠭᠤᠷᠢᠭ ᠲᠤ ᠨᠢᠭᠡᠨ ᠬᠦᠢᠲᠡᠨ ᠬᠡᠯᠬᠢᠶᠡᠲᠦ ᠢᠳᠡᠭᠡᠨ ᠤ ᠠᠵᠢᠯᠲᠠᠨ | ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠵᠦ᠂ ᠲᠣᠭᠤᠷᠢᠭ ᠤᠨ | ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠭᠡᠷᠡᠭᠵᠢᠭᠦᠯᠦᠨ᠂ ᠪᠦᠬᠦ ᠠᠵᠢᠯᠲᠠᠨ ᠤ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠶᠢ ᠦᠳᠲᠡᠷ ᠲᠦᠷᠭᠡᠨ ᠭᠡᠷᠡᠭᠵᠢᠭᠦᠯᠦᠭᠰᠡᠨ ᠪᠠᠶᠢᠲᠠᠯ ᠢ ᠳᠠᠭᠤᠷᠢᠶᠠᠪᠠ᠃ | | | | | | | | | ᠰᠣᠷᠢᠯᠲᠠ ᠳᠤ᠂ ᠬᠢᠶ᠎ᠠ ᠪᠠᠭᠰᠢ ᠲᠣᠭᠤᠷᠢᠭ ᠤᠨ ᠢᠳᠡᠭᠡᠨ ᠤᠮᠳᠠᠭᠠᠨ᠂ ᠬᠤᠳᠠᠯᠳᠤᠭᠠᠨ ᠤ ᠬᠡᠲᠦ | ᠳᠡᠯᠭᠡᠭᠦᠷ ᠵᠢᠴᠢ ᠡᠮᠴᠢᠯᠡᠭᠡᠨ ᠤ ᠪᠠᠶᠢᠭᠤᠯᠤᠮᠵᠢ ᠵᠡᠷᠭᠡ ᠶᠢᠰᠦᠨ ᠲᠥᠷᠥᠯ ᠤᠨ ᠭᠤᠣᠯᠳᠠᠯᠭ᠎ᠠ ᠲᠠᠢ ᠲᠠᠯᠠᠪᠤᠷ ᠤᠨ | ᠠᠵᠢᠯᠲᠠᠨ ᠢ 10᠄ 1 ᠶᠢᠨ ᠬᠠᠷᠢᠴᠠᠯ ᠢᠶᠠᠷ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠪᠠ᠃ ᠲᠤᠬᠠᠶ ᠶᠢᠨ | ᠲᠠᠯᠠᠪᠠᠶ ᠳᠤ ᠬᠦᠯᠢᠶᠡᠬᠦ ᠲᠣᠭᠤᠷᠢᠭ᠂ ᠳᠠᠩᠰᠠᠯᠠᠬᠤ ᠲᠣᠭᠤᠷᠢᠭ᠂ ᠬᠡᠪ ᠠᠪᠬᠤ ᠲᠣᠭᠤᠷᠢᠭ᠂ ᠡᠳ᠋ ᠪᠣᠳᠠᠰ ᠤᠨ | ᠪᠠᠲᠤᠯᠠᠭ᠎ᠠ ᠶᠢᠨ ᠲᠣᠭᠤᠷᠢᠭ ᠪᠠ ᠲᠦᠷ ᠴᠠᠭ ᠤᠨ ᠲᠤᠰᠠᠭᠠᠷᠯᠠᠬᠤ ᠲᠣᠭᠤᠷᠢᠭ ᠳᠣᠭᠢᠷᠠᠭᠤᠯᠪᠠ᠃ ᠨᠢᠭᠡᠳᠦᠯᠲᠡᠶ | ᠵᠢᠯᠣᠭᠤᠳᠣᠯᠭ᠎ᠠ ᠳᠣᠤᠷ᠎ᠠ᠂ ᠠᠵᠢᠯᠲᠠᠳ ᠲᠠᠯᠠᠪᠠᠢ ᠶᠢᠨ ᠭᠠᠳᠠᠨ᠎ᠠ ᠳᠣᠲᠣᠨᠠᠬᠢ ᠡᠮᠬᠢ ᠳᠢᠭᠯᠢᠮ ᠢ ᠬᠠᠮᠢᠶᠠᠷᠤᠨ | ᠪᠠᠲᠤᠯᠠᠵᠤ᠂ ᠪᠠᠶᠢᠴᠠᠭᠠᠭᠳᠠᠭᠰᠠᠳ ᠡᠮᠬᠢ ᠵᠢᠷᠤᠮ ᠲᠠᠢ ᠪᠠᠷ ᠲᠤᠬᠠᠶ ᠶᠢᠨ ᠲᠠᠯᠠᠪᠠᠶ ᠳᠤ ᠣᠷᠣᠵᠤ ᠪᠡᠶ᠎ᠡ ᠶᠢᠨ | ᠭᠠᠷᠤᠯ ᠢᠶᠠᠨ ᠰᠢᠯᠭᠠᠨ ᠪᠠᠲᠤᠯᠠᠵᠦ᠂ ᠲᠤᠬᠠᠶ ᠶᠢᠨ ᠲᠠᠯᠠᠪᠠᠶ ᠳᠤ ᠳᠡᠩᠰᠡᠯᠡᠨ᠂ ᠪᠥᠭᠡᠮ ᠬᠦᠴᠢᠯ ᠤᠨ ᠬᠡᠪ ᠢᠶᠠᠨ | ᠠᠪᠤᠭᠤᠯᠪᠠ᠃ | ᠬᠡᠪ ᠠᠪᠬᠤ ᠬᠥᠮᠦᠰ ᠳᠦᠷᠢᠮᠵᠢᠯ ᠶᠣᠰᠣᠭᠠᠷ ᠪᠠᠶᠢᠴᠠᠭᠠᠭᠳᠠᠭᠰᠠᠳ ᠤᠨ ᠵᠠᠯᠭᠢᠭᠤᠷ ᠤᠨ ᠬᠡᠰᠡᠭ ᠠᠴᠠ | ᠬᠡᠪ ᠠᠪᠴᠦ᠂ ᠥᠯᠢᠭᠡᠷ ᠡᠳ᠋ ᠢ ᠵᠦᠭᠡᠭᠡᠨ ᠲᠡᠭᠡᠭᠡᠪᠦᠷᠢᠯᠡᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠥᠯᠢᠭᠡᠷ | ᠡᠳ᠋ ᠢ ᠪᠢᠲᠡᠭᠦᠮᠵᠢᠯᠡᠨ ᠬᠠᠳᠠᠭᠠᠯᠠᠵᠤ᠂ ᠲᠡᠷᠭᠡᠨ ᠳᠤ ᠠᠴᠢᠶᠠᠯᠠᠨ᠂ ᠳᠠᠮᠵᠢᠭᠤᠯᠤᠨ ᠲᠡᠭᠡᠭᠡᠪᠥᠷᠢᠯᠡᠪᠡ᠃ ᠪᠦᠬᠦ᠋ᠢᠯᠡ | ᠶᠠᠪᠤᠴᠠ ᠳᠤ ᠡᠯ᠎ᠡ ᠳᠤᠭᠤᠶᠢᠯᠠᠩ ᠤᠨ ᠠᠵᠢᠯ ᠤᠨ ᠬᠤᠪᠢᠶᠠᠷᠢᠯᠠᠯ ᠲᠣᠳᠣᠷᠬᠠᠶ ᠪᠠᠶᠢᠵᠦ᠂ ᠲᠦᠷᠭᠡᠨ ᠬᠥᠳᠡᠯᠦᠯᠴᠡᠨ᠂ | ᠨᠢᠭᠲᠠ ᠬᠠᠮᠵᠢᠯᠴᠠᠵᠤ ᠂ ᠲᠤᠰ ᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠪᠡ᠃ | | | | | | | | | | | | | | | | | | | | | | | | | |