ᠤᠷᠳᠤᠰ ᠤᠨ ᠨᠤᠮ ᠤᠨ ᠰᠠᠩ
ᠨᠡᠶᠢᠲᠡᠯᠡᠭᠰᠡᠨ ᠴᠠᠭ᠄
2021/10/21
            ᠮᠤᠩᠭᠤᠯ ᠦᠨᠳᠦᠰᠦᠳᠡᠨ ᠤ ᠲᠡᠯᠡᠬᠡᠢ ᠶᠢᠨ ᠭᠤᠷᠪᠠᠨ ᠲᠤᠯᠭᠤᠷ ᠪᠢᠴᠢᠭ ᠬᠡᠮᠡᠭᠳᠡᠭᠰᠡᠨ ︽ᠮᠤᠩᠭᠤᠯ ᠤᠨ ᠨᠢᠭᠤᠴᠠ ᠲᠤᠪᠴᠢᠶᠠᠨ︾᠂ ︽ᠡᠷᠳᠡᠨᠢ  ᠶᠢᠨ  ᠲᠤᠪᠴᠢ︾᠂ ︽ᠠᠯᠳᠠᠨ ᠳᠣᠪᠴᠢ︾ ᠶᠢᠨ ᠬᠤᠶᠢᠨᠠᠬᠢ ᠬᠤᠶᠠᠷ ᠨᠢ ᠣᠷᠳᠣᠰ ᠲᠤ ᠮᠡᠨᠳᠤᠯᠡᠭᠰᠡᠨ ᠶᠤᠮ᠃ ᠭᠤᠷᠪᠠᠨ ᠲᠤᠯᠭᠤᠷ ᠪᠢᠴᠢᠭ ᠢᠶᠠᠷ ᠭᠤᠤᠯ ᠬᠡᠯᠪᠡᠷᠢ  ᠶᠡᠩᠵᠦ ᠪᠤᠯᠭᠠᠭᠰᠠᠨ ᠤᠷᠳᠤᠰ ᠤᠨ ᠨᠤᠮ ᠤᠨ ᠰᠠᠩ᠂ ᠭᠦᠨ ᠵᠤᠵᠠᠭᠠᠨ ᠨᠤᠮ ᠪᠢᠴᠢᠭ ᠤᠨ ᠰᠣᠶᠤᠯ ᠤᠨ ᠤᠨᠴᠠᠯᠢᠭ ᠢ ᠢᠯᠡᠳᠭᠡᠵᠦ᠂ ᠤᠷᠳᠤᠰ ᠤᠨ ᠰᠤᠶᠤᠯ ᠤᠨ  ᠦᠨᠢ ᠤᠳᠠᠭᠠᠨ ᠲᠡᠤᠬᠡ ᠶᠢ ᠬᠠᠷᠠᠭᠤᠯᠵᠠᠢ᠃ ᠨᠤᠮ ᠤᠨ ᠰᠠᠩ ᠤᠨ ᠪᠠᠷᠢᠯᠭ᠎ᠠ ᠶᠢᠨ ᠶᠡᠷᠦᠩᠬᠡᠢ ᠲᠠᠯᠠᠪᠠᠢ 4.14 ᠲᠦᠮᠡᠨ ᠲᠡᠭᠰᠢ ᠲᠦᠷᠪᠡᠯᠵᠢᠨ ᠮᠧᠲᠷ᠂ ᠭᠠᠵᠠᠷ  ᠠᠴᠠ ᠳᠣᠷᠣᠭᠰᠢ ᠨᠢᠭᠡ ᠲᠠᠪᠬᠤᠷ᠂ ᠭᠠᠵᠠᠷ ᠠᠴᠠ ᠳᠡᠭᠡᠭᠰᠢ ᠨᠠᠢᠮᠠᠨ ᠲᠠᠪᠬᠤᠷ᠂ ᠦᠨᠳᠦᠷ ᠢᠶᠠᠷ ᠢᠶᠠᠨ 39.2 ᠮᠧᠲᠷ᠂ 2300 ᠤᠩᠰᠢᠯᠭ᠎ᠠ  ᠶᠢᠨ ᠰᠠᠭᠤᠳᠠᠯ ᠲᠠᠢ᠂ 5300 ᠴᠢᠮᠡᠭᠡ ᠵᠠᠩᠬᠢ ᠶᠢᠨ ᠴᠡᠭ ᠲᠠᠢ ᠤᠩᠰᠢᠬᠤ᠂ ᠬᠤᠷᠢᠶᠠᠨ ᠬᠠᠳᠠᠭᠠᠯᠬᠤ᠂ ᠰᠤᠳᠤᠯᠬᠤ᠂ ᠰᠣᠯᠢᠯᠴᠠᠬᠤ᠂ ᠰᠡᠯᠡᠭᠦᠴᠡᠬᠦ ᠶᠢ ᠪᠠᠭᠳᠠᠭᠠᠭᠰᠠᠨ ᠰᠤᠶᠤᠯ ᠤᠨ  ᠠᠵᠢᠯᠯᠠᠭ᠎ᠠ ᠶᠢᠨ ᠲᠠᠯᠠᠪᠤᠷ ᠪᠤᠯᠤᠨ᠎ᠠ᠃ ᠨᠤᠮ ᠤᠨ ᠰᠠᠩ ᠨᠢ ᠡᠩ ᠤᠨ ᠲᠤᠯᠭᠤᠷ ᠪᠢᠴᠢᠭ ᠤᠨ ᠴᠢᠮᠡᠭᠡ ᠵᠠᠩᠬᠢ ᠶᠢᠨ ᠦᠢᠯᠡᠴᠢᠯᠡᠬᠦ ᠲᠤᠭᠤᠷᠢᠭ᠂ ᠡᠯᠧᠺᠲᠷᠤᠨ  ᠮᠠᠲ᠋ᠧᠷᠢᠶᠠᠯ ᠤᠨ ᠦᠢᠯᠡᠴᠢᠯᠡᠬᠦ ᠲᠤᠭᠤᠷᠢᠭ᠂ ᠤᠨᠴᠠᠯᠢᠭᠳᠦ ᠲᠤᠯᠭᠤᠷ ᠪᠢᠴᠢᠭ ᠤᠨ ᠰᠣᠷᠪᠤᠯᠵᠢ ᠶᠢᠨ ᠦᠢᠯᠡᠴᠢᠯᠡᠬᠦ ᠲᠤᠭᠤᠷᠢᠭ᠂ ᠺᠢᠨᠣ᠋ ᠳᠦᠷᠰᠣ ᠲᠠᠭᠤᠤ ᠬᠦᠭᠵᠢᠮ  ᠤᠨ ᠮᠡᠳᠡᠭᠦᠯᠤᠯᠳᠡ ᠶᠢᠨ ᠰᠣᠷᠪᠤᠯᠵᠢ ᠶᠢᠨ ᠦᠢᠯᠡᠴᠢᠯᠡᠬᠦ ᠲᠤᠭᠤᠷᠢᠭ᠂ ᠤᠨᠴᠠᠭᠠᠢ ᠬᠦᠮᠦᠰ ᠤᠨ ᠤᠩᠰᠢᠯᠭ᠎ᠠ ᠶᠢᠨ ᠲᠤᠭᠤᠷᠢᠭ᠂ ᠤᠩᠰᠢᠭᠴᠢᠳ ᠤᠨ ᠰᠡᠯᠡᠭᠦᠴᠡᠨ  ᠠᠮᠠᠷᠠᠬᠤ ᠦᠢᠯᠡᠴᠢᠯᠡᠬᠦ ᠲᠤᠭᠤᠷᠢᠭ᠂ ᠨᠤᠮ ᠤᠨ ᠲᠡᠯᠭᠡᠭᠦᠷ ᠵᠡᠷᠭᠡ ᠦᠢᠯᠡᠴᠢᠯᠡᠭᠡ ᠲᠠᠢ ᠨᠢᠭᠡᠨ ᠤᠷᠴᠢᠨ ᠠᠬᠤᠢ ᠲᠤᠬᠢᠯᠢᠭ ᠰᠠᠶᠢᠬᠠᠨ᠂ ᠬᠦᠮᠤᠨ ᠤ ᠤᠷᠮ᠎ᠠ ᠶᠢ  ᠲᠠᠳᠠᠮ᠎ᠠ ᠨᠠᠮ ᠰᠡᠯᠡᠭᠦᠦ ᠤᠯᠤᠰ ᠤᠨ᠂ ᠤᠷᠤᠨ ᠤ᠂ ᠬᠤᠳᠠ ᠶᠢᠨ ᠲᠡᠰ ᠤᠨ ᠨᠢᠭᠡᠳᠦᠭᠡᠷ ᠲᠡᠰ ᠤᠨ ᠤᠯᠠᠨ ᠨᠡᠶᠢᠳᠡ ᠶᠢᠨ ᠨᠤᠮ ᠤᠨ ᠰᠠᠩ ᠶᠤᠮ᠃
2019-11-06-4340c74423-6717-4b2f-b1e2-fa3650145242.jpg 
ᠢᠷᠡᠯᠲᠡ᠄ ᠲᠣᠰ ᠰᠦᠯᠵᠢᠶ᠎ᠡ