ᠪᠠᠶᠠᠰᠣᠯᠳᠣ ᠬᠢᠶ᠎ᠠ ᠪᠠᠭᠠᠷ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ
ᠨᠡᠶᠢᠲᠡᠯᠡᠭᠰᠡᠨ ᠴᠠᠭ᠄
2021/11/19
         ᠪᠠᠶᠠᠰᠣᠯᠳᠣ ᠬᠢᠶ᠎ᠠ ᠪᠠᠭᠠᠷ ᠪᠣᠯ ᠴᠠᠭ ᠤᠨ ᠥᠩᠭᠡ ᠶᠢ ᠳᠠᠭᠠᠭᠰᠠᠨ᠂ ᠵᠤᠭ᠎ᠠ ᠴᠡᠩᠭᠡᠯ᠂ ᠢᠳᠡᠭᠡᠨ ᠤᠮᠳᠠᠭᠠᠨ ᠢ ᠨᠢᠭᠡᠳᠬᠡᠭᠰᠡᠨ ᠬᠤᠲᠠ ᠶᠢᠨ ᠰᠡᠯᠡᠭᠦᠴᠡᠯ ᠤᠨ ᠲᠣᠭᠤᠷᠢᠭ ᠪᠣᠯᠤᠨ᠎ᠠ᠃ ᠲᠠᠯᠠᠪᠠᠶ ᠨᠢ ᠪᠠᠷᠤᠭ 36 ᠾᠧᠺᠲ᠋ᠠᠷ᠂ ᠪᠠᠷᠢᠯᠭ᠎ᠠ ᠶᠢᠨ ᠲᠠᠯᠠᠪᠠᠶ ᠨᠢ ᠪᠠᠷᠤᠭ 2 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 1.2 ᠳ᠋ᠦᠩᠰᠢᠭᠤᠷ ᠲᠥᠭᠦᠷᠢᠭ ᠲᠤ ᠬᠦᠷᠴᠡᠶ᠃ ᠣᠳᠣᠬᠠᠨ ᠳᠤ᠂ ᠵᠡᠭᠡᠯᠢ ᠲᠣᠭᠤᠷᠢᠭ ᠲᠤ ᠠᠷᠢᠬᠢᠨ ᠪᠠᠭᠠᠷ᠂ ᠺᠣᠹᠧ ᠶᠢᠨ ᠳᠢᠩᠬᠢᠮ᠂ KTV᠂ ᠤᠨᠴᠠᠯᠢᠬᠳᠤ ᠬᠤᠭᠤᠯᠠᠨ ᠬᠡᠷ᠂ ᠵᠣᠴᠢᠳ ᠤᠨ ᠪᠠᠭᠤᠳᠠᠯ ᠵᠡᠷᠭᠡ 32 ᠵᠦᠢᠯ ᠤᠨ ᠡᠵᠡᠩᠨᠡᠯᠲᠡ ᠶᠢᠨ ᠪᠠᠶᠢᠳᠠᠯ ᠲᠥᠯᠥᠪ ᠬᠤᠷᠠᠨ ᠴᠤᠭᠯᠠᠷᠠᠵᠠᠶ᠃  
1.jpg
            ᠵᠢᠭᠤᠯᠴᠢᠯᠠᠭᠴᠢᠳ ᠲᠤ ᠣᠳᠣ ᠦᠶ᠎ᠡ ᠶᠢᠨ ᠠᠷᠢᠬᠢᠨ ᠪᠠᠭᠠᠷ ᠤᠨ ᠰᠣᠶᠣᠯ ᠢ ᠣᠶᠢᠯᠠᠭᠠᠭᠤᠯᠬᠤ ᠶᠢᠨ ᠲᠥᠯᠥᠭᠡ᠂ ᠵᠡᠭᠡᠯᠢ ᠲᠣᠭᠤᠷᠢᠭ ᠲᠤ ᠣᠷᠣᠵᠤ ᠰᠠᠭᠤᠭᠰᠠᠨ ᠬᠤᠳᠠᠯᠳᠤᠭᠠᠴᠢᠳ ᠢ ᠴᠥᠮ ᠨᠠᠷᠢᠨ ᠨᠢᠮᠪᠠᠶ ᠰᠢᠯᠢᠵᠦ ᠰᠣᠩᠭᠤᠭᠰᠠᠨ ᠪᠠᠶᠢᠨ᠎ᠠ᠃ ᠬᠤᠳᠠᠯᠳᠤᠭᠠᠴᠢᠨ ᠡᠷᠦᠬᠡ ᠪᠦᠷᠢ ᠥᠪᠡᠷ ᠥᠪᠡᠷ ᠤᠨ ᠣᠨᠴᠠᠯᠢᠭ ᠲᠠᠢ ᠃ ᠺᠣᠹᠧ ᠶᠢᠨ ᠮᠤᠬᠤᠯᠠᠭ ᠲᠤ᠂ ᠲᠤᠷ᠎ᠠ ᠶᠢ ᠪᠤᠯᠢᠶᠠᠮ᠎ᠠ ᠺᠣᠹᠧ ᠶᠢᠨ ᠰᠠᠶᠢᠬᠠᠨ ᠦᠨᠦᠷ ᠬᠠᠩᠬᠤᠯᠵᠤ᠂ ᠠᠷᠢᠬᠢᠨ ᠪᠠᠭᠠᠷ ᠲᠤ᠂ ᠳᠡᠯᠡᠬᠡᠶ ᠶᠢᠨ ᠡᠯ᠎ᠡ ᠭᠠᠵᠠᠷ ᠠᠴᠠ ᠢᠷᠡᠭᠰᠡᠨ ᠫᠢᠸᠤ᠋ ᠨᠢ ᠬᠥᠮᠦᠰ ᠤᠨ ᠠᠮᠳᠠᠨ ᠤ ᠴᠣᠮᠣᠷᠯᠢᠭ ᠲᠤ ᠰᠡᠳᠦᠯᠲᠡ ᠥᠭᠴᠦ᠂ ᠫᠢᠸᠤ᠋ ᠶᠢᠨ ᠰᠣᠶᠣᠯ ᠢ ᠳᠡᠯᠭᠡᠷᠡᠭᠦᠯᠵᠦ ᠪᠠᠶᠢᠳᠠᠭ᠃ ᠢᠳᠡᠭᠡᠨ ᠤᠮᠳᠠᠭᠠᠨ ᠤ ᠳᠡᠯᠭᠡᠭᠦᠷ ᠲᠤ ᠵᠦᠢᠯ ᠵᠢᠰᠦᠮ ᠤᠨ ᠠᠮᠲᠠᠲᠤ ᠢᠳᠡᠭᠡᠨ ᠬᠤᠷᠠᠨ ᠴᠤᠭᠯᠠᠷᠠᠳᠠᠭ᠃    
2.jpg
           ᠪᠠᠶᠠᠰᠣᠯᠳᠣ ᠬᠢᠶ᠎ᠠ ᠪᠠᠭᠠᠷ ᠤᠨ ᠠᠭᠤᠳᠠᠮ ᠲᠠᠯᠠᠪᠠᠶ ᠶᠢᠨ ᠲᠥᠪ ᠤᠨ ᠭᠤᠤᠯ ᠰᠡᠳᠦᠪᠲᠦ ᠱᠤᠭᠤᠮᠠᠯ ᠤᠨ ᠨᠡᠷ᠎ᠡ ᠨᠢ ︽ᠴᠠᠬᠢᠯᠳᠠᠭ ᠳᠠᠬᠢᠨᠢ︾᠂ ᠶᠡᠷᠦᠩᠬᠡᠶ ᠥᠨᠳᠥᠷ ᠨᠢ 18 ᠮᠧᠲᠷ᠂ ᠡᠭᠦᠨ ᠤ ᠳᠣᠲᠣᠷ᠎ᠠ ᠰᠠᠭᠤᠷᠢ ᠨᠢ 3 ᠮᠧᠲᠷ ᠥᠨᠳᠥᠷ᠂ ᠳᠦᠷᠰᠦ ᠪᠦᠲᠦᠭᠡᠯᠲᠡ ᠨᠢ ᠰᠢᠨ᠎ᠡ ᠰᠡᠪᠡᠭᠦᠨ ᠥᠪᠡᠷᠮᠢᠴᠡ ᠣᠨᠴᠠᠯᠢᠭ ᠲᠠᠢ᠃
3.jpg
ᠢᠷᠡᠯᠲᠡ᠄ ᠳᠣᠰ ᠰᠦᠯᠵᠢᠶ᠎ᠡ