ᠬᠢᠶ᠎ᠠ ᠪᠠᠭᠰᠢ ᠲᠣᠭᠤᠷᠢᠭ ᠤᠨ ᠴᠢᠩ ᠴᠦᠨ ᠱᠠᠨ ᠵᠡᠭᠡᠯᠢ ᠭᠤᠳᠤᠮᠵᠢ ᠶᠢᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠦᠷᠦᠯ ᠵᠦᠢᠯ ᠤᠨ ᠲᠤᠷᠰᠢᠯᠭ᠎ᠠ ᠶᠢᠨ ᠰᠣᠯᠢᠯᠴᠠᠭ᠎ᠠ
ᠨᠡᠶᠢᠲᠡᠯᠡᠭᠰᠡᠨ ᠴᠠᠭ᠄
2021/11/22
1.jpg 
           ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠨ᠎ᠠ ᠤᠤ︖᠂ ᠥᠨᠥᠳᠦᠷ ᠪᠢᠳᠡ ᠬᠢᠶ᠎ᠠ ᠪᠠᠭᠰᠢ ᠲᠣᠭᠤᠷᠢᠭ ᠤᠨ ᠴᠢᠩ ᠴᠦᠨ ᠱᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠵᠠᠩ ᠽᠦᠸᠧ ᠢᠦᠶ ᠶᠢ ᠤᠷᠢᠵᠤ᠂ ᠴᠢᠩ ᠴᠦᠨ ᠱᠠᠨ ᠵᠡᠭᠡᠯᠢ ᠭᠤᠳᠤᠮᠵᠢ ᠶᠢᠨ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠢᠯ ᠤᠨ ᠪᠠᠶᠢᠳᠠᠯ ᠢ ᠣᠯᠠᠨ ᠳᠤ ᠲᠠᠨᠢᠯᠴᠠᠭᠤᠯᠤᠶ᠎ᠠ᠃ ᠵᠠᠩ ᠡᠷᠬᠢᠯᠡᠭᠴᠢ ᠡ᠂ ᠲᠠ ᠰᠠᠶᠢᠨ ᠤᠤ︕            ᠵᠠᠩ ᠽᠦᠸᠧ ᠢᠦᠶ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ᠂  ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠢᠷᠡᠭᠰᠡᠨ ᠳᠤ ᠪᠠᠨ ᠮᠠᠰᠢ ᠪᠠᠶᠠᠷᠲᠠᠶ ᠪᠠᠶᠢᠨ᠎ᠠ᠃            ᠬᠥᠲᠥᠯᠥᠭᠴᠢ᠄ ᠡᠨᠡ ᠵᠢᠯ ᠴᠢᠩ ᠴᠦᠨ ᠱᠠᠨ ᠵᠡᠭᠡᠯᠢ ᠭᠤᠳᠤᠮᠵᠢ ᠶᠠᠮᠠᠷ ᠶᠠᠮᠠᠷ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠢᠯ ᠢ ᠥᠷᠨᠢᠭᠦᠯᠦᠭᠰᠡᠨ ᠪᠣᠶ︖ ᠵᠠᠩ ᠡᠷᠬᠢᠯᠡᠭᠴᠢ ᠠᠴᠠ ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠤᠤ︖            ᠵᠠᠩ ᠽᠦᠸᠧ ᠢᠦᠶ᠄ ᠡᠨᠡ ᠵᠢᠯ᠂ ᠮᠠᠨ ᠤ ᠵᠡᠭᠡᠯᠢ ᠭᠤᠳᠤᠮᠵᠢ ᠥᠷᠭᠡᠨ ᠣᠯᠠᠨ ᠰᠠᠭᠤᠭᠠᠯᠢ ᠠᠷᠠᠳ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠂ ᠨᠡᠶᠢᠭᠡᠮ ᠲᠣᠭᠤᠷᠢᠭ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠤ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠸᠢᠴᠠᠲ ᠤᠨ ᠤᠯᠠᠨ ᠨᠡᠶᠢᠲᠡ ᠶᠢᠨ ᠳ᠋ᠤᠭᠠᠷ ᠢᠶᠠᠷ ᠲᠦᠯᠬᠢᠨ ᠬᠦᠷᠭᠡᠬᠦ᠂ ᠡᠷᠤᠭᠡ ᠳᠤ ᠬᠦᠷᠴᠦ ᠰᠤᠷᠪᠤᠯᠵᠢᠯᠠᠬᠤ ᠵᠡᠷᠭᠡ ᠤᠯᠠᠨ ᠵᠦᠢᠯ ᠤᠨ ᠠᠷᠭ᠎ᠠ ᠵᠠᠮ ᠢᠶᠠᠷ ᠲᠦᠷᠦᠯ ᠵᠦᠢᠯ ᠢ ᠥᠷᠭᠡᠨ ᠢᠶᠠᠷ ᠬᠤᠷᠢᠶᠠᠵᠤ᠂ 1 ᠰᠠᠷ᠎ᠠ ᠶᠢᠨ 13 ᠤ ᠡᠳᠦᠷ ᠤᠷᠳᠤᠰ ᠬᠤᠳᠠ ᠶᠢᠨ ᠤᠯᠠᠨ ᠤᠯᠤᠰ ᠤᠨ ᠦᠵᠡᠭᠦᠯᠦᠯᠭᠡ ᠶᠢᠨ ᠲᠥᠪ ᠲᠤ ᠵᠡᠭᠡᠯᠢ ᠭᠤᠳᠤᠮᠵᠢ ᠶᠢᠨ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠦᠷᠦᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠳᠡᠯᠴᠡᠬᠦ ᠶᠡᠭᠡ ᠬᠤᠷᠠᠯ ᠢ ᠬᠤᠷᠠᠯᠳᠣᠭᠤᠯᠣᠨ᠂ ᠵᠥᠪᠳᠡᠯᠴᠡᠬᠦ ᠭᠡᠰᠢᠭᠦᠨ ᠤ ᠪᠢᠯᠧᠲ ᠢᠶᠠᠷ ᠰᠤᠩᠭᠤᠬᠤ ᠪᠠᠷ ᠲᠠᠮᠵᠢᠨ ᠨᠡᠶᠢᠳᠡ 6 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠦᠷᠦᠯ ᠵᠦᠢᠯ ᠢ ᠭᠠᠷᠭᠠᠪᠠ᠃            ᠬᠥᠲᠥᠯᠥᠭᠴᠢ᠄ ᠲᠠ ᠡᠲᠡᠭᠡᠷ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ  ᠵᠦᠢᠯ ᠤᠨ ᠠᠬᠢᠴᠠ ᠶᠢ ᠶᠠᠷᠢᠭᠠᠴᠢ᠃            ᠵᠠᠩ ᠽᠦᠸᠧ ᠢᠦᠶ᠄ ᠡᠨᠡ ᠵᠢᠯ ᠮᠠᠨ ᠤ ᠵᠡᠭᠡᠯᠢ ᠭᠤᠳᠤᠮᠵᠢ ᠶᠢᠨ 6 ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 1185 ᠲᠦᠮᠡ ᠳᠤ ᠬᠦᠷᠴᠦ᠂ ᠠᠵᠢᠯ ᠡᠬᠢᠯᠡᠭᠦᠯᠦᠭᠰᠡᠨ ᠨᠣᠷᠮ᠎ᠠ 100% ᠳᠤ ᠬᠥᠷᠪᠡ᠃           1. ᠡᠩᠬᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠢ ᠨᠢᠭᠡᠨᠲᠡ ᠬᠡᠷᠡᠭᠵᠢᠭᠦᠯᠵᠦ ᠳᠠᠭᠤᠰᠬᠠᠪᠠ ᠂ ᠪᠢᠳᠡ ᠬᠡᠷ ᠪᠠᠶᠢᠰᠢᠩ ᠢ ᠡᠭᠡᠭᠦᠯᠦᠨ ᠬᠤᠳᠠᠯᠳᠤᠨ ᠠᠪᠬᠤ᠂ ᠵᠠᠰᠠᠵᠤ ᠴᠢᠮᠡᠭᠯᠡᠬᠦ᠂ ᠡᠮᠴᠢᠯᠡᠭᠡᠨ ᠤ ᠲᠤᠨᠤᠭ ᠲᠥᠬᠦᠭᠡᠷᠦᠮᠵᠢ ᠬᠤᠳᠠᠯᠳᠤᠨ ᠠᠪᠬᠤ ᠠᠵᠢᠯ ᠢ ᠬᠢᠵᠦ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠮᠴᠢᠯᠡᠭᠡᠨ ᠤ ᠠᠵᠢᠯᠲᠠᠨ ᠢ ᠪᠦᠷᠢᠨ ᠳᠣᠭᠢᠷᠠᠭᠤᠯᠵᠤ᠂ ᠣᠲᠣ ᠨᠢᠭᠡᠨᠲᠡ ᠠᠰᠢᠭᠯᠠᠯᠲᠠ ᠳᠤ  ᠣᠷᠣᠭᠤᠯᠪᠠ ᠃           2. ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠵᠢᠯᠯᠠᠭᠠᠨ ᠤ ᠲᠥᠪ ︵ᠲᠠᠰᠤᠭ︶ ᠢ ᠥᠭᠡᠷᠡᠴᠢᠯᠡᠨ ᠵᠠᠰᠠᠵᠤ ᠴᠢᠮᠡᠭᠯᠡᠬᠦ ᠲᠥᠷᠥᠯ ᠵᠦᠢᠯ ᠤᠨ ᠭᠤᠤᠯᠳᠠᠯᠭ᠎ᠠ ᠶᠢ  ᠵᠦ ᠵᠢᠶᠠᠩ ᠨᠡᠶᠢᠭᠡᠮ ᠲᠣᠭᠤᠷᠢᠭ ᠤᠨ ᠠᠵᠢᠯᠯᠠᠭᠠᠨ ᠤ ᠲᠥᠪ ᠲᠤ ᠬᠠᠨᠳᠤᠭᠤᠯᠤᠨ ᠵᠠᠰᠠᠨ ᠴᠢᠮᠡᠭᠯᠡᠵᠦ  ᠥᠭᠡᠷᠡᠴᠢᠯᠡᠪᠡ᠂ ᠣᠳᠣᠬᠠᠨ ᠳᠤ ᠪᠠᠰᠠ ᠠᠵᠢᠯ ᠤᠨ ᠳᠤᠮᠳᠠ ᠪᠠᠨ ᠪᠠᠶᠢᠵᠤ᠂ ᠵᠢᠱᠢᠯᠲᠡ ᠪᠠᠷ 12 ᠰᠠᠷ᠎ᠠ ᠶᠢᠨ ᠳᠤᠮᠳᠠᠴᠢ ᠪᠠᠷ ᠠᠰᠢᠭᠯᠠᠯᠲᠠ ᠳᠤ ᠣᠷᠣᠭᠤᠯᠤᠨ᠎ᠠ ᠃            3. ᠴᠢᠨᠠᠷ ᠰᠠᠶᠢᠲᠠᠶ ᠰᠠᠭᠤᠭᠠᠯᠢ ᠲᠣᠭᠤᠷᠢᠭ ᠢ ᠳᠡᠭᠡᠭᠰᠢᠯᠡᠭᠦᠯᠬᠦ ᠲᠥᠷᠥᠯ ᠵᠦᠢᠯ ᠳᠤ᠂ ᠪᠢᠳᠡ ᠨᠡᠶᠢᠲᠡ 4 ᠢᠵᠢ ᠬᠡᠤᠬᠡᠳ ᠤᠨ ᠵᠤᠭ᠎ᠠ ᠴᠡᠩᠭᠡᠯ ᠤᠨ ᠲᠥᠬᠦᠭᠡᠷᠦᠮᠵᠢ᠂ 35 ᠢᠵᠢ ᠨᠠᠰᠤᠲᠠᠶᠢᠴᠤᠳ ᠤᠨ ᠰᠢᠲᠠᠷ᠎ᠠ ᠶᠢᠨ ᠰᠠᠭᠤᠳᠠᠯ ᠢ ᠬᠤᠳᠠᠯᠳᠤᠨ ᠠᠪᠴᠤ᠂ ᠬᠠᠷᠢᠶᠠᠲᠤ ᠣᠷᠣᠨ ᠤ ᠵᠠᠯᠠᠭᠤᠴᠤᠳ ᠪᠠᠭᠠᠴᠤᠳ ᠵᠢᠴᠢ ᠨᠠᠰᠤᠲᠠᠶᠢᠴᠤᠳ ᠲᠤ  ᠦᠢᠯᠡᠴᠢᠯᠡᠪᠡ᠃           4. ᠡᠷᠡᠭᠦᠯ ᠡᠩᠬᠡ ᠵᠣᠯ ᠵᠢᠷᠭᠠᠯᠲᠤ ᠬᠡᠷ ᠪᠦᠯᠢ ᠶᠢᠨ ᠲᠥᠷᠥᠯ ᠵᠦᠢᠯ ᠳᠤ ᠦᠷᠡᠵᠢᠯ ᠤᠨ ᠡᠷᠡᠭᠦᠯ ᠮᠡᠨᠳᠦ ᠶᠢᠨ ᠮᠡᠳᠡᠯᠭᠡ᠂ ᠡᠷᠡᠭᠦᠯ ᠲᠥᠷᠥᠭᠦᠯᠵᠦ ᠰᠠᠶᠢᠬᠠᠨ ᠥᠰᠬᠡᠬᠦ ᠮᠡᠳᠡᠯᠭᠡ᠂ ᠲᠥᠯᠥᠪᠯᠡᠭᠡᠲᠦ ᠬᠥᠩᠭᠡᠵᠢᠯ ᠤᠨ ᠠᠰᠠᠭᠤᠳᠠᠯ ᠲᠠᠢ ᠬᠡᠷ ᠪᠦᠯᠢ ᠶᠢᠨ ᠰᠡᠳᠬᠢᠴᠡ ᠶᠢᠨ ᠵᠢᠯᠣᠭᠤᠳᠣᠯᠭ᠎ᠠ ᠵᠡᠷᠭᠡ ᠲᠠᠶᠢᠯᠤᠮᠵᠢ ᠶᠢ ᠨᠡᠶᠢᠲᠡ 12 ᠲᠠᠯᠠᠪᠤᠷ ᠥᠷᠨᠢᠭᠦᠯᠵᠦ᠂ ᠨᠡᠶᠢᠲᠡ 400 ᠰᠠᠭᠤᠭᠠᠯᠢ ᠠᠷᠠᠳ  ᠲᠤ ᠦᠢᠯᠡᠴᠢᠯᠡᠨ᠂ ᠲᠥᠯᠥᠪᠯᠡᠭᠡᠲᠦ ᠬᠥᠩᠭᠡᠵᠢᠯ ᠤᠨ ᠬᠡᠷ ᠪᠦᠯᠢ ᠳᠤ ᠲᠤᠰᠬᠠᠶ ᠮᠡᠷᠭᠡᠵᠢᠯ ᠤᠨ ᠮᠡᠳᠡᠯᠭᠡ ᠪᠠ ᠰᠡᠳᠬᠢᠴᠡ ᠶᠢᠨ ᠵᠢᠯᠣᠭᠤᠳᠣᠯᠭ᠎ᠠ ᠬᠠᠩᠭᠠᠬᠤ ᠪᠠᠷ ᠳᠡᠮᠵᠢᠨ᠂ ᠰᠡᠷᠭᠡᠶᠢᠯᠡᠬᠦ ᠨᠢ ᠡᠮᠨᠡᠬᠦ ᠠᠴᠠ ᠶᠡᠭᠡ᠂ ᠮᠡᠳᠡᠯᠭᠡ ᠥᠬᠡᠶ ᠡᠴᠢᠭᠡ ᠡᠬᠡ ᠪᠣᠯᠬᠤ ᠥᠬᠡᠶ᠂ ᠡᠷᠡᠭᠦᠯ ᠴᠢᠭᠢᠷᠠᠭ ᠰᠢᠯᠢᠳᠡᠭ ᠬᠡᠤᠬᠡᠳ ᠢ ᠪᠤᠶᠢᠵᠢᠭᠤᠯᠬᠤ ᠳᠤ ᠵᠢᠷᠮᠦᠰᠦᠯᠡᠬᠦ ᠠᠴᠠ ᠡᠬᠢᠯᠡᠬᠦ ᠦᠵᠡᠯ ᠤᠬᠠᠮᠰᠠᠷ ᠢ ᠴᠢᠩᠭᠠᠳᠬᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ︽ᠪᠥᠬᠦ ᠶᠠᠪᠤᠴᠠ ᠳᠤ ᠲᠠᠪᠤᠨ ᠰᠢᠯᠢᠳᠡᠭ︾ ᠡᠷᠡᠭᠦᠯ ᠴᠢᠭᠢᠷᠠᠭ ᠵᠣᠯ ᠵᠢᠷᠭᠠᠯᠲᠤ ᠬᠡᠷ ᠪᠦᠯᠢ ᠶᠢ ᠪᠥᠲᠥᠭᠡᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠪᠡ ᠃ ᠠᠷᠠᠳ ᠢᠷᠭᠡᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠷᠡᠭᠦᠯ ᠮᠡᠨᠳᠦ ᠶᠢᠨ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠨᠢᠭᠡᠨᠲᠡ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠠᠷᠠᠳ ᠢᠷᠭᠡᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠥᠪ ᠤᠨ ᠲᠥᠷᠥᠯ ᠵᠦᠢᠯ ᠢ ᠠᠮᠵᠢᠯᠲᠠᠲᠠᠶ ᠭᠤᠶᠤᠴᠢᠯᠠᠨ ᠮᠡᠳᠡᠭᠦᠯᠵᠦ᠂ 450 ᠲᠦᠮᠡᠨ ᠲᠥᠭᠦᠷᠢᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠤᠨ᠂ ᠬᠤᠯᠪᠣᠭᠳᠠᠯ ᠪᠥᠬᠦᠶ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠡᠭᠦᠨ ᠤ ᠵᠡᠷᠭᠡ ᠳᠤ᠂ ᠲᠠᠯᠠᠪᠠᠶ ᠶᠢᠨ ᠪᠥᠵᠢᠭ ᠤᠨ ᠤᠷᠤᠯᠳᠤᠭᠠᠨ᠂ ᠶᠠᠪᠠᠭᠠᠨ ᠤᠷᠤᠯᠳᠤᠭᠠᠨ᠂ ᠡᠴᠢᠭᠡ ᠡᠬᠡ ᠦᠷ᠎ᠡ ᠬᠡᠤᠬᠡᠳ ᠤᠨ ᠲᠠᠮᠢᠷ ᠤᠨ ᠴᠤᠭᠯᠠᠭᠠᠨ᠂ ᠨᠡᠶᠢᠭᠡᠮ ᠲᠣᠭᠤᠷᠢᠭ ᠲᠤ ᠵᠢᠷᠤᠮ ᠤᠨ ᠡᠮᠴᠢᠯᠡᠭᠡ ᠬᠢᠬᠦ ᠵᠡᠷᠭᠡ ᠠᠵᠢᠯᠯᠠᠭ᠎ᠠ ᠶᠢ 40 ᠤᠳᠠᠭ᠎ᠠ  ᠥᠷᠨᠢᠭᠦᠯᠵᠦ᠂ 5000 ᠭᠠᠷᠤᠶ ᠬᠥᠮᠦᠨ ᠳᠤ ᠠᠰᠢᠭ ᠬᠦᠷᠲᠡᠭᠡᠪᠡ᠃           5. ᠵᠡᠮᠳᠡᠭᠴᠦᠳ ᠤᠨ ᠪᠤᠯᠪᠠᠰᠤᠷᠠᠯ ᠤᠨ ᠲᠥᠷᠥᠯ ᠵᠦᠢᠯ ᠳᠤ᠂ ᠬᠠᠷᠢᠶᠠᠲᠤ ᠣᠷᠣᠨ ᠤ  ᠵᠡᠮᠳᠡᠭᠴᠦᠳ ᠢ ᠵᠣᠬᠢᠶᠠᠨ ᠪᠠᠶᠢᠭᠤᠯᠵᠤ ᠭᠠᠷ ᠢᠶᠠᠷ ᠨᠡᠬᠡᠬᠦ᠂ ᠵᠢᠷᠤᠭ ᠵᠢᠷᠤᠬᠤ᠂ ᠬᠠᠳᠬᠤᠮᠠᠯ ᠬᠠᠳᠬᠤᠬᠤ᠂ ᠴᠥᠭᠡᠨ ᠲᠣᠭᠠᠲᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠵᠡᠷᠭᠡ ᠠᠵᠢᠯᠯᠠᠭ᠎ᠠ ᠶᠢ 12 ᠲᠠᠯᠠᠪᠤᠷ ᠤᠳᠠᠭ᠎ᠠ ᠡᠷᠭᠢᠯᠡᠵᠦ᠂ 130 ᠭᠠᠷᠤᠶ ᠬᠥᠮᠦᠨ ᠳᠤ ᠠᠰᠢᠭ ᠭᠥᠷᠳᠡᠪᠡ᠃           6. ᠣᠯᠠᠨ ᠲᠦᠮᠡᠨ ᠤ ᠵᠣᠬᠢᠶᠠᠨ ᠪᠦᠲᠦᠭᠡᠭᠰᠡᠨ ᠤᠳᠬ᠎ᠠ ᠤᠷᠠᠯᠢᠭ ᠤᠨ ᠪᠦᠲᠦᠭᠡᠯ ᠢ ᠲᠡᠳᠬᠦᠨ ᠳᠡᠮᠵᠢᠬᠦ ᠲᠥᠷᠥᠯ ᠵᠦᠢᠯ ᠳᠤ ᠨᠢᠭᠡᠨᠲᠡ ᠡᠯ᠎ᠡ ᠨᠡᠶᠢᠭᠡᠮ ᠲᠣᠭᠤᠷᠢᠭ ᠠᠴᠠ 45 ᠤᠷᠠᠨ ᠪᠢᠴᠢᠯᠭᠡ ᠤᠷᠠᠨ ᠵᠢᠷᠤᠭ ᠤᠨ ᠲᠥᠷᠥᠯ ᠤᠨ ᠪᠦᠲᠦᠭᠡᠯ᠂ 18 ᠬᠡᠯᠡᠨ ᠤ ᠲᠥᠷᠥᠯ ᠤᠨ ᠪᠦᠲᠦᠭᠡᠯ᠂ 58 ᠬᠡᠷᠡᠯ ᠵᠢᠷᠤᠭ ᠤᠨ ᠲᠥᠷᠥᠯ ᠤᠨ ᠪᠦᠲᠦᠭᠡᠯ ᠢ ᠴᠤᠭᠯᠠᠭᠤᠯᠵᠤ᠂ ᠥᠷᠢᠰᠥᠯᠳᠦᠨ ᠲᠣᠭᠯᠠᠬᠤ᠂ ᠳᠡᠯᠭᠡᠨ ᠦᠵᠡᠭᠦᠯᠬᠦ᠂ ᠲᠣᠭᠤᠷᠢᠨ ᠲᠣᠭᠯᠠᠬᠤ ᠵᠡᠷᠭᠡ ᠠᠵᠢᠯᠯᠠᠭ᠎ᠠ ᠶᠢ 40 ᠤᠳᠠᠭ᠎ᠠ ᠥᠷᠨᠢᠭᠦᠯᠪᠡ᠃            ᠬᠥᠲᠥᠯᠥᠭᠴᠢ᠄ ᠲᠠ ︽ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ  ᠵᠦᠢᠯ︾ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠪᠣᠳᠠᠲᠠᠶ ᠶᠠᠷᠢᠭᠠᠷᠠᠶ᠃            ᠵᠠᠩ ᠽᠦᠸᠧ ᠢᠦᠶ᠄ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ  ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠳᠡᠯᠴᠡᠬᠦ ᠲᠦᠷᠢᠮ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠡᠭᠦᠷᠭᠡ ᠴᠢᠳᠠᠪᠤᠷᠢ ᠪᠠᠨ ᠭᠦᠢᠴᠡᠳᠬᠡᠬᠦ‍ ᠨᠢᠭᠡ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠮᠥᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ︽ᠠᠷᠠᠳ ᠤᠨ ᠲᠥᠯᠥᠭᠡ ᠡᠵᠡᠨ ᠮᠡᠳᠡᠵᠤ︾ ᠪᠠᠶᠢᠭᠰᠠᠨ ᠠᠴᠠ ︽ᠠᠷᠠᠳ ᠡᠵᠡᠨ ᠮᠡᠳᠡᠬᠦ︾ ᠪᠣᠯᠭᠠᠨ ᠬᠤᠪᠢᠷᠠᠭᠤᠯᠬᠤ ᠪᠣᠳᠠᠲᠠᠶ ᠦᠢᠯᠡᠳᠦᠯᠭᠡ ᠮᠥᠨ᠃ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ  ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂  ᠤᠯᠠᠮ ᠨᠢᠭᠡ ᠠᠯᠬᠤᠮ ᠠᠷᠠᠳ ᠤᠨ ᠣᠢ ᠪᠢᠯᠢᠭ ᠢ ᠲᠥᠪᠯᠡᠷᠡᠭᠦᠯᠦᠨ᠂ ᠠᠷᠠᠳ ᠤᠨ ᠰᠠᠨᠠᠯ ᠢ ᠰᠣᠨᠣᠰᠴᠤ ᠂ ᠠᠷᠠᠳ ᠤᠨ ᠰᠠᠨᠠᠭ᠎ᠠ ᠳᠤ ᠨᠡᠶᠢᠴᠡᠭᠦᠯᠬᠦ ᠶᠢᠨ ᠲᠥᠯᠥᠭᠡ ᠶᠤᠮ᠂ ᠡᠨᠡ ᠪᠣᠯ ᠦᠨᠳᠦᠰᠦᠨ ᠱᠠᠲᠤᠨ ᠤ ᠠᠷᠠᠳᠴᠢᠯᠠᠯ ᠢ ᠬᠠᠶᠢᠨ ᠰᠦᠪᠡᠭᠴᠢᠯᠡᠬᠦ ᠦᠢᠯᠡᠳᠦᠯᠭᠡ ᠶᠢᠨ ᠬᠡᠯᠪᠡᠷᠢ ᠮᠥᠨ᠃            ᠬᠥᠲᠥᠯᠥᠭᠴᠢ᠄ ᠵᠠᠩ ᠡᠷᠬᠢᠯᠡᠭᠴᠢ ᠥᠨᠥᠳᠦᠷ ᠰᠤᠷᠪᠤᠯᠵᠢᠯᠠᠭ᠎ᠠ ᠶᠢᠨ ᠪᠤᠯᠤᠩ ᠳᠤ ᠰᠠᠭᠠᠳᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠪᠢᠳᠡ ᠴᠢᠩ ᠴᠦᠨ ᠱᠠᠨ ᠵᠡᠭᠡᠯᠢ ᠭᠤᠳᠤᠮᠵᠢ ᠶᠢᠨ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠶ ᠠᠩᠬ᠎ᠠ ᠠᠯᠬᠤᠮ ᠤᠨ ᠣᠶᠢᠯᠠᠭᠠᠯᠲᠠ ᠲᠠᠢ ᠪᠣᠯᠪᠠ᠃            ᠵᠠᠩ ᠽᠦᠸᠧ ᠢᠦᠢ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠤᠨ ᠴᠢᠩ ᠴᠦᠨ ᠱᠠᠨ ᠵᠡᠭᠡᠯᠢ ᠭᠤᠳᠤᠮᠵᠢ ᠶᠢᠨ ᠠᠵᠢᠯ ᠢ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠪᠠᠶᠠᠷᠲᠠᠢ︕
ᠢᠷᠡᠯᠲᠡ᠄ ᠳᠣᠰ ᠰᠦᠯᠵᠢᠶ᠎ᠡ