ᠭᠤᠤᠯ ᠴᠡᠴᠡᠷᠯᠢᠭ
ᠨᠡᠶᠢᠲᠡᠯᠡᠭᠰᠡᠨ ᠴᠠᠭ᠄
2021/11/25

1.jpg

          ᠭᠤᠤᠯ ᠴᠡᠴᠡᠷᠯᠢᠭ ᠨᠢ ᠬᠢᠶ᠎ᠠ ᠪᠠᠭᠰᠢ ᠲᠣᠭᠤᠷᠢᠭ ᠤᠨ ᠤᠷᠳᠤᠰ ᠶᠡᠭᠡ ᠵᠡᠭᠡᠯᠢ ᠠᠴᠠ ᠤᠮᠠᠷᠠᠰᠢ᠂ ᠬᠤᠳᠠ ᠶᠢᠨ ᠵᠠᠰᠠᠭ ᠤᠨ ᠣᠷᠳᠣᠨ ᠤ ᠬᠤᠶᠢᠲᠤ

ᠵᠡᠭᠡᠯᠢ ᠠᠴᠠ ᠡᠮᠦᠨᠡᠰᠢ᠂ ᠺᠠᠩ ᠨᠢᠩ ᠵᠠᠮ ᠠᠴᠠ ᠪᠠᠷᠠᠭᠤᠨᠰᠢ᠂ ᠤᠷᠠᠨ ᠲᠦᠰᠢ ᠵᠠᠮ ᠠᠴᠠ ᠵᠡᠭᠦᠨᠰᠢ ᠪᠠᠨ ᠪᠠᠶᠢᠳᠠᠭ᠃ ᠴᠡᠴᠡᠷᠯᠢᠭ ᠢ 2010 ᠣᠨ ᠳᠤ ᠪᠠᠶᠢᠭᠤᠯᠵᠤ᠂

ᠬᠦᠯᠭᠡ ᠪᠠ ᠠᠭᠤᠯᠠ ᠪᠡᠯ ᠪᠠᠷ ᠭᠤᠣᠯ ᠪᠤᠯᠭᠠᠪᠠ᠃ ᠴᠡᠴᠡᠷᠯᠢᠭ ᠤᠨ ᠵᠢᠷᠤᠭ ᠲᠥᠯᠥᠪᠯᠡᠭᠡ ᠨᠢ ᠠᠮᠢ ᠠᠬᠤᠶ ᠪᠠ ᠬᠥᠮᠦᠨ ᠢᠶᠠᠷ ᠦᠨᠳᠦᠰᠦ ᠪᠣᠯᠭᠠᠬᠤ ᠵᠠᠷᠴᠢᠮ ᠢ

ᠪᠠᠷᠢᠮᠳᠠᠯᠠᠨ᠂ ᠰᠣᠶᠣᠯ᠂ ᠰᠢᠨᠵᠢᠯᠡᠬᠦ ᠤᠬᠠᠭᠠᠨ᠂ ᠰᠢᠨ᠎ᠡ ᠰᠣᠷᠭᠤᠭ᠂ ᠰᠣᠯᠢᠯᠴᠠᠭ᠎ᠠ᠂  ᠨᠡᠶᠢᠯᠡᠮᠡᠯ ᠵᠡᠷᠭᠡ ᠣᠨᠴᠠᠯᠢᠭ ᠢ ᠳᠣᠪᠤᠶᠢᠯᠭᠠᠵᠤ᠂ ᠤᠤᠯ ᠤᠨ ᠭᠠᠵᠠᠷ ᠤᠨ

ᠪᠠᠶᠢᠴᠠ ᠶᠢ ᠭᠦᠢᠴᠡᠳ ᠠᠰᠢᠭᠯᠠᠭᠰᠠᠨ ᠰᠠᠭᠤᠷᠢᠨ ᠳᠡᠭᠡᠷ᠎ᠡ᠂ ᠥᠨᠳᠥᠷ ᠭᠠᠵᠠᠷ ᠲᠤ ᠠᠭᠤᠯᠠ ᠪᠤᠰᠬᠠᠨ᠂ ᠳᠣᠣᠷ᠎ᠠ ᠭᠠᠵᠡᠷ ᠣᠰᠣ ᠳᠠᠳᠠᠵᠤ᠂ ᠨᠠᠯᠤ ᠭᠠᠵᠠᠷ ᠲᠤ

ᠪᠠᠷᠢᠵᠤ᠂ ᠡᠭᠴᠡ ᠭᠠᠵᠠᠷ ᠲᠤ ᠳᠠᠷᠢᠵᠤ᠂ ᠰᠠᠷᠭᠠᠶ ᠶᠢᠨ ᠳᠠᠯᠠᠪᠤᠷ᠂ ᠦᠵᠡᠭᠦᠯᠦᠯᠭᠡ ᠶᠢᠨ ᠳᠠᠯᠠᠪᠤᠷ᠂ ᠦᠵᠡᠭᠦᠯᠦᠯᠭᠡ ᠶᠢᠨ ᠣᠷᠣᠨ ᠵᠠᠶ᠂ ᠬᠤᠸᠠᠷ ᠴᠡᠴᠡᠭ ᠤᠨ

ᠲᠤᠭᠤᠷᠢᠭ ᠪᠠ ᠡᠭᠦᠯᠳᠡᠷ ᠤᠷᠤᠭᠤᠯᠵᠤ ᠳᠠᠰᠬᠠᠨ ᠪᠤᠯᠪᠠᠰᠤᠷᠠᠭᠤᠯᠬᠤ ᠲᠤᠭᠤᠷᠢᠭ ᠵᠡᠷᠭᠡ ᠴᠢᠬᠤᠯᠠ ᠣᠷᠣᠨ ᠵᠠᠶ ᠶᠢᠨ ᠵᠠᠩᠭᠢᠯᠠᠭ᠎ᠠ ᠶᠢᠨ ᠴᠡᠭ ᠢ ᠵᠢᠷᠤᠵᠤ ᠲᠥᠯᠥᠪᠯᠡᠨ᠂

ᠭᠠᠵᠠᠷ ᠪᠣᠯᠭᠠᠨ ᠤ ᠬᠡᠪ ᠨᠠᠮᠪᠠ ᠨᠢ ᠨᠢᠭᠡᠳᠦᠯᠲᠡᠶ ᠪᠣᠯᠪᠠᠴᠤ ᠬᠡᠯᠪᠡᠷᠢ ᠨᠢ ᠡᠷᠡᠰ ᠣᠨᠳᠣᠣ ᠪᠠᠶᠢᠵᠤ᠂ ᠣᠯᠠᠨ ᠳᠠᠪᠬᠤᠷᠭᠠᠲᠤ᠂ ᠣᠯᠠᠨ ᠬᠠᠷᠠᠭᠠᠨ ᠴᠡᠭ ᠲᠠᠢ ᠪᠡᠶᠡᠲᠦ

ᠦᠵᠡᠮᠵᠢ ᠶᠢ ᠪᠦᠷᠢᠯᠳᠦᠭᠦᠯᠦᠭᠰᠡᠨ ᠪᠠᠶᠢᠨ᠎ᠠ᠃ ᠴᠡᠴᠡᠷᠯᠢᠭ ᠪᠣᠯᠤᠨ ᠤᠷᠳᠤᠰ ᠤᠨ ᠤᠯᠠᠨ ᠤᠯᠤᠰ ᠤᠨ ᠦᠵᠡᠭᠦᠯᠤᠯᠭᠡ ᠶᠢᠨ ᠲᠦᠪ ᠲᠠᠢ ᠬᠠᠷᠢᠯᠴᠠᠨ

ᠬᠠᠪᠰᠤᠷᠤᠯᠴᠠᠵᠤ ᠬᠠᠷᠢᠯᠴᠠᠨ ᠲᠤᠪᠤᠶᠢᠯᠭᠠᠵᠦ᠂ ᠴᠢᠨᠠᠷ ᠰᠠᠶᠢᠲᠠᠢ ᠬᠤᠳᠠ ᠶᠢᠨ ᠲᠥᠪ ᠤᠨ ᠨᠡᠭᠡᠭᠡᠯᠲᠡᠲᠦ ᠴᠢᠨᠠᠷᠲᠠᠢ ᠭᠤᠣᠯ ᠰᠡᠳᠦᠪᠲᠦ ᠴᠡᠴᠡᠷᠯᠢᠭ ᠢ ᠪᠠᠶᠢᠭᠤᠯᠤᠨ᠂

ᠬᠤᠳᠠ ᠶᠢᠨ ᠰᠢᠨ᠎ᠡ ᠦᠵᠡᠮᠵᠢ ᠶᠢᠨ ︽ᠢᠯᠡ ᠵᠠᠬᠢᠳᠠᠯ︾ ᠢ ᠡᠭᠦᠳᠴᠡᠢ᠃

2.jpg

3.jpg

4.jpg

5.jpg

6.jpg

 

ᠢᠷᠡᠯᠲᠡ᠄ ᠳᠣᠰ ᠰᠦᠯᠵᠢᠶ᠎ᠡ