ᠶᠡᠭᠡ  ᠤᠪᠤᠭ᠎ᠠ
ᠨᠡᠶᠢᠲᠡᠯᠡᠭᠰᠡᠨ ᠴᠠᠭ᠄
2021/11/25
       ᠬᠢᠶ᠎ᠠ ᠪᠠᠭᠰᠢ ᠶᠢᠨ ᠶᠡᠭᠡ ᠣᠪᠣᠭ᠎ᠠ ᠨᠢ ︽ᠳᠤᠮᠳᠠᠳᠤ ᠤᠯᠤᠰ ᠤᠨ ᠨᠢᠭᠡᠳᠦᠭᠡᠷ ᠣᠪᠣᠭ᠎ᠠ︾ ᠬᠡᠮᠡᠭᠳᠡᠪᠡ᠃

1.jpg

       ᠶᠡᠭᠡ ᠤᠪᠤᠭ᠎ᠠ ᠶᠢ ᠬᠢᠶ᠎ᠠ ᠪᠠᠭᠰᠢ ᠬᠠᠮᠤᠭ ᠤᠨ ᠥᠨᠳᠥᠷ ᠠᠭᠤᠯᠠᠨ ᠤᠷᠤᠢ ᠳᠤ ᠪᠠᠶᠢᠭᠤᠯᠵᠤ᠂ ᠤᠪᠤᠭ᠎ᠠ ᠶᠢᠨ ᠶᠡᠷᠦᠩᠬᠡᠶ ᠥᠨᠳᠥᠷ ᠤᠨ ᠬᠡᠮᠵᠢᠶ᠎ᠡ ᠨᠢ 57.4

ᠮᠧᠲᠷ᠂ ᠲᠠᠯᠠᠪᠠᠢ ᠨᠢ 2289 ᠲᠡᠭᠰᠢ ᠳᠥᠷᠪᠡᠯᠵᠢᠨ ᠮᠧᠲᠷ᠃ ᠶᠡᠭᠡ ᠤᠪᠤᠭ᠎ᠠ ᠨᠢ ᠮᠣᠩᠭᠤᠯ ᠦᠨᠳᠦᠰᠦᠳᠠᠨ ᠤ ᠣᠪᠣᠭᠠᠨ ᠳᠠᠬᠢᠯᠭ᠎ᠠ ᠶᠢᠨ ᠰᠣᠶᠣᠯ ᠢ ᠤᠯᠠᠮᠵᠢᠯᠠᠨ᠂

ᠮᠤᠩᠭᠤᠯᠴᠣᠳ ᠲᠤ ᠨᠤᠳᠤᠭ ᠪᠡᠯᠴᠢᠭᠡᠷ ᠲᠠᠩᠰᠤᠭ ᠰᠠᠶᠢᠬᠠᠨ ᠳᠠᠬᠢᠯᠭ᠎ᠠ ᠶᠢᠨ ᠣᠷᠴᠢᠨ ᠲᠣᠭᠤᠷᠢᠨ ᠢ ᠬᠠᠩᠭᠠᠬᠤ ᠶᠢᠨ ᠬᠠᠮᠲᠤ ᠵᠢᠭᠤᠯᠴᠢᠯᠠᠭᠰᠠᠳ ᠤᠨ ᠮᠣᠩᠭᠤᠯ

ᠰᠣᠶᠣᠯ ᠤᠨ ᠲᠤᠬᠠᠢ ᠣᠶᠢᠯᠠᠭᠠᠯᠲᠠ ᠶᠢ ᠴᠢᠩᠭᠠᠳᠬᠠᠵᠤ᠂ ᠬᠢᠶ᠎ᠠ ᠪᠠᠭᠰᠢ ᠵᠢᠭᠤᠯᠴᠢᠯᠠᠯ ᠤᠨ ᠣᠷᠣᠨ ᠤ ᠤᠷᠠᠯᠢᠭ ᠤᠨ ᠠᠭᠤᠷ ᠠᠮᠢᠰᠬᠤᠯ ᠢ ᠲᠤᠪᠤᠶᠢᠯᠭᠠᠵᠠᠢ ᠃

3.jpg

       ᠶᠡᠭᠡ ᠤᠪᠤᠭ᠎ᠠ ᠨᠢ ᠳᠡᠭᠡᠷ᠎ᠡ ᠳᠣᠣᠷ᠎ᠠ ᠬᠤᠶᠠᠷ ᠬᠡᠰᠡᠭ ᠢᠶᠠᠷ ᠪᠦᠷᠢᠯᠳᠦᠵᠦ᠂ ᠳᠡᠭᠡᠷ᠎ᠡ ᠬᠠᠭᠠᠰ ᠬᠡᠰᠡᠭ ᠨᠢ ᠲᠤᠮᠤ ᠬᠡᠯᠪᠡᠷᠢ ᠶᠢᠨ ᠰᠦᠯᠳᠡ᠂ ᠴᠢᠯᠠᠭᠤ ᠪᠠᠷ

ᠦᠷᠦᠵᠤ ᠪᠣᠰᠬᠠᠭᠰᠠᠨ ᠱᠣᠷᠣᠯᠵᠢᠨ ᠣᠪᠣᠭ᠎ᠠ᠂ ᠦᠵᠡᠮᠵᠢ ᠰᠣᠨᠢᠷᠬᠠᠬᠤ ᠲᠠᠪᠴᠠᠩ ᠢᠶᠠᠷ ᠪᠦᠷᠢᠯᠳᠦᠵᠦ᠂ ᠳᠣᠣᠷ᠎ᠠ ᠬᠠᠭᠠᠰ ᠬᠡᠰᠡᠭ ᠨᠢ ᠳᠠᠬᠢᠯᠭ᠎ᠠ ᠶᠢᠨ ᠲᠠᠪᠴᠠᠩ ᠪᠠ

ᠠᠭᠤᠯᠠ ᠲᠠᠢ  ᠤᠶᠠᠯᠳᠤᠭᠤᠯᠤᠭᠰᠠᠨ ᠴᠢᠯᠠᠭᠤᠨ ᠦᠷᠦᠮᠠᠯ ᠢᠶᠠᠷ ᠪᠦᠷᠢᠯᠳᠦᠵᠡᠶ᠃ 

4.jpg

       ᠬᠢᠶ᠎ᠠ ᠪᠠᠭᠰᠢ ᠳᠤ ᠥᠨᠳᠥᠷ ᠲᠤ ᠭᠠᠷᠴᠤ ᠠᠯᠤᠰ ᠢ ᠪᠠᠷᠠᠯᠠᠶ᠎ᠠ ᠭᠡᠪᠡᠯ᠂ ᠶᠡᠭᠡ ᠣᠪᠣᠭ᠎ᠠ ᠪᠣᠯ ᠲᠡᠷᠢᠭᠦᠨ ᠰᠣᠩᠭᠤᠯᠲᠠ ᠶᠢᠨ ᠭᠠᠵᠠᠷ ᠪᠣᠯᠤᠨ᠎ᠠ᠃ ᠡᠳᠦᠷ ᠢᠶᠠᠷ

ᠶᠡᠭᠡ ᠣᠪᠣᠭ᠎ᠠ ᠶᠢᠨ ᠬᠠᠮᠤᠭ ᠤᠨ ᠥᠨᠳᠥᠷ ᠴᠡᠭ ᠲᠤ ᠵᠣᠭᠰᠣᠬᠤ ᠳᠤ ᠬᠢᠶ᠎ᠠ ᠪᠠᠭᠰᠢ ᠶᠢᠨ ᠰᠠᠶᠢᠬᠠᠨ ᠦᠵᠡᠮᠵᠢ ᠲᠣᠪ ᠲᠣᠳᠣᠷᠬᠠᠶ ᠬᠠᠷᠠᠭᠳᠠᠨ᠎ᠠ᠃ ᠣᠷᠣᠶ

ᠪᠣᠯᠬᠤ ᠳᠤ᠂ ᠶᠡᠭᠡ ᠣᠪᠣᠭ᠎ᠠ ᠶᠢᠨ ᠳ᠋ᠧᠩ ᠤᠨ ᠬᠡᠷᠡᠯ ᠢ ᠭᠡᠷᠡᠯᠲᠦᠭᠦᠯᠬᠦ ᠳᠤ  ᠦᠵᠡᠮᠵᠢ ᠭᠤᠶᠣ᠂ ᠵᠢᠷᠤᠭ ᠰᠡᠬᠦᠳᠡᠷ ᠳᠠᠳᠠᠬᠤ ᠳᠤ ᠮᠠᠰᠢ ᠲᠣᠬᠢᠷᠠᠮᠵᠢᠲᠠᠶ᠂

ᠠᠭᠤᠯᠠᠨ ᠳᠤ ᠭᠠᠷᠬᠤ ᠠᠴᠠ ᠪᠠᠨ ᠡᠮᠦᠨ᠎ᠡ ᠬᠤᠪᠴᠠᠰᠤ ᠬᠤᠨᠠᠷ ᠢᠶᠠᠨ ᠨᠡᠮᠡᠬᠦ ᠪᠠᠨ ᠪᠢᠲᠡᠭᠡᠶ ᠮᠠᠷᠲᠠᠭᠠᠷᠠᠶ᠃

5.jpg

6.jpg

7.jpg

8.jpg

ᠢᠷᠡᠯᠲᠡ᠄ ᠳᠣᠰ ᠰᠦᠯᠵᠢᠶ᠎ᠡ