ᠬᠢᠶ᠎ᠠ ᠪᠠᠭᠰᠢ ᠲᠣᠭᠤᠷᠢᠭ ᠤᠨ ᠰᠢᠭᠤᠳ ᠬᠦᠷᠬᠦ ᠪᠡᠯᠡ ᠮᠥᠩᠭᠦ ᠶᠢᠨ ᠬᠡᠷᠡᠭᠯᠡᠯᠲᠡ  ᠬᠠᠮᠢᠶᠠᠷᠤᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2021/11/26
  W020211022488921351811.jpg
    ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ  ᠤᠤ︖ ᠥᠨᠥᠳᠦᠷ ᠪᠢᠳᠡ ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠤᠪᠴᠢᠶᠠᠨ  ᠳᠠᠷᠤᠭ᠎ᠠ ᠸᠠᠩ ᠰᠢᠶᠤᠤ ᠳ᠋ᠠᠨ ᠢ ᠤᠷᠢᠵᠤ᠂ ᠬᠢᠶ᠎ᠠ ᠪᠠᠭᠰᠢ ᠲᠣᠭᠤᠷᠢᠭ ᠤᠨ ᠰᠢᠭᠤᠳ  ᠬᠦᠷᠬᠦ  ᠪᠠᠯᠠ ᠮᠥᠩᠭᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠪᠠᠶᠢᠳᠠᠯ ᠢ ᠣᠯᠠᠨ ᠳᠤ ᠲᠠᠨᠢᠯᠴᠠᠭᠤᠯᠤᠶ᠎ᠠ᠃ ᠸᠠᠩ ᠲᠣᠪᠴᠢᠶᠠᠨ ᠳᠠᠷᠤᠭ᠎ᠠ ᠂ ᠲᠠ  ᠰᠠᠶᠢᠨ  ᠤᠤ︕     ᠸᠠᠩ ᠰᠢᠶᠤᠤ ᠳ᠋ᠠᠨ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ  ᠤᠤ᠂ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ  ᠵᠤᠴᠢᠯᠠᠵᠤ ᠢᠷᠡᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃     ᠬᠥᠲᠥᠯᠥᠭᠴᠢ᠄ ᠡᠳ᠋ ᠤᠨ ᠵᠠᠰᠠᠭ ᠪᠣᠯ ᠤᠯᠤᠰ  ᠵᠠᠰᠠᠬᠤ ᠶᠢᠨ ᠰᠠᠭᠤᠷᠢ ᠪᠠ ᠴᠢᠬᠤᠯᠠ ᠲᠤᠯᠭᠠᠭᠤᠷᠢ ᠮᠥᠨ᠂ ᠬᠢᠶ᠎ᠠ ᠪᠠᠭᠰᠢ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠨᠢ ᠡᠳ᠋ ᠤᠨ ᠵᠠᠰᠠᠭ ᠤᠨ ᠳᠡᠮᠵᠢᠯᠭᠡ ᠪᠠ ᠪᠠᠲᠤᠯᠠᠭ᠎ᠠ ᠠᠴᠠ ᠰᠠᠯᠵᠤ ᠴᠢᠳᠠᠬᠤ ᠥᠬᠡᠶ ᠭᠡᠳᠡᠭ ᠢ ᠪᠢᠳᠡ ᠪᠦᠷ ᠮᠡᠳᠡᠵᠦ ᠪᠠᠶᠢᠨ᠎ᠠ᠂ ᠥᠨᠥᠳᠦᠷ ᠪᠢᠳᠡ ᠤᠯᠤᠰ ᠤᠨ ᠰᠢᠨ᠎ᠡ   ᠶᠢ ᠡᠭᠦᠳᠦᠨ   ᠰᠢᠭᠤᠳ  ᠬᠦᠷᠬᠦ ᠲᠣᠭᠲᠠᠴᠠ  ᠶᠢ ᠬᠡᠷᠡᠭᠯᠡᠬᠦ  ᠭᠡᠬᠦ ᠡᠨᠡ ᠬᠦ ᠰᠡᠳᠦᠪ  ᠤᠨ ᠲᠤᠭᠤᠷᠢᠨ ᠳᠤ ᠂ ᠸᠠᠩ ᠲᠣᠪᠴᠢᠶᠠᠨ ᠳᠠᠷᠤᠭ᠎ᠠ  ᠲᠠᠶᠠᠭᠠᠷ ᠲᠤ ᠰᠢᠭᠤᠳ  ᠬᠦᠷᠬᠦ ᠪᠠᠯᠠ ᠮᠥᠩᠭᠦ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ ᠥᠭᠬᠦ ᠶᠢ ᠬᠦᠰᠡᠵᠦ ᠪᠠᠶᠢᠨ᠎ᠠ᠃  ᠸᠠᠩ ᠰᠢᠶᠤᠤ ᠳ᠋ᠠᠨ᠄ ᠬᠥᠲᠥᠯᠥᠭᠴᠢ ᠶᠢᠨ ᠬᠡᠯᠡᠭᠰᠡᠨ ᠮᠠᠰᠢ ᠵᠦᠢᠲᠡᠶ᠂ ᠡᠳ᠋ ᠤᠨ ᠵᠠᠰᠠᠭ ᠤᠨ ᠪᠡᠯᠡ ᠮᠥᠩᠭᠦ  ᠰᠢᠭᠤᠳ  ᠬᠦᠷᠬᠦ ᠲᠣᠭᠲᠠᠴᠠ ᠶᠢ ᠬᠡᠷᠡᠭᠵᠢᠭᠦᠯᠬᠦ ᠪᠣᠯ ᠬᠤᠷᠸ᠎ᠠ ᠲᠣᠬᠢᠷᠠᠭᠤᠯᠤᠯ  ᠤᠨ ᠲᠠᠯ᠎ᠠ ᠪᠠᠷ ᠰᠢᠨ᠎ᠡ ᠶᠢ ᠡᠭᠦᠳᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ 2020 ᠣᠨ ᠬᠢᠵᠢᠭ ᠤᠨ ᠪᠠᠶᠢᠳᠠᠯ ᠤᠨ ᠠᠵᠤ ᠠᠬᠤᠶ ᠳᠤ ᠤᠴᠠᠷᠠᠭᠤᠯᠤᠭᠰᠠᠨ ᠬᠦᠨᠳᠦ ᠨᠣᠴᠢᠲᠠᠶ ᠲᠠᠭᠠᠷᠢᠯᠳᠠ ᠶᠢᠨ ᠡᠮᠦᠨ᠎ᠡ᠂ ᠤᠯᠤᠰ ᠠᠴᠠ ᠬᠡᠪᠴᠢᠶᠡᠲᠦ ᠴᠢᠨᠠᠷᠲᠠᠶ ᠬᠦᠴᠢᠷᠳᠡᠯ ᠢ  ᠰᠢᠢᠳᠪᠦᠷᠢᠯᠡᠬᠦ  ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂  ᠰᠢᠨ᠎ᠡ  ᠶᠢ  ᠡᠭᠦᠳᠦᠨ ᠰᠢᠭᠤᠳ  ᠬᠦᠷᠬᠦ ᠲᠣᠭᠲᠠᠴᠠ  ᠶᠢ  ᠬᠡᠷᠡᠭᠯᠡᠵᠦ  ᠂ ᠲᠥᠪ ᠤᠨ ᠡᠳ᠋ ᠤᠨ ᠵᠠᠰᠠᠭ ᠠᠴᠠ ᠪᠠᠭᠤᠯᠭᠠᠭᠰᠠᠨ 17 ᠲᠦᠮᠡᠨ ᠳ᠋ᠦᠩᠰᠢᠭᠤᠷ ᠲᠥᠭᠦᠷᠢᠭ ᠤᠨ ︽ᠠᠮᠢ ᠠᠪᠤᠷᠠᠬᠤ ᠵᠣᠭᠤᠰ︾ ᠢ ᠰᠢᠭᠤᠳ ᠦᠨᠳᠦᠰᠦᠨ ᠱᠠᠲᠤᠨ ᠳᠤ ᠪᠠᠭᠤᠯᠭᠠᠵᠤ᠂ ᠬᠠᠮᠤᠭ ᠬᠤᠷᠳᠤᠨ ᠳᠠᠭᠠᠨ 7 ᠡᠳᠦᠷ ᠲᠤ  ᠬᠦᠷᠴᠦ ᠂ ᠠᠷᠠᠳ ᠤᠨ ᠠᠮᠢᠳᠤᠷᠠᠯ ᠢ ᠪᠠᠲᠤᠯᠠᠬᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠡᠷᠭᠡ ᠲᠦᠷᠦ ᠶᠢᠨ ᠪᠤᠳᠤᠯᠭ᠎ᠠ ᠶᠢ ᠡᠯ᠎ᠡ ᠭᠠᠵᠠᠷ ᠲᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦᠲᠡᠶ ᠠᠬᠢᠭᠤᠯᠪᠠ᠃ 2021 ᠣᠨ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠤᠷᠸ᠎ᠠ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ᠂  ᠠᠰᠢᠭᠲᠤ ᠴᠢᠨᠠᠷ ᠢ  ᠪᠠᠷᠢᠮᠲᠠᠯᠠᠵᠤ ᠰᠢᠭᠤᠳ ᠬᠦᠷᠬᠦ ᠲᠣᠭᠲᠠᠴᠠ ᠶᠢ ᠪᠠᠶᠢᠩᠭᠤᠵᠢᠭᠤᠯᠵᠤ ᠪᠠᠶᠢᠭᠰᠠᠨ ᠢ ᠳᠦᠷᠢᠮ ᠤᠨ ᠴᠢᠨᠠᠷᠲᠠᠶ ᠲᠣᠬᠢᠷᠠᠭᠤᠯᠤᠯᠲᠠ ᠪᠣᠯᠭᠠᠨ ᠳᠡᠭᠡᠭᠰᠢᠯᠡᠭᠦᠯᠵᠦ᠂ ᠲᠥᠪ ᠤᠨ ᠰᠢᠭᠤᠳ  ᠬᠦᠷᠬᠦ ᠪᠡᠯᠡ ᠮᠥᠩᠭᠦ ᠶᠢᠨ ᠬᠡᠪᠴᠢᠶ᠎ᠡ ᠶᠢ ᠵᠣᠬᠢᠰᠲᠠᠶ ᠪᠠᠷ ᠥᠷᠭᠡᠳᠬᠡᠵᠦ᠂ ᠲᠥᠪ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠨᠥᠬᠦᠪᠥᠷᠢ ᠶᠢᠨ ᠡᠯ᠎ᠡ ᠵᠦᠢᠯ ᠤᠨ ᠪᠡᠯᠡ ᠮᠥᠩᠭᠦ ᠶᠢ ᠪᠦᠬᠦᠯᠢ ᠴᠣᠭᠴᠠ ᠪᠠᠷ ᠨᠢ ᠰᠢᠭᠤᠳ  ᠬᠦᠷᠬᠦ ᠬᠡᠪᠴᠢᠶᠡᠨ ᠳᠤ ᠣᠷᠣᠭᠤᠯᠵᠤ᠂ ᠨᠡᠩ ᠤᠯᠠᠨ ᠡᠳ᠋ ᠤᠨ ᠬᠦᠴᠦᠨ ᠢ ᠲᠥᠪᠯᠡᠷᠡᠭᠦᠯᠵᠦ ᠪᠠᠶᠢᠭᠠᠳ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠦᠨᠳᠦᠰᠦᠨ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠦᠨᠳᠦᠰᠦᠨ ᠣᠷᠣᠭᠤᠯᠤᠯᠲᠠ ᠶᠢ ᠨᠡᠮᠡᠭᠳᠡᠭᠦᠯᠵᠦ᠂ ᠪᠡᠯᠡ ᠮᠥᠩᠭᠦ ᠶᠢ ᠤᠯᠠᠨ ᠲᠦᠮᠡᠨ᠂ ᠠᠵᠤ ᠠᠬᠤᠶᠢᠯᠠᠯ ᠤᠨ ᠬᠦᠰᠡᠵᠦ ᠪᠠᠶᠢᠭ᠎ᠠ ᠴᠢᠭᠯᠡᠯ ᠪᠠ ᠬᠦᠷᠢᠶ᠎ᠡ ᠵᠢᠴᠢ ᠦᠨᠳᠦᠰᠦᠨ ᠱᠠᠲᠤᠨ ᠤ ᠴᠠᠯᠢᠩ ᠡᠷᠭᠢᠯᠲᠡ ᠶᠢ   ᠪᠠᠲᠤᠯᠠᠬᠤ ᠵᠦᠭ  ᠭᠦᠢᠯᠭᠡᠭᠡᠨ᠎ᠡ᠃ ᠡᠨᠡ ᠵᠢᠯ ᠤᠨ 4 ᠰᠠᠷ᠎ᠠ ᠶᠢᠨ 21 ᠤ ᠡᠳᠦᠷ ᠶᠡᠷᠦᠩᠬᠡᠶ ᠰᠠᠶᠢᠳ ᠯᠢ  ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ  ᠰᠢᠭᠤᠳ  ᠬᠦᠷᠬᠦ ᠲᠤᠭᠲᠠᠴᠠ ᠶᠢ ᠪᠠᠶᠢᠩᠭᠤᠵᠢᠭᠤᠯᠬᠤ  ᠶᠢ ᠤᠯᠠᠮ ᠨᠢᠭᠡ ᠠᠯᠬᠤᠮ ᠰᠠᠶᠢᠲᠤᠷ ᠬᠡᠷᠡᠭᠵᠢᠭᠦᠯᠬᠦ ᠶᠢ ᠪᠠᠶᠢᠷᠢᠯᠠᠭᠤᠯᠪᠠ᠃ ᠯᠢ ᠺᠧ ᠴᠢᠶᠠᠩ ᠬᠤᠷᠠᠯ ᠳᠡᠭᠡᠷ᠎ᠡ᠂ ︽ᠡᠳ᠋ ᠤᠨ ᠵᠠᠰᠠᠭ ᠤᠨ ᠪᠡᠯᠡ ᠮᠥᠩᠭᠦ  ᠰᠢᠭᠤᠳ  ᠬᠦᠷᠬᠦ ᠲᠣᠭᠲᠠᠴᠠ ᠶᠢ ᠬᠡᠷᠡᠭᠵᠢᠭᠦᠯᠬᠦ ᠪᠣᠯ ᠬᠤᠷᠸ᠎ᠠ ᠲᠣᠬᠢᠷᠠᠭᠤᠯᠤᠯ  ᠤᠨ ᠲᠠᠯ᠎ᠠ ᠪᠠᠷ ᠰᠢᠨ᠎ᠡ ᠶᠢ ᠡᠭᠦᠳᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ ᠭᠡᠳᠡᠭ ᠢ ᠦᠢᠯᠡᠳᠦᠯᠭᠡ ᠭᠡᠷᠡᠴᠢᠯᠡᠵᠦ᠂ ᠬᠤᠲᠠ ᠰᠢᠶᠠᠨ ᠤ ᠦᠨᠳᠦᠰᠦᠨ ᠱᠠᠲᠤᠨ ᠳᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠳᠤ ︿ᠳᠠᠭᠠᠷᠠᠭᠰᠠᠨ ᠬᠥᠮᠦᠨ ᠳᠤ ᠳᠠᠬᠤ  ᠬᠦᠷᠬᠦ﹀ ᠦᠢᠯᠡᠳᠦᠯ ᠭᠠᠷᠭᠠᠵᠤ᠂ ᠠᠵᠤ ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠣᠯᠤᠨ ᠠᠷᠠᠳ ᠣᠯᠠᠨ ᠤ ᠨᠡᠶᠢᠳᠡᠮ ᠤᠨ ᠬᠦᠷᠢᠶᠡᠯᠡᠯ ᠢ ᠣᠯᠤᠭᠰᠠᠨ ᠪᠠᠶᠢᠨ᠎ᠠ︾  ᠭᠡᠵᠦ  ᠵᠢᠭᠠᠵᠤ ᠭᠠᠷᠭᠠᠵᠠᠢ ᠃     ᠬᠥᠲᠥᠯᠥᠭᠴᠢ᠄ ᠲᠠ ᠲᠥᠪ ᠠᠴᠠ ᠮᠠᠨ ᠤ  ᠲᠤᠭᠤᠷᠢᠭ ᠲᠤ  ᠬᠤᠪᠢᠶᠠᠷᠢᠯᠠᠨ ᠥᠭᠭᠦᠭᠰᠡᠨ ᠡᠳ᠋ ᠤᠨ ᠵᠠᠰᠠᠭ ᠤᠨ ᠰᠢᠭᠤᠳ ᠬᠥᠷᠬᠦ ᠪᠠᠯᠠ ᠮᠥᠩᠭᠦ ᠶᠢᠨ ᠬᠡᠪᠴᠢᠶ᠎ᠡ ᠵᠢᠴᠢ ᠵᠠᠷᠤᠯᠭ᠎ᠠ ᠶᠢᠨ ᠪᠠᠶᠢᠳᠠᠯ ᠢ  ᠲᠠᠨᠢᠯᠴᠠᠭᠤᠯᠵᠤ ᠦᠭᠬᠦᠭᠡᠷᠡᠢ ᠃     ᠸᠠᠩ ᠰᠢᠶᠤᠤ ᠳ᠋ᠠᠨ᠄ ᠬᠡᠪᠴᠢᠶ᠎ᠡ ᠠᠴᠠ ᠨᠢ ᠦᠵᠡᠪᠡᠯ᠂ 2020 ᠣᠨ ᠳᠤ᠂ ᠲᠥᠪ ᠠᠴᠠ ᠮᠠᠨ ᠤ  ᠲᠤᠭᠤᠷᠢᠭ ᠲᠤ ᠬᠤᠪᠢᠶᠠᠷᠢᠯᠠᠨ ᠥᠭᠭᠦᠭᠰᠡᠨ ᠡᠳ᠋ ᠤᠨ ᠵᠠᠰᠠᠭ ᠤᠨ ᠰᠢᠭᠤᠳ ᠬᠦᠷᠬᠦ ᠪᠠᠯᠠ ᠮᠥᠩᠭᠦ ᠶᠢᠨ   ᠢᠯᠡᠳᠬᠡᠪᠦᠷᠢ  ᠨᠡᠶᠢᠲᠡ 1.82 ᠳ᠋ᠦᠩᠰᠢᠭᠤᠷ ᠲᠥᠭᠦᠷᠢᠭ ᠪᠠᠶᠢᠵᠤ᠂ ᠭᠤᠤᠯᠳᠠᠭᠤ  ᠲᠤᠭᠤᠷᠢᠭ ᠤᠨ ᠳᠣᠲᠣᠷᠠᠬᠢ ᠬᠤᠲᠠ ᠶᠢᠨ  ᠵᠠᠬᠢᠷᠭᠠᠨ ᠤ ᠵᠠᠮ ᠵᠢᠴᠢ  ᠪᠦᠷᠢᠨ ᠲᠦᠭᠦᠷ ᠬᠤᠭᠤᠯᠠᠶ ᠶᠢᠨ ᠰᠦᠯᠵᠢᠶ᠎ᠡ ᠶᠢᠨ ᠢᠨᠵᠧᠨᠧᠷᠢᠩ᠂  ᠳᠠᠬᠢᠮᠠᠯ ᠤᠰᠤ ᠶᠢ ᠶᠡᠷᠦᠩᠬᠡᠶᠢᠯᠡᠨ ᠠᠰᠢᠭᠯᠠᠬᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠱᠣᠩ᠂ ᠬᠤᠶᠢᠲᠤ ᠲᠣᠭᠤᠷᠢᠭ ᠤᠨ ᠴᠢᠩ ᠴᠦᠨ ᠱᠠᠨ  ᠬᠦᠭᠡᠷᠭᠡᠨ  ᠥᠷᠲᠡᠭᠡ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠲᠥᠪ ᠵᠡᠷᠭᠡ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠵᠦ᠂ ᠣᠳᠣᠬᠠᠨ ᠳᠤ ᠲᠥᠷᠥᠯ  ᠵᠦᠢᠯ ᠤᠨ ᠬᠡᠷᠡᠭᠵᠢᠭᠦᠯᠦᠯᠲᠡ ᠶᠢᠨ ᠠᠬᠢᠴᠠ ᠶᠣᠰᠣᠭᠠᠷ ᠨᠢᠭᠡᠨᠲᠡ 1.63 ᠳ᠋ᠦᠩᠰᠢᠭᠤᠷ ᠲᠥᠭᠦᠷᠢᠭ ᠵᠠᠷᠤᠴᠠᠭᠤᠯᠪᠠ᠃ 2021 ᠣᠨ  10 ᠳ᠋ᠤᠭᠠᠷ ᠰᠠᠷ᠎ᠠ ᠶᠢᠨ 18 ᠤ ᠡᠳᠦᠷ ᠪᠣᠯᠲᠠᠯ᠎ᠠ᠂ ᠮᠠᠨ ᠤ ᠲᠤᠭᠤᠷᠢᠭ  ᠤᠨ ᠰᠢᠭᠤᠳ ᠬᠥᠷᠬᠦ ᠪᠠᠯᠠ ᠮᠥᠩᠭᠦ ᠶᠢᠨ ᠲᠤᠰᠬᠠᠶ   ᠢᠯᠡᠳᠬᠡᠪᠦᠷᠢ  ᠨᠡᠶᠢᠲᠡ 3817.24 ᠲᠦᠮᠡᠨ ᠲᠥᠭᠦᠷᠢᠭ  ᠬᠦᠯᠢᠶᠡᠨ ᠣᠯᠵᠤ᠂ ᠭᠤᠤᠯᠳᠠᠭᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠦᠢᠯᠡᠴᠢᠯᠡᠭᠡ ᠂ ᠡᠮᠴᠢᠯᠡᠭᠡᠨ ᠤ  ᠦᠢᠯᠡᠴᠢᠯᠡᠭᠡ  ᠬᠢᠭᠡᠳ ᠪᠠᠲᠤᠯᠠᠭ᠎ᠠ ᠶᠢᠨ ᠴᠢᠳᠠᠪᠤᠷᠢ ᠶᠢᠨ ᠳᠡᠭᠡᠭᠰᠢᠯᠡᠯᠲᠡ᠂ ᠡᠮᠴᠢᠯᠡᠭᠡᠨ ᠤ ᠠᠪᠤᠷᠠᠨ ᠲᠤᠰᠠᠯᠠᠯᠲᠠ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ᠂ ᠪᠠᠲᠤᠯᠠᠭ᠎ᠠ ᠶᠢᠨ ᠴᠢᠨᠠᠷᠲᠠᠶ  ᠣᠷᠣᠨ ᠰᠠᠭᠤᠴᠠ ᠶᠢᠨ ᠢᠨᠵᠧᠨᠧᠷᠢᠩ ᠵᠡᠷᠭᠡ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠳᠤᠰᠠᠯᠠᠮᠵᠢ  ᠶᠢᠨ  ᠮᠥᠩᠭᠦ ᠪᠤᠯᠤᠨ᠎ᠠ ᠂ ᠣᠲᠣ ᠪᠣᠯᠲᠠᠯ᠎ᠠ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠠᠬᠢᠴᠠ ᠶᠣᠰᠣᠭᠠᠷ ᠨᠢᠭᠡᠨᠲᠡ 2732.57 ᠲᠦᠮᠡᠨ  ᠲᠥᠭᠦᠷᠢᠭ ᠵᠠᠷᠤᠴᠠᠭᠤᠯᠪᠠ᠃ ᠦᠷ᠎ᠡ ᠪᠦᠲᠦᠮᠵᠢ ᠶᠢᠨ ᠲᠠᠯ᠎ᠠ ᠠᠴᠠ ᠦᠵᠡᠪᠡᠯ᠂ ᠮᠠᠨ ᠤ  ᠲᠤᠭᠤᠷᠢᠭ ᠤᠨ ᠬᠦᠯᠢᠶᠡᠨ ᠣᠯᠤᠭᠰᠠᠨ ᠡᠳ᠋ ᠤᠨ ᠵᠠᠰᠠᠭ ᠤᠨ ᠰᠢᠭᠤᠳ  ᠬᠦᠷᠬᠦ ᠪᠠᠯᠠ ᠮᠥᠩᠭᠦ ᠶᠢ ᠪᠦᠬᠦᠨ ᠢ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠪᠠ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠳᠤ ᠬᠡᠷᠡᠭᠯᠡᠵᠦ᠂ ᠤᠯᠤᠰ ᠤᠨ ᠠᠷᠠᠳ ᠤᠨ ᠠᠮᠢᠳᠤᠷᠠᠯ ᠢ ᠪᠠᠲᠤᠯᠠᠬᠤ᠂ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠠᠶᠢᠯᠢ ᠶᠢ ᠬᠥᠩᠭᠡᠯᠡᠵᠦ  ᠰᠦᠢᠳᠬᠡᠯ  ᠢ ᠪᠠᠭᠤᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠮᠠᠨ ᠤ  ᠲᠤᠭᠤᠷᠢᠭ ᠲᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠬᠦᠴᠦᠲᠡᠶ ᠠᠬᠢᠭᠤᠯᠵᠤ᠂ ︽ᠵᠢᠷᠭᠤᠭᠠᠨ ᠪᠠᠲᠤᠯᠠᠭ᠎ᠠ︾ ᠵᠡᠷᠭᠡ ᠲᠠᠯ᠎ᠠ ᠶᠢᠨ ᠭᠤᠤᠯᠳᠠᠯᠭ᠎ᠠ ᠲᠠᠢ ᠵᠠᠷᠤᠯᠭ᠎ᠠ ᠶᠢ ᠪᠦᠲᠦᠮᠵᠢᠲᠡᠶ ᠪᠠᠲᠤᠯᠠᠵᠤ᠂ ᠰᠢᠭᠤᠳ  ᠬᠦᠷᠬᠦ ᠲᠣᠭᠲᠠᠴᠠ ᠶᠢᠨ ᠲᠦᠷᠢᠮ ᠤᠨ ᠳᠠᠪᠠᠭᠤᠯᠢᠭ ᠢ ᠢᠯᠡᠷᠡᠭᠦᠯᠪᠡ᠃     ᠬᠥᠲᠥᠯᠥᠭᠴᠢ᠄ ᠡᠳ᠋ ᠤᠨ ᠵᠠᠰᠠᠭ ᠤᠨ ᠰᠢᠭᠤᠳ ᠬᠦᠷᠬᠦ  ᠪᠠᠯᠠ ᠮᠥᠩᠭᠦ ᠪᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠ ᠠᠷᠠᠳ ᠲᠤ ᠠᠰᠢᠭ ᠬᠦᠷᠲᠡᠭᠡᠬᠦ ᠦᠢᠯᠡᠳᠦᠯ  ᠢ ᠨᠠᠩ ᠰᠠᠶᠢᠨ ᠪᠠᠳᠠᠷᠠᠭᠤᠯᠬᠤ ᠶᠢᠨ ᠲᠥᠯᠥᠭᠡ᠂ ᠸᠠᠩ ᠲᠣᠪᠴᠢᠶᠠᠨ ᠳᠠᠷᠤᠭ᠎ᠠ ᠲᠠ ᠨᠠᠷ ᠭᠤᠤᠯᠳᠠᠭᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖     ᠸᠠᠩ ᠰᠢᠶᠤᠤ ᠳ᠋ᠠᠨ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠴᠢᠨᠠᠷᠲᠠᠶ ᠡᠳ᠋ ᠤᠨ ᠵᠠᠰᠠᠭ ᠤᠨ ᠪᠠᠯᠠ ᠮᠥᠩᠭᠦ   ᠶᠢᠨ ᠰᠢᠭᠤᠳ  ᠬᠦᠷᠬᠦ ᠲᠣᠭᠲᠠᠴᠠ  ᠪᠠᠶᠢᠭᠤᠯᠬᠤ ᠶᠢ ᠳᠥᠯᠭᠢᠨ ᠠᠬᠢᠭᠤᠯᠬᠤ ᠲᠤᠬᠠᠶ  ᠰᠢᠢᠳᠪᠦᠷᠢᠲᠤ  ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠢᠭᠡ ᠳᠤ᠂ ᠰᠢᠭᠤᠳ  ᠬᠦᠷᠬᠦ ᠪᠠᠯᠠ ᠮᠥᠩᠭᠦ ᠶᠢ ᠬᠢᠨᠠᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠣᠲᠣᠭᠠᠳᠤ ᠶᠢᠨ ᠲᠤᠰᠢᠶᠠᠯ ᠬᠠᠷᠢᠭᠤᠴᠠᠯᠭ᠎ᠠ  ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠠᠢ ︔ ᠬᠤᠶᠠᠷ ᠲᠤ᠂ ᠲᠤᠰᠬᠠᠶ  ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠲᠣᠭᠲᠠᠭᠰᠠᠨ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ ᠰᠢᠭᠤᠳ ᠬᠥᠷᠬᠦ ᠪᠠᠯᠠ ᠮᠥᠩᠭᠦ  ᠶᠢ ᠬᠡᠷᠡᠭᠯᠡᠬᠦ ᠨᠢᠭᠡᠴᠡ ᠳᠤ   ᠬᠤᠪᠢᠶᠠᠷᠯᠠᠨ ᠪᠠᠭᠤᠯᠭᠠᠵᠠᠢ ︔ ᠭᠤᠷᠪᠠ ᠳᠤ᠂ ᠮᠠᠨ ᠤ  ᠲᠤᠭᠤᠷᠢᠭ ᠤᠨ ᠬᠠᠮᠢᠶ᠎ᠠ ᠪᠥᠬᠦᠶ ᠲᠥᠰᠦᠪ ᠤᠨ ᠨᠢᠭᠡᠴᠡ ᠶᠢ ᠰᠢᠮᠳᠠᠭᠤᠯᠵᠤ ᠪᠠᠶᠢᠭᠠᠳ ᠲᠥᠷᠥᠯ  ᠵᠦᠢᠯ ᠢ ᠬᠡᠷᠡᠭᠵᠢᠭᠦᠯᠬᠦ ᠪᠠ ᠪᠠᠯᠠ ᠮᠥᠩᠭᠦ ᠥᠭᠬᠦ ᠶᠢ ᠲᠦᠷᠭᠡᠳᠬᠡᠵᠦ᠂ ᠰᠢᠭᠤᠳ ᠬᠥᠷᠬᠦ ᠪᠠᠯᠠ ᠮᠥᠩᠭᠦ ᠥᠭᠬᠦ ᠠᠬᠢᠴᠠ ᠶᠢ  ᠳᠡᠭᠡᠭᠰᠢᠯᠡᠭᠦᠯᠵᠠᠢ ︔ ᠲᠦᠷᠪᠡ ᠳᠤ᠂ ᠪᠡᠯᠡ ᠮᠥᠩᠭᠦ ᠶᠢ ᠬᠤᠪᠢᠶᠠᠷᠢᠯᠠᠨ ᠪᠠᠭᠤᠯᠭᠠᠭᠰᠠᠨ᠂ ᠵᠠᠷᠤᠯᠭ᠎ᠠ ᠶᠢ ᠬᠡᠷᠡᠭᠯᠡᠭᠰᠡᠨ ᠪᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢᠨ ᠪᠠᠶᠢᠳᠠᠯ ᠢ ᠨᠢᠭᠲᠠ ᠮᠥᠷᠳᠡᠵᠦ᠂ ᠰᠢᠭᠤᠳ ᠬᠦᠷᠬᠦ ᠪᠡᠯᠡ ᠮᠥᠩᠭᠦ  ᠶᠢᠨ ᠬᠢᠨᠠᠨ  ᠡᠵᠡᠮᠳᠡᠯᠲᠡ ᠬᠠᠮᠢᠶᠠᠷᠤᠯᠲᠠ ᠶᠢ ᠰᠠᠶᠢᠲᠤᠷ ᠬᠢᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠨᠡᠩ ᠰᠠᠶᠢᠨ  ᠪᠠᠳᠠᠷᠠᠭᠤᠯᠵᠠᠢ᠃     ᠬᠥᠲᠥᠯᠥᠭᠴᠢ᠄ ᠸᠠᠩ ᠲᠣᠪᠴᠢᠶᠠᠨ ᠳᠠᠷᠤᠭ᠎ᠠ ᠥᠨᠥᠳᠦᠷ ᠰᠦᠯᠵᠢᠶᠡᠨ ᠤ ᠰᠤᠷᠪᠤᠯᠵᠢᠯᠠᠭ᠎ᠠ ᠳᠤ ᠤᠷᠤᠯᠴᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠡᠳ᠋ ᠤᠨ ᠵᠠᠰᠠᠭ ᠤᠨ ᠪᠠᠯᠠ ᠮᠥᠩᠭᠦ ᠶᠢᠨ ᠰᠢᠭᠤᠳ  ᠭᠦᠷᠭᠦ  ᠲᠣᠭᠲᠠᠴᠠ ᠶᠢᠨ ᠲᠤᠬᠠᠶ ᠪᠢᠳᠡᠨ ᠳᠤ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠭᠠᠵᠠᠶ᠃     ᠸᠠᠩ ᠰᠢᠶᠤᠤ ᠳ᠋ᠠᠨ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠲᠤ ᠲᠠᠯᠠᠷᠬᠠᠵᠤ ᠪᠠᠶᠢᠨ᠎ᠠ᠂ ᠪᠠᠶᠠᠷᠲᠠᠶ︕
ᠢᠷᠡᠯᠲᠡ᠄ ᠲᠤᠰ ᠰᠦᠯᠵᠢᠶ᠎ᠡ