ᠬᠤᠲᠠ ᠶᠢᠨ ᠵᠠᠮ ᠤᠨ ᠭᠡᠷᠡᠯᠲᠦᠭᠦᠯᠭᠡ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠤᠬᠠᠶ  ᠦᠢᠯᠡᠳᠦᠯᠭᠡ ᠪᠠ ᠪᠣᠳᠣᠯᠬᠢᠯᠠᠯ
ᠨᠡᠶᠢᠲᠡᠯᠡᠭᠰᠡᠨ ᠴᠠᠭ᠄
2021/11/26
         ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ  ᠤᠤ︕ ᠥᠨᠥᠳᠦᠷ ᠪᠢᠳᠡ ᠬᠢᠶ᠎ᠠ ᠪᠠᠭᠰᠢ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠸᠠᠩ ᠸᠧᠶ ᠶᠢ ᠤᠷᠢᠵᠤ᠂ ᠬᠤᠲᠠ ᠶᠢᠨ ᠵᠠᠮ ᠤᠨ ᠭᠡᠷᠡᠯᠲᠦᠭᠦᠯᠭᠡ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠦᠢᠯᠡᠳᠦᠯᠭᠡ ᠪᠠ ᠪᠣᠳᠣᠯᠬᠢᠯᠠᠯ ᠢ ᠬᠠᠮᠲᠤ ᠪᠠᠷ ᠰᠢᠨᠵᠢᠯᠡᠨ ᠰᠣᠳᠣᠯᠠᠶ᠎ᠠ᠃ ᠸᠠᠩ ᠡᠷᠬᠢᠯᠡᠭᠴᠢ ᠲᠠ ᠰᠠᠶᠢᠨ ᠪᠠᠶᠢᠨᠤ︖
下载.jpg
         ᠸᠠᠩ ᠸᠧᠶ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠪᠦᠭᠦᠳᠡ ᠤᠯᠠᠨ ᠲᠠᠢ ᠬᠢᠶ᠎ᠠ ᠪᠠᠭᠰᠢ ᠲᠣᠭᠤᠷᠢᠭ ᠤᠨ ᠵᠠᠮ ᠤᠨ ᠭᠡᠷᠡᠯᠲᠦᠭᠦᠯᠭᠡ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠦᠢᠯᠡᠳᠦᠯᠭᠡ ᠪᠠ ᠪᠣᠳᠣᠯᠬᠢᠯᠠᠯ ᠢ ᠰᠢᠨᠵᠢᠯᠡᠨ ᠰᠣᠳᠣᠯᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃          ᠬᠥᠲᠥᠯᠥᠭᠴᠢ᠄ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠵᠠᠮ ᠤᠨ ᠭᠡᠷᠡᠯᠲᠦᠭᠦᠯᠭᠡ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠬᠢᠨ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ ᠪᠣᠢ︖         ᠸᠠᠩ ᠸᠧᠶ᠄ ᠣᠳᠣᠬᠠᠨ ᠳᠤ᠂ ᠮᠠᠨ ᠤ ᠲᠣᠭᠤᠷᠢᠭ ᠲᠤ ᠨᠡᠶᠢᠲᠡ 10106  ᠵᠠᠮ ᠤᠨ ᠳ᠋ᠧᠩ ᠤᠨ ᠪᠠᠭᠠᠨ᠎ᠠ ᠲᠠᠢ᠂ ᠡᠭᠦᠨ ᠤ ᠳᠣᠲᠣᠷᠠᠬᠢ 8436 ᠪᠠᠭᠠᠨ᠎ᠠ  ︵14556 ᠰᠠᠭᠤᠷᠢ︶ ᠥᠨᠳᠥᠷ ᠳᠠᠷᠣᠴᠠᠳᠦ ᠨᠠᠲᠷᠢ ᠳ᠋ᠧᠩ ᠤᠨ ᠬᠡᠷᠡᠯ ᠡᠭᠦᠰᠭᠡᠭᠴᠢ ᠶᠢ LED ᠬᠡᠷᠡᠯ ᠡᠭᠦᠰᠭᠡᠭᠴᠢ ᠪᠠᠷ ᠥᠭᠡᠷᠡᠴᠢᠯᠡᠵᠦ᠂ ᠡᠭᠦᠨ  ᠠᠴᠠ ᠭᠠᠳᠠᠨ᠎ᠠ ᠱᠤᠭᠤᠮ ᠤᠨ ᠴᠢᠨᠠᠷᠲᠠᠶ ᠲᠣᠬᠢᠷᠠᠭᠤᠯᠵᠤ ᠪᠣᠯᠬᠤ ᠤᠶᠤᠨᠲᠤ ᠡᠵᠡᠮᠰᠢᠭᠦᠢ ᠴᠢᠳᠠᠮᠵᠢ ᠪᠠ ᠠᠪᠳᠠᠷ᠎ᠠ ᠶᠢᠨ ᠬᠤᠪᠢᠷᠠᠯᠲᠠ ᠶᠢᠨ ᠳᠣᠲᠣᠷᠠᠬᠢ ᠲᠥᠪᠯᠡᠷᠡᠩᠭᠦᠶ ᠡᠵᠡᠮᠰᠢᠭᠦᠷ ᠢ ᠲᠦᠭᠦᠷᠵᠢᠭᠦᠯᠦᠨ᠂ ᠣᠳᠣ ᠪᠠᠶᠢᠭ᠎ᠠ LED ᠳ᠋ᠧᠩ ᠳᠤ ᠭᠠᠭᠴᠠ ᠳ᠋ᠧᠩ ᠤᠨ ᠡᠵᠡᠮᠰᠢᠭᠦᠷ ᠢ ᠨᠡᠮᠡᠵᠦ ᠤᠭᠰᠠᠷᠠᠭᠤᠯᠤᠨ ᠬᠤᠶᠠᠳᠠᠬᠢ ᠤᠳᠠᠭ᠎ᠠ ᠡᠨᠧᠷᠭᠢ ᠠᠷᠪᠢᠯᠠᠵᠤ᠂  ᠪᠥᠬᠦ ᠲᠣᠭᠤᠷᠢᠭ ᠤᠨ ᠵᠠᠮ ᠤᠨ ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃          ᠬᠥᠲᠥᠯᠥᠭᠴᠢ᠄ ᠲᠠ ᠪᠢᠳᠠᠨ ᠳᠤ ᠵᠠᠮ ᠤᠨ ᠳ᠋ᠧᠩ ᠤᠨ ᠡᠨᠧᠷᠭᠢ ᠠᠷᠪᠢᠯᠠᠬᠤ ᠭᠤᠤᠯ ᠦᠨᠳᠦᠰᠦᠯᠡᠯ ᠢ  ᠳᠦᠭᠦᠮ ᠲᠠᠨᠢᠯᠴᠠᠭᠤᠯᠣᠭᠠᠳ ᠦᠭᠬᠦᠨ᠎ᠡ ᠤᠤ︖         ᠸᠠᠩ ᠸᠧᠶ᠄ ᠥᠨᠳᠥᠷ ᠳᠠᠷᠣᠴᠠᠳᠦ ᠨᠠᠲᠷᠢ ᠳ᠋ᠧᠩ ᠵᠡᠷᠭᠡ ᠤᠯᠠᠮᠵᠢᠯᠠᠯᠲᠤ ᠭᠡᠷᠡᠯᠲᠦᠭᠦᠯᠭᠡ ᠶᠢᠨ ᠲᠥᠬᠦᠭᠡᠷᠦᠮᠵᠢ ᠨᠢ ᠮᠡᠷᠭᠡᠵᠢᠯ᠂ ᠬᠡᠪ ᠪᠠᠷᠢᠮᠵᠢᠶ᠎ᠠ ᠪᠠ ᠬᠡᠷᠡᠭᠯᠡᠯᠲᠡ ᠶᠢᠨ ᠲᠠᠯ᠎ᠠ ᠪᠠᠷ ᠡᠨᠧᠷᠭᠢ ᠶᠢᠨ ᠬᠤᠷᠣᠭᠳᠠᠯ   ᠵᠢᠴᠢ ᠭᠡᠮᠲᠦᠯ ᠤᠨ ᠨᠣᠷᠮ᠎ᠠ ᠨᠢ ᠬᠡᠲᠦ ᠥᠨᠳᠥᠷ ᠪᠥᠭᠡᠳ ᠬᠥᠳᠡᠯᠭᠡᠬᠦ ᠦᠶ᠎ᠡ ᠳᠤ ᠤᠷᠢᠳᠴᠢᠯᠠᠨ ᠬᠠᠯᠠᠭᠤᠯᠬᠤ ᠴᠢᠬᠤᠯᠠᠲᠠᠶ ᠪᠠᠶᠢᠵᠤ ᠶᠡᠭᠡ ᠬᠡᠮᠵᠢᠶᠡᠨ ᠤ ᠴᠠᠬᠢᠯᠭᠠᠨ ᠡᠨᠧᠷᠭᠢ ᠶᠢᠨ ᠬᠤᠷᠣᠭᠳᠠᠯ ᠢ ᠪᠣᠶ ᠪᠣᠯᠭᠠᠳᠠᠭ᠃ ᠵᠠᠮ ᠤᠨ ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠵᠠᠩᠭᠢᠯᠠᠭ᠎ᠠ ᠨᠢ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠮᠤᠭ ᠤᠨ ᠪᠦᠲᠦᠮᠵᠢᠲᠡᠶ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠬᠡᠷᠡᠭᠯᠡᠨ᠂ ᠭᠡᠷᠡᠯᠲᠦᠭᠦᠯᠭᠡ ᠶᠢᠨ ᠡᠵᠡᠮᠰᠢᠭᠦᠷ ᠢ ᠰᠢᠯᠢᠳᠡᠭᠵᠢᠭᠦᠯᠵᠦ᠂ ᠬᠡᠷᠡᠭᠴᠡᠭᠡ ᠪᠠᠷ ᠨᠢ ᠭᠡᠷᠡᠯᠲᠦᠭᠦᠯᠪᠡᠯ ᠰᠠᠶ᠋ᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠵᠤ ᠡᠨᠧᠷᠭᠢ ᠶᠢᠨ ᠬᠤᠷᠣᠭᠳᠠᠯ ᠢ ᠠᠷᠪᠢᠯᠠᠵᠤ ᠳᠡᠶᠢᠯᠦᠨ᠎ᠡ᠃          ᠬᠥᠲᠥᠯᠥᠭᠴᠢ᠄ ᠵᠠᠮ ᠤᠨ ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠬᠢᠭᠰᠡᠨ ᠤ ᠳᠠᠷᠠᠭ᠎ᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠢᠯᠡᠳᠭᠡᠪᠦᠷᠢ ᠶᠢ ᠪᠦᠲᠦᠮᠵᠢᠲᠡᠶ ᠪᠠᠭᠤᠷᠠᠭᠤᠯᠬᠤ ᠳᠡᠶᠢᠯᠡᠬᠦ ᠤᠤ︖         ᠸᠠᠩ ᠸᠧᠶ᠄ ᠣᠳᠣᠬᠠᠨ ᠳᠤ᠂ ᠮᠠᠨ ᠤ ᠲᠣᠭᠤᠷᠢᠭ ᠲᠤ ᠨᠡᠶᠢᠲᠡ 14556 ᠰᠠᠭᠤᠷᠢ ᠥᠨᠳᠥᠷ ᠳᠠᠷᠣᠴᠠᠳᠦ ᠨᠠᠲᠷᠢ ᠳ᠋ᠧᠩ ᠪᠠᠶᠢᠨ᠎ᠠ᠂ ᠵᠢᠯ ᠤᠨ ᠴᠠᠬᠢᠯᠭᠠᠨ ᠬᠤᠷᠣᠭᠳᠠᠭᠤᠯᠬᠤ ᠬᠡᠮᠵᠢᠶ᠎ᠡ ᠨᠢ ᠪᠠᠷᠤᠭ 1490.93 ᠲᠦᠮᠡᠨ ᠺᠢᠯᠣᠸᠠᠲ ᠴᠠᠭ᠃ ᠲᠣᠰ ᠣᠳᠠᠭᠠᠨ ᠤ ᠡᠨᠧᠷᠭᠢ ᠠᠷᠪᠢᠯᠠᠬᠤ ᠦᠭᠡᠷᠡᠴᠢᠯᠡᠯᠲᠡ ᠳᠤ ᠤᠤᠯ ᠤᠨ ᠪᠠᠶᠢᠭᠰᠠᠨ 400W᠂ 250W᠂ 150W ᠶᠢᠨ ᠥᠨᠳᠥᠷ ᠳᠠᠷᠣᠴᠠᠳᠦ ᠨᠠᠲᠷᠢ ᠳ᠋ᠧᠩ ᠢ 150W᠂ 100W᠂ 50W ᠶᠢᠨ LED ᠳ᠋ᠧᠩ  ᠪᠣᠯᠭᠠᠨ ᠦᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠂ ᠥᠭᠡᠷᠡᠴᠢᠯᠡᠭᠰᠡᠨ ᠤ ᠲᠠᠷᠠᠭ᠎ᠠ ᠵᠢᠯ ᠤᠨ ᠴᠠᠬᠢᠯᠭᠠᠨ ᠬᠤᠷᠣᠭᠳᠠᠭᠤᠯᠬᠤ ᠬᠡᠮᠵᠢᠶ᠎ᠡ ᠨᠢ ᠪᠠᠷᠤᠭ 382.29 ᠲᠦᠮᠡᠨ ᠺᠢᠯᠣᠸᠠᠲ ᠴᠠᠭ ᠪᠣᠯᠵᠦ᠂ ᠵᠢᠯ ᠳᠡᠭᠡᠨ 1108.64 ᠲᠦᠮᠡᠨ ᠺᠢᠯᠣᠸᠠᠲ ᠴᠠᠭ ᠠᠷᠪᠢᠯᠠᠵᠦ ᠲᠡᠶᠢᠯᠦᠨ᠎ᠡ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠢᠯᠡᠳᠭᠡᠪᠦᠷᠢ ᠪᠠᠷ ᠰᠣᠯᠢᠵᠤ ᠪᠣᠳᠣᠪᠠᠯ 8700 ᠲᠣᠨ ᠠᠷᠪᠢᠯᠠᠨ᠎ᠠ᠃ ᠢᠩᠬᠢᠬᠡᠳ ᠦᠵᠡᠪᠡᠯ᠂ ᠵᠠᠮ ᠤᠨ ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠬᠢᠭᠰᠡᠨ ᠤ ᠳᠠᠷᠠᠭ᠎ᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠢᠯᠡᠳᠭᠡᠪᠦᠷᠢ ᠶᠢ ᠪᠦᠲᠦᠮᠵᠢᠲᠡᠶ  ᠪᠠᠭᠤᠷᠠᠭᠤᠯᠵᠣ ᠳᠡᠶᠢᠯᠦᠨ᠎ᠡ᠃         ᠬᠥᠲᠥᠯᠥᠭᠴᠢ᠄ ᠵᠠᠮ ᠤᠨ ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠦᠷ᠎ᠡ ᠠᠰᠢᠭ ᠨᠢ  ᠬᠡᠷᠭᠢᠨ ᠢᠯᠡᠷᠡᠳᠡᠭ ᠪᠣᠢ︖         ᠸᠠᠩ ᠸᠧᠶ᠄ ᠵᠠᠮ ᠤᠨ ᠳ᠋ᠧᠩ ᠤᠨ ᠤᠶᠤᠨᠲᠤ ᠡᠵᠡᠮᠰᠢᠭᠦᠷ ᠤᠨ ᠰᠢᠰᠲ᠋ᠧᠮ ᠨᠢ P L C ᠢᠶᠠᠷ  ᠭᠤᠣᠯᠯᠠᠬᠤ ᠮᠡᠷᠭᠡᠵᠢᠯ ᠪᠣᠯᠭᠠᠵᠤ᠂ ᠴᠠᠬᠢᠯᠭᠠᠨ ᠬᠦᠴᠦᠨ ᠤ ᠱᠤᠭᠤᠮ ᠤᠨ ᠵᠦᠭᠡᠭᠡᠪᠦᠷᠢ ᠶᠢᠨ ᠬᠤᠯᠪᠣᠭ᠎ᠠ ᠶᠢ ᠠᠰᠢᠭᠯᠠᠨ ᠠᠯᠤᠰ ᠦᠵᠦᠭᠦᠷ ᠤᠨ ᠳ᠋ᠧᠩ ᠢ ᠡᠵᠡᠮᠳᠡᠬᠦ ᠶᠢ ᠪᠡᠶᠡᠯᠡᠬᠦᠯᠵᠦ ᠳᠡᠶᠢᠯᠦᠨ᠎ᠡ᠃ ᠲᠣᠰ ᠰᠢᠰᠲ᠋ᠧᠮ ᠨᠢ ᠵᠠᠮ ᠤᠨ ᠳ᠋ᠧᠩ ᠤᠨ ᠣᠶᠣᠨᠴᠢᠯᠠᠭᠰᠠᠨ᠂ ᠨᠠᠷᠢᠵᠢᠭᠵᠢᠭᠤᠯᠣᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠳ᠋ᠧᠩ  ᠨᠡᠭᠡᠭᠡᠵᠦ ᠬᠠᠭᠠᠬᠤ ᠴᠠᠭ ᠢ ᠣᠨᠣᠪᠴᠢᠲᠠᠶ ᠡᠵᠡᠮᠰᠢᠨ᠂ ᠳ᠋ᠧᠩ ᠪᠦᠷᠢ ᠶᠢ ︽ᠬᠡᠷᠡᠭᠴᠡᠭᠡ ᠪᠠᠷ ᠨᠢ ᠭᠡᠷᠡᠯᠳᠦᠬᠦᠯᠵᠦ︾ ᠂ ᠡᠭᠦᠨ ᠢᠶᠠᠷ ᠳᠠᠮᠵᠢᠨ ᠡᠨᠧᠷᠭᠢ ᠠᠷᠪᠢᠯᠠᠵᠦ ᠠᠰᠢᠭᠯᠠᠮᠵᠢ ᠶᠢ ᠳᠡᠭᠡᠭᠰᠢᠯᠡᠭᠦᠯᠳᠡᠭ᠃ ᠤᠶᠤᠨᠲᠤ ᠡᠵᠡᠮᠰᠢᠭᠦᠷ ᠤᠨ ᠰᠢᠰᠲ᠋ᠧᠮ ᠨᠢ ᠬᠡᠷᠡᠭᠵᠢᠭᠦᠯᠬᠦ ᠳᠤ ᠬᠢᠯᠪᠠᠷ᠂ ᠬᠡᠯᠬᠢᠶ᠎ᠡ ᠪᠠᠶᠢᠷᠢᠯᠠᠭᠤᠯᠬᠤ ᠬᠡᠷᠡᠭ ᠦᠭᠡᠢ ᠵᠡᠷᠭᠡ ᠣᠨᠴᠠᠯᠢᠭ ᠲᠠᠢ ᠪᠠᠶᠢᠵᠤ᠂ ᠤᠤᠯ ᠤᠨ ᠴᠢᠳᠠᠮᠵᠢ ᠶᠢᠨ ᠬᠤᠷᠣᠭᠳᠠᠯ ᠤᠨ ᠰᠠᠭᠤᠷᠢᠨ ᠳᠡᠭᠡᠷ᠎ᠡ ᠤᠯᠠᠮ ᠨᠢᠭᠡ ᠠᠯᠬᠤᠮ 5%~15% ᠪᠠᠷ ᠡᠨᠧᠷᠭᠢ ᠠᠷᠪᠢᠯᠠᠨ᠂ ᠡᠭᠦᠨ ᠢᠶᠠᠷ ᠲᠠᠮᠵᠢᠨ ᠴᠠᠬᠢᠯᠭᠠᠨ ᠤ ᠰᠦᠢᠳᠭᠡᠯ ᠪᠠ ᠬᠠᠮᠢᠶᠠᠷᠤᠯᠲᠠ ᠶᠢᠨ ᠥᠪᠡᠷ ᠤᠨ ᠥᠷᠲᠡᠭ ᠢ ᠶᠡᠭᠡ ᠬᠡᠮᠵᠢᠶ᠎ᠡ ᠪᠠᠷ ᠠᠷᠪᠢᠯᠠᠵᠤ᠂ ᠡᠨᠧᠷᠭᠢ ᠠᠷᠪᠢᠯᠠᠬᠤ ᠦᠷ᠎ᠡ ᠠᠰᠢᠭ ᠨᠢ ᠮᠠᠰᠢ ᠢᠯᠡᠷᠬᠡᠶ ᠪᠠᠶᠢᠳᠠᠭ᠃          ᠡᠭᠦᠨ ᠠᠴᠠ ᠭᠠᠳᠠᠨ᠎ᠠ ᠪᠣᠳᠠᠲᠠᠶ ᠭᠡᠷᠡᠯᠲᠦᠭᠦᠯᠭᠡ ᠶᠢᠨ ᠢᠨᠵᠧᠨᠧᠷᠢᠩ᠂ ᠲᠣᠬᠠᠢ ᠶᠢᠨ ᠵᠠᠮ ᠬᠠᠷᠢᠯᠴᠠᠭᠠᠨ ᠤ ᠪᠠᠶᠢᠳᠠᠯ ᠢ ᠦᠨᠳᠦᠰᠦᠯᠡᠨ᠂ ᠵᠠᠮ ᠤᠨ ᠳ᠋ᠧᠩ ᠤᠨ ᠭᠡᠷᠡᠯᠲᠦᠴᠡ ᠪᠠ ᠬᠡᠷᠡᠯᠳᠦᠬᠦ ᠴᠠᠭ ᠢ ᠠᠮᠢᠳᠤᠯᠢᠭ ᠢᠶᠠᠷ ᠲᠣᠬᠢᠷᠠᠭᠤᠯᠵᠤ ᠳᠡᠶᠢᠯᠦᠨ᠎ᠡ᠃ ᠵᠢᠱᠢᠶᠡᠯᠡᠪᠡᠯ ᠠᠭᠯᠠᠭ ᠪᠣᠶᠢᠳᠠ ᠵᠠᠮ ᠳᠤ ᠰᠡᠭᠦᠯ ᠤᠨ ᠬᠠᠭᠠᠰ ᠰᠥᠨᠢ ᠪᠣᠯᠬᠤ ᠳᠤ ᠶᠠᠪᠠᠭᠠᠨ ᠬᠥᠮᠦᠨ ᠪᠠ ᠲᠡᠷᠭᠡ ᠬᠥᠰᠬᠡ ᠮᠠᠰᠢ ᠴᠥᠭᠡᠨ ᠪᠣᠯᠪᠠᠯ᠂ LED ᠳ᠋ᠧᠩ ᠤᠨ ᠭᠡᠷᠡᠯᠲᠦᠴᠡ ᠶᠢ ᠪᠠᠭᠤᠷᠠᠭᠤᠯᠤᠨ 40% ᠣᠷᠴᠢᠮ ᠤᠨ ᠴᠢᠳᠠᠮᠵᠢ ᠪᠠᠷ ᠠᠵᠢᠯᠯᠠᠭᠤᠯᠵᠤ᠂ ᠦᠨᠳᠦᠰᠦᠨ ᠭᠡᠷᠡᠯᠲᠦᠭᠦᠯᠭᠡ ᠶᠢᠨ ᠬᠡᠷᠡᠭᠴᠡᠭᠡ ᠶᠢ ᠪᠠᠳᠣᠯᠠᠨ᠎ᠠ᠂ ᠵᠠᠷᠢᠮ ᠭᠤᠤᠯ ᠵᠠᠮ ᠳᠡᠭᠡᠷ᠎ᠡ ᠰᠡᠭᠦᠯ ᠤᠨ ᠬᠠᠭᠠᠰ ᠰᠥᠨᠢ ᠪᠣᠯᠬᠤ ᠳᠤ ᠴᠢᠳᠠᠮᠵᠢ ᠶᠢ ᠨᠢ ᠪᠠᠰᠠ ᠵᠣᠬᠢᠬᠤ ᠬᠡᠮᠵᠢᠶ᠎ᠡ ᠪᠠᠷ ᠪᠠᠭᠤᠷᠠᠭᠤᠯᠵᠤ ᠪᠣᠯᠤᠨ᠎ᠠ᠂ ᠢᠩᠭᠢᠪᠡᠯ ᠬᠥᠮᠦᠰ ᠤᠨ ᠶᠠᠪᠤᠵᠤ ᠰᠠᠭᠤᠬᠤ ᠦᠨᠳᠦᠰᠦᠨ ᠱᠠᠭᠠᠷᠳᠠᠯᠭ᠎ᠠ ᠶᠢ ᠪᠠᠲᠤᠯᠠᠵᠤ ᠳᠡᠶᠢᠯᠬᠦ ᠮᠥᠷᠲᠡᠭᠡᠨ ᠪᠠᠰᠠ ᠴᠠᠬᠢᠯᠭᠠᠨ ᠡᠨᠧᠷᠭᠢ ᠶᠢ ᠠᠷᠪᠢᠯᠡᠵᠦ ᠳᠡᠶᠢᠯᠦᠨ᠎ᠡ᠃         ᠬᠥᠲᠥᠯᠥᠭᠴᠢ᠄ ᠸᠠᠩ ᠡᠷᠬᠢᠯᠡᠭᠴᠢ ᠶᠢᠨ ᠥᠨᠥᠳᠦᠷ ᠮᠠᠨ ᠤ ᠰᠦᠯᠵᠢᠶᠡᠨ ᠳᠤ ᠢᠷᠡᠵᠦ  ᠪᠢᠳᠠᠨ ᠳᠤ ᠬᠤᠲᠠ ᠶᠢᠨ ᠵᠠᠮ ᠤᠨ ᠭᠡᠷᠡᠯᠲᠦᠭᠦᠯᠭᠡ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠠᠯ᠎ᠠ ᠪᠠᠷ ᠨᠠᠷᠢᠨ  ᠲᠠᠶᠢᠯᠪᠣᠷᠢᠯᠠᠭᠰᠠᠨ ᠳᠤ ᠲᠠᠯᠠᠷᠬᠠᠵᠦ ᠪᠠᠶᠢᠨ᠎ᠠ᠃         ᠸᠠᠩ ᠸᠧᠢ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠤᠯᠠᠨ ᠤ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠢᠯᠡᠴᠢᠯᠡᠭᠡᠨ ᠤ ᠲᠥᠪ ᠲᠤ ᠠᠩᠬᠠᠷᠤᠯ ᠲᠠᠯᠪᠢᠵᠤ ᠪᠠᠶᠢᠬᠤ ᠳᠤ ᠲᠠᠯᠠᠷᠬᠠᠵᠤ ᠪᠠᠶᠢᠨ᠎ᠠ᠂ ᠤᠯᠠᠨ ᠢᠶᠠᠷ ᠢᠶᠠᠨ ᠮᠠᠨ ᠤ ᠠᠵᠢᠯ ᠤᠨ ᠬᠦᠷᠦᠯᠴᠡᠬᠦ ᠦᠭᠡᠢ ᠲᠠᠯ᠎ᠠ ᠳᠤ ᠢᠯᠡᠭᠦᠬᠡᠨ ᠨᠠᠨᠳᠢᠨ ᠰᠠᠨᠠᠯ ᠳᠤᠷᠠᠳᠬᠤ ᠶᠢ ᠬᠦᠰᠡᠵᠦ ᠪᠠᠶᠢᠨ᠎ᠠ︕
ᠢᠷᠡᠯᠲᠡ᠄ ᠲᠣᠰ ᠰᠥᠯᠵᠢᠶ᠎ᠡ