ᠵᠢᠷᠣᠮᠵᠢᠭᠰᠠᠨ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠶ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/11/4
                                     ᠣᠷᠳᠣᠰ ᠬᠢᠶ᠎ᠠ ᠵᠠᠰᠠᠭ ᠠᠯᠪᠠᠨ ᠲᠠᠷᠬᠠᠭᠠᠭᠰᠠᠨ ﹇2021﹈ 67 ᠳ᠋ᠤᠭᠠᠷ ᠲᠣᠭᠠᠲᠤᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠡᠯ᠎ᠡ ᠠᠵᠤ ᠠᠬᠤᠶᠢᠯᠠᠯ ᠠᠵᠢᠯ  ᠦᠢᠯᠡᠰ ᠤᠨ ᠪᠠᠶᠢᠭᠤᠯᠭ᠎ᠠ ᠳᠤ᠄           ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠳᠥᠯᠭᠢᠨ ᠠᠬᠢᠭᠤᠯᠵᠣ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ  ᠶᠢ ᠲᠦᠷᠭᠡᠳᠭᠡᠨ᠂ ᠵᠢᠷᠣᠮᠵᠢᠭᠰᠠᠨ ᠪᠢᠴᠢᠭ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠬᠡ᠂  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠣᠮᠵᠢᠭᠰᠠᠨ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191ᠳ᠋ᠦ᠋ᠭᠡᠷ ᠲᠣᠭᠠᠲᠤ︶  ᠶᠢ ᠦᠨᠳᠦᠰᠦᠯᠡᠨ᠂ ᠮᠠᠨ ᠤ  ᠪᠠᠶᠢᠭᠤᠯᠭ᠎ᠠ ᠨᠢ ᠲᠣᠭᠤᠷᠢᠭ ᠤᠨ ᠵᠠᠰᠠᠭ ᠤᠨ ᠣᠷᠳᠣᠨ ᠪᠠ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠲᠣᠭᠲᠠᠭᠠᠨ ᠲᠠᠷᠬᠠᠭᠠᠭᠰᠠᠨ ᠵᠢᠷᠣᠮᠵᠢᠭᠰᠠᠨ ᠪᠢᠴᠢᠭ ᠮᠠᠲ᠋ᠧᠷᠢᠶᠠᠯ ᠢ ᠢᠯᠭᠠᠷᠠᠭᠤᠯᠤᠨ   ᠲᠢᠭᠯᠡᠪᠡ᠂ ᠡᠳᠦᠭᠡ ᠢᠯᠭᠠᠷᠠᠭᠤᠯᠤᠨ ᠳᠢᠭᠯᠡᠭᠰᠡᠨ ᠦᠷ᠎ᠡ ᠳ᠋ᠦᠩ ᠢ ᠨᠡᠶᠢᠲᠡᠯᠡᠶ᠎ᠡ᠃ ᠨᠢᠭᠡᠨᠲᠡ ᠬᠦᠴᠦᠨ ᠥᠭᠡᠢ  ᠪᠣᠯᠣᠭᠰᠠᠨ ᠪᠠ ᠦᠢᠯᠡᠳᠦᠯ ᠠᠯᠳᠠᠭᠰᠠᠨ ᠵᠢᠷᠣᠮᠵᠢᠭᠰᠠᠨ ᠪᠢᠴᠢᠭ ᠮᠠᠲ᠋ᠧᠷᠢᠶᠠᠯ ᠢ ᠲᠤᠰ ᠮᠡᠳᠡᠭᠳᠡᠯ ᠨᠡᠶᠢᠲᠡᠯᠡᠭᠰᠡᠨ ᠡᠳᠦᠷ ᠠᠴᠠ ᠡᠬᠢᠯᠡᠨ᠂  ᠵᠠᠰᠠᠭ ᠵᠠᠬᠢᠷᠭᠠᠨ  ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠥᠭᠡᠢ᠃                     ᠳᠠᠭᠠᠯᠳᠤᠭᠤᠯᠤᠯ ᠄ 1.ᠬᠦᠴᠦᠨ ᠥᠭᠡᠢ ᠪᠣᠯᠣᠭᠰᠠᠨ ᠵᠢᠷᠣᠮᠵᠢᠭᠰᠠᠨ ᠪᠢᠴᠢᠭ ᠮᠠᠲ᠋ᠧᠷᠢᠶᠠᠯ ᠤᠨ ᠭᠠᠷᠴᠠᠭ                               2. ᠦᠢᠯᠡᠳᠦᠯ ᠠᠯᠳᠠᠭᠰᠠᠨ ᠵᠢᠷᠣᠮᠵᠢᠭᠰᠠᠨ ᠪᠢᠴᠢᠭ ᠮᠠᠲ᠋ᠧᠷᠢᠶᠠᠯ ᠤᠨ ᠭᠠᠷᠴᠠᠭ                             ᠤᠷᠳᠤᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                     2021 ᠣᠨ ᠤ 11 ᠰᠠᠷ᠎ᠠ ᠶᠢᠨ 14 ᠤ ᠡᠳᠦᠷ       
未标题-1.jpg
 
ᠢᠷᠡᠯᠲᠡ᠄ ᠲᠣᠰ ᠰᠥᠯᠵᠢᠶ᠎ᠡ