2021 ᠣᠨ ᠤ ᠬᠤᠶᠠᠳᠣᠭᠠᠷ ᠰᠠᠷ᠎ᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2021/12/13
         2 ᠳ᠋ᠤᠭᠠᠷ ᠰᠠᠷ᠎ᠠ ᠶᠢᠨ 1 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ  ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠢᠶ᠎ᠠ ᠪᠠᠭᠰᠢ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠤᠳᠤᠷᠢᠳᠤᠯᠭ᠎ᠠ ᠸᠠᠩ ᠵᠢᠶᠤᠤ᠂ ᠵᠠᠩ ᠫᠢᠩ ᠬᠤᠷᠠᠯ ᠳᠤ ᠣᠷᠣᠯᠴᠠᠵᠠᠢ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠲᠤᠰᠬᠠᠢ ᠳᠦᠷᠦᠯ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠤᠯᠠᠮᠵᠢᠯᠠᠵᠤ᠂ ᠬᠢᠶ᠎ᠠ ᠪᠠᠭᠰᠢ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠳᠦᠷᠦᠯ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠵᠤ᠂ ︽ᠱᠦᠵᠢ  ᠬᠥᠮᠦᠨ ᠪᠠ ᠤᠴᠢᠷ ᠶᠠᠪᠤᠳᠠᠯ ᠢ ᠳᠤᠷᠠᠳᠬᠤ︾ ᠬᠡᠷᠡᠭ ᠶᠠᠪᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃          2 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠠᠮᠢᠶ᠎ᠠ ᠪᠦᠬᠦᠢ ᠤᠳᠤᠷᠢᠳᠤᠯᠭ᠎ᠠ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠳᠡᠭᠡᠳᠤ ᠵᠡᠷᠭᠡ ᠶᠢᠨ ᠰᠢᠭᠦᠬᠦ  ᠬᠤᠷᠢᠶ᠎ᠠ ᠶᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ  ᠬᠤᠷᠢᠶ᠎ᠠ ᠶᠢᠨ ᠪᠠᠶᠢᠴᠠᠭᠠᠭᠴᠢ ᠳᠠᠷᠤᠭ᠎ᠠ ᠬᠤᠷᠠᠯ ᠳᠤ  ᠤᠷᠤᠯᠴᠠᠪᠠ ᠃ ᠥᠪᠡᠷᠲᠡᠭᠡᠨ ᠵᠠᠰᠠᠬᠤ  ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ ᠬᠤᠷᠠᠯ ᠢ ᠡᠷᠭᠢᠯᠡᠪᠡ᠃ ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠰᠢᠶᠤᠤ ᠴᠢᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠳ᠋ᠬᠠᠤᠷᠭᠢᠯ ᠵᠡᠷᠭᠡ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ  ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ  ᠪᠠᠶᠢᠴᠠᠭᠠᠭᠴᠢ ᠳᠠᠷᠤᠭ᠎ᠠ᠂ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠢᠶ᠎ᠠ ᠪᠠᠭᠰᠢ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃          2 ᠳ᠋ᠤᠭᠠᠷ ᠰᠠᠷ᠎ᠠ ᠶᠢᠨ 9 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ  ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ  ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠲᠣᠭᠤᠷᠢᠭ ᠤᠨ ᠵᠠᠰᠠᠭ ᠤᠨ ᠣᠷᠳᠣᠨ ᠤ  ᠪᠠᠶᠢᠭᠤᠯᠭ᠎ᠠ  ᠳᠠᠭᠠᠨ ᠪᠠᠶᠢᠭ᠎ᠠ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠲᠣᠭᠤᠷᠢᠭ ᠤᠨ ᠤᠳᠤᠷᠢᠳᠤᠯᠭ᠎ᠠ ᠾᠧ ᠹᠸᠢ᠂ ᠯᠢ ᠰᠢᠤᠸᠠᠢ ᠹᠧᠩ᠂ ᠲᠣᠭᠤᠷᠢᠭ ᠤᠨ ᠬᠤᠶᠠᠳᠤᠭᠠᠷ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠰᠤᠯᠠ ᠣᠷᠣᠯᠴᠠᠪᠠ᠃ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠷᠠᠯ ᠠᠴᠠ ᠡᠮᠦᠨ᠎ᠡ ᠰᠤᠷᠤᠯᠴᠠᠵᠦ ᠰᠤᠳᠤᠯᠤᠨ ᠶᠠᠷᠢᠯᠴᠠᠬᠤ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠬᠠᠷᠢᠴᠠᠭᠤᠯᠤᠨ ᠪᠠᠶᠢᠴᠠᠭᠠᠬᠤ  ᠮᠠᠲ᠋ᠧᠷᠢᠶᠠᠯ ᠢ ᠨᠠᠷᠢᠨ ᠬᠢᠨᠠᠮᠠᠭᠠᠢ ᠲᠤᠭᠤᠷᠪᠢᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠢ᠃          ᠴᠠᠭᠠᠨ ᠰᠠᠷ᠎ᠠ ᠣᠶᠢᠷᠠᠳᠴᠤ᠂ 2 ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠴᠢᠩ ᠴᠦᠨ ᠱᠠᠨ ᠵᠡᠭᠡᠯᠢ ᠭᠤᠳᠤᠮᠵᠢ ᠪᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠥᠪᠥᠷ ᠮᠣᠩᠭᠤᠯ ᠤᠨ ᠵᠢᠩ ᠨᠧᠩ  ᠤᠨ ᠬᠢᠶ᠎ᠠ ᠪᠠᠭᠰᠢ ᠳᠠᠬᠢ ᠢᠯᠴᠢ  ᠴᠠᠬᠢᠯᠭᠠᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠡᠮᠦᠨ᠎ᠡ ᠹᠷᠣᠨᠲ ᠤᠨ ᠺᠠᠳ᠋ᠷ ᠠᠵᠢᠯᠳᠠᠨ ᠠᠵᠢᠯᠴᠢᠨ ᠪᠣᠯᠤᠨ ᠶᠠᠳᠠᠭᠤ ᠭᠦᠴᠢᠷᠲᠠᠢ ᠭᠡᠷ ᠪᠦᠯᠢ᠂ ᠠᠬᠠᠮᠠᠳ ᠨᠠᠮ ᠤᠨ ᠭᠡᠰᠢᠭᠦᠨ᠂ ᠴᠡᠷᠢᠭ ᠠᠴᠠ ᠬᠠᠯᠠᠭᠳᠠᠭᠰᠠᠳ ᠪᠣᠯᠤᠨ ᠬᠦᠴᠢᠷᠳᠡᠯᠲᠡᠢ ᠬᠡᠦᠬᠡᠳ ᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠳᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠬᠦ ᠶᠢᠨ ᠬᠠᠮᠲᠤ ᠴᠠᠭᠠᠨ ᠰᠠᠷ᠎ᠠ ᠶᠢᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠲᠣᠭᠤᠷᠢᠭ ᠤᠨ ᠤᠳᠤᠷᠢᠳᠤᠯᠭ᠎ᠠ ᠸᠠᠩ ᠵᠢᠶᠤᠤ᠂ ᠮᠠᠤ ᠶᠢᠦ ᠭᠠᠩ᠂ ᠵᠠᠩ ᠫᠢᠩ᠂ ᠬᠤᠤ ᠹᠧᠩ ᠯᠢᠨ ᠲᠣᠬᠤᠨᠢᠭᠤᠯᠬᠤ ᠳᠤ ᠣᠷᠣᠯᠴᠠᠵᠠᠢ᠃          2 ᠳ᠋ᠤᠭᠠᠷ ᠰᠠᠷ᠎ᠠ ᠶᠢᠨ 18 ᠤ ᠡᠳᠦᠷ᠂ ᠬᠢᠶ᠎ᠠ ᠪᠠᠭᠰᠢ ᠲᠣᠭᠤᠷᠢᠭ 2021 ᠣᠨ ᠤ ᠭᠤᠤᠯᠳᠠᠯᠭ᠎ᠠ ᠲᠠᠢ ᠲᠥᠷᠥᠯ  ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠢ ᠡᠷᠭᠢᠯᠡᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠰᠢᠶᠤᠤ ᠴᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠳ᠋ᠬᠠᠤᠷᠭᠢᠯ ᠵᠡᠷᠭᠡ ᠲᠣᠭᠤᠷᠢᠭ ᠤᠨ ᠳᠥᠷᠪᠡᠨ ᠶᠡᠭᠡ  ᠤᠳᠤᠷᠢᠳᠬᠤ ᠪᠠᠭ ᠤᠨ  ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠵᠠᠶ᠃          2 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠪᠠ᠃ ᠯᠢ ᠳ᠋ᠦᠩ᠂ ᠯᠢ ᠰᠢᠶᠤᠤ ᠴᠢᠩ᠂ ᠸᠠᠩ ᠰᠢᠤᠸᠠᠢ ᠹᠧᠩ᠂ ᠠᠯᠳ᠋ᠬᠠᠤᠷᠭᠢᠯ ᠵᠡᠷᠭᠡ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ  ᠤᠨ  ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ  ᠪᠠᠶᠢᠴᠠᠭᠠᠭᠴᠢ ᠳᠠᠷᠤᠭ᠎ᠠ᠂ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠢᠶ᠎ᠠ ᠪᠠᠭᠰᠢ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃          2 ᠳ᠋ᠤᠭᠠᠷ ᠰᠠᠷ᠎ᠠ ᠶᠢᠨ 18 ᠤ ᠡᠳᠦᠷ᠂ ᠬᠢᠶ᠎ᠠ ᠪᠠᠭᠰᠢ ᠲᠣᠭᠤᠷᠢᠭ ᠬᠠᠪᠤᠷ ᠤᠨ ᠤᠯᠠᠷᠢᠯ ᠤᠨ ᠨᠣᠭᠤᠭᠠᠷᠠᠭᠤᠯᠤᠯᠲᠠ ᠶᠢᠨ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠢ ᠡᠷᠭᠢᠯᠡᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠰᠢᠶᠤᠤ ᠴᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠳ᠋ᠬᠠᠤᠷᠭᠢᠯ ᠵᠡᠷᠭᠡ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠵᠠᠶ᠃          2 ᠳ᠋ᠤᠭᠠᠷ ᠰᠠᠷ᠎ᠠ ᠶᠢᠨ 25 ᠤ ᠡᠳᠦᠷ᠂ ᠬᠢᠶ᠎ᠠ ᠪᠠᠭᠰᠢ ᠲᠣᠭᠤᠷᠢᠭ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠡᠦᠬᠡ ᠨᠠᠮᠴᠢ ᠴᠢᠨᠠᠷ ᠤᠨ ᠬᠥᠮᠦᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ᠃  ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠷᠠᠯ ᠠᠴᠠ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠡᠦᠬᠡ ᠨᠠᠮᠴᠢ ᠴᠢᠨᠠᠷ ᠤᠨ ᠬᠥᠮᠦᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ  ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠡᠳᠬᠢᠴᠡ ᠵᠢᠴᠢ ᠦᠨᠳᠦᠰᠦᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃          2 ᠳ᠋ᠤᠭᠠᠷ ᠰᠠᠷ᠎ᠠ ᠶᠢᠨ 26 ᠤ ᠡᠳᠦᠷ᠂ ᠬᠢᠶ᠎ᠠ ᠪᠠᠭᠰᠢ ᠲᠣᠭᠤᠷᠢᠭ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠤᠰᠬᠠᠶᠢᠯᠠᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠢ ᠤᠷᠢᠵᠤ  ᠠᠰᠠᠭᠤᠳᠠᠯ ᠢ ᠣᠨᠣᠰᠢᠯᠠᠭᠤᠯᠵᠤ᠂ ᠠᠷᠭ᠎ᠠ ᠤᠬᠠᠭᠠᠨ ᠭᠠᠷᠭᠠᠯᠭᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃ ᠲᠣᠭᠤᠷᠢᠭ ᠤᠨ ᠤᠳᠤᠷᠢᠳᠤᠯᠭ᠎ᠠ ᠼᠤᠤ ᠶᠢᠨ ᠰᠢᠨ᠂ ᠸᠠᠩ ᠷᠦᠢ ᠰᠢᠶᠠᠩ ᠬᠤᠷᠠᠯ ᠳᠤ ᠣᠷᠣᠯᠴᠠᠪᠠ᠃          2 ᠳ᠋ᠤᠭᠠᠷ ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠷᠠᠯ ᠸᠢᠳᠢᠣ᠋ ᠶᠢᠨ ᠬᠡᠯᠪᠡᠷᠢ ᠪᠠᠷ ᠬᠤᠷᠠᠯᠳᠤᠵᠠᠢ᠃ ᠯᠢ ᠳ᠋ᠦᠩ᠂ ᠯᠢ ᠰᠢᠶᠤᠤ ᠴᠢᠩ᠂ ᠸᠠᠩ ᠰᠢᠤᠸᠠᠢ ᠹᠧᠩ ᠵᠡᠷᠭᠡ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ  ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ   ᠪᠠᠶᠢᠴᠠᠭᠠᠭᠴᠢ ᠳᠠᠷᠤᠭ᠎ᠠ᠂ ᠡᠯ᠎ᠡ ᠵᠡᠭᠡᠯᠢ ᠭᠤᠳᠤᠮᠵᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠢᠶ᠎ᠠ ᠪᠠᠭᠰᠢ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃
ᠢᠷᠡᠯᠲᠡ᠄ ᠲᠣᠰ ᠰᠥᠯᠵᠢᠶ᠎ᠡ