2021 ᠣᠨ ᠤ ᠭᠤᠷᠪᠠᠳᠣᠭᠠᠷ ᠰᠠᠷ᠎ᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2021/12/13
         3 ᠳ᠋ᠤᠭᠠᠷ ᠰᠠᠷ᠎ᠠ ᠶᠢᠨ 8 ᠤ ᠦᠳᠡ ᠶᠢᠨ ᠡᠮᠦᠨᠡᠬᠢ 9 ᠴᠠᠭ ᠲᠤ᠂ ᠤᠷᠳᠤᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃ ᠬᠢᠶ᠎ᠠ ᠪᠠᠭᠰᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 132 ᠬᠥᠮᠦᠨ᠂ ᠲᠤᠰ ᠤᠳᠠᠭ᠎ᠠ ᠶᠢᠨ ᠪᠦᠬᠦᠳᠡ ᠬᠤᠷᠠᠯ ᠳᠤ ᠣᠷᠣᠯᠴᠠᠬᠤ ᠲᠥᠯᠥᠭᠡᠯᠡᠭᠴᠢ 105 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠯᠢ ᠳ᠋ᠦᠩ ᠬᠤᠷᠠᠯ ᠳᠤ ᠣᠷᠣᠯᠴᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠯᠢ ᠰᠢᠶᠤᠤ ᠴᠢᠩ ᠬᠤᠷᠠᠯ ᠢ ᠡᠷᠬᠢᠯᠡᠪᠡ᠃ ᠣᠷᠣᠯᠠᠭᠴᠢ  ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃          3 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ  ᠤᠳᠠᠭᠠᠨ ᠤ ᠬᠤᠷᠠᠯ ᠭᠤᠷᠪᠠᠳᠤᠭᠠᠷ ᠪᠥᠬᠦᠳᠡ ᠬᠤᠷᠠᠯ ᠬᠢᠪᠠ᠃ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 132 ᠬᠥᠮᠦᠨ᠂ ᠲᠣᠰ ᠤᠳᠠᠭᠠᠨ ᠤ ᠪᠥᠬᠦᠳᠡ ᠬᠤᠷᠠᠯ ᠳᠤ  ᠤᠷᠤᠯᠴᠠᠭᠰᠠᠨ ᠲᠥᠯᠥᠭᠡᠯᠡᠭᠴᠢ 105 ᠬᠥᠮᠦᠨ ᠪᠠᠶᠢᠵᠤ᠂ ᠬᠠᠤᠯᠢᠨ  ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠯᠢ ᠳ᠋ᠦᠩ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠯᠢ ᠰᠢᠶᠤᠤ ᠴᠢᠩ᠂ ᠰᠦᠨ ᠡᡁᠧ ᠭᠦᠸᠧ᠂ ᠮᠠᠤ ᠶᠢᠤ ᠭᠠᠩ᠂ ᠠᠷᠢᠭᠤᠨᠭᠤᠸ᠎ᠠ᠂ ᠶᠤᠸᠠᠨ ᠽᠢ ᠶᠤᠸᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠸᠠᠩ ᠰᠢᠤᠸᠠᠢ ᠹᠧᠩ᠂ ᠠᠯᠳ᠋ᠬᠠᠤᠷᠭᠢᠯ ᠵᠡᠷᠭᠡ ᠲᠣᠭᠤᠷᠢᠭ ᠤᠨ ᠤᠳᠤᠷᠢᠳᠤᠯᠭ᠎ᠠ ᠵᠢᠴᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠨᠡᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠬᠤᠷᠠᠯ ᠠᠴᠠ ︽ᠤᠷᠳᠤᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ  ᠤᠳᠠᠭᠠᠨ ᠤ  ᠬᠤᠷᠠᠯ ᠤᠨ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ︾ ᠢ ᠪᠠᠲᠤᠯᠠᠭᠰᠠᠨ ᠤ ᠳᠠᠷᠠᠭ᠎ᠠ ᠰᠣᠩᠭᠤᠭᠤᠯᠢ ᠡᠬᠢᠯᠡᠪᠡ᠃ ᠲᠡᠷᠢᠭᠦᠯᠡᠭᠴᠢᠳ ᠤᠨ ᠪᠦᠯᠬᠦᠮ ᠤᠨ ᠬᠤᠷᠠᠯ ᠢᠶᠠᠷ ᠨᠤᠲᠠᠯᠠᠭᠰᠠᠨ ᠢᠶᠠᠷ᠂ ᠶᠡᠭᠡ ᠬᠤᠷᠠᠯ ᠤᠨ ᠡᠷᠬᠢᠯᠡᠭᠴᠢ ᠠᠴᠠ ᠲᠡᠷᠢᠭᠦᠯᠡᠭᠴᠢᠳ ᠤᠨ ᠪᠦᠯᠬᠦᠮ ᠢ ᠲᠥᠯᠥᠭᠡᠯᠡᠨ ᠬᠠᠮᠤᠭ ᠡᠴᠦᠰ ᠤᠨ ᠰᠣᠩᠭᠤᠭᠤᠯᠢ ᠶᠢᠨ ᠦᠷ᠎ᠡ ᠳ᠋ᠦᠩ ᠢ ᠨᠡᠶᠢᠲᠡᠯᠡᠪᠡ᠄ ᠸᠠᠩ ᠰᠢᠤᠸᠠᠢ ᠹᠧᠩ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ  ᠤᠨ ᠳᠠᠷᠤᠭ᠎ᠠ ᠪᠠᠷ ᠰᠣᠩᠭᠤᠭᠳᠠᠪᠠ︔ ᠸᠠᠩ ᠰᠢᠶᠠᠩ ᠯᠦᠩ᠂ ᠵᠠᠩ ᠫᠢᠩ᠂ ᠵᠧᠤ ᠯᠦᠩ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠭᠳᠠᠪᠠ᠃          3 ᠳ᠋ᠤᠭᠠᠷ ᠰᠠᠷ᠎ᠠ ᠶᠢᠨ 11 ᠤ ᠡᠳᠦᠷ᠂ ᠪᠥᠬᠦ ᠬᠤᠲᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ  ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠪᠠ᠃ ᠯᠢ ᠳ᠋ᠦᠩ᠂ ᠸᠠᠩ ᠰᠢᠤᠸᠠᠢ ᠹᠧᠩ᠂ ᠠᠯᠳ᠋ᠬᠠᠤᠷᠭᠢᠯ ᠵᠡᠷᠭᠡ ᠲᠣᠭᠤᠷᠢᠭ ᠤᠨ ᠳᠦᠷᠪᠡᠨ ᠶᠡᠭᠡ ᠤᠳᠤᠷᠢᠳᠬᠤ ᠪᠠᠭ  ᠤᠨ ᠪᠠᠶᠢᠭᠤᠯᠭ᠎ᠠ  ᠳᠠᠭᠠᠨ ᠪᠠᠶᠢᠭ᠎ᠠ ᠤᠳᠤᠷᠢᠳᠤᠯᠭ᠎ᠠ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ   ᠪᠠᠶᠢᠴᠠᠭᠠᠭᠴᠢ ᠳᠠᠷᠤᠭ᠎ᠠ᠂ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠢᠶ᠎ᠠ ᠪᠠᠭᠰᠢ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠪᠠ᠃          3 ᠳ᠋ᠤᠭᠠᠷ ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ ᠬᠢᠶ᠎ᠠ ᠪᠠᠭᠰᠢ ᠲᠣᠭᠤᠷᠢᠭ ᠤᠨ ᠭᠤᠤᠯᠳᠠᠯᠭ᠎ᠠ ᠲᠠᠢ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠠᠶᠤᠯᠭᠦᠶ ᠦᠢᠯᠡᠳᠪᠦᠷᠢᠯᠡᠯ  ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠸᠠᠩ ᠷᠦᠢ ᠰᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠯᠢ ᠳ᠋ᠦᠩ ᠤᠷᠢᠳ ᠬᠤᠵᠢᠳ ᠬᠤᠢ ᠰᠢᠨ ᠶᠤᠸᠠᠨ ᠤ B ᠲᠣᠭᠤᠷᠢᠭ᠂ ᠰᠢ ᠬᠤ᠋ ᠮᠢᠩ ᠵᠦ ᠲᠣᠭᠤᠷᠢᠭ᠂ ᠳ᠋ᠦᠩ ᠹᠠᠩ ᠯᠠᠨ ᠵᠢᠶᠦ᠋ᠨ᠂ ᠭᠤᠸᠠᠨ ᠱᠠᠨ ᠶᠤᠸᠠᠢ᠂ ᠺᠠᠩ ᠴᠧᠩ ᠮᠢᠩ ᠶᠤᠸᠠᠨ  ᠰᠠᠭᠤᠭᠠᠯᠢ ᠲᠣᠭᠤᠷᠢᠭ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠲᠤ ᠬᠦᠷᠴᠦ᠂ ᠪᠦᠳᠦᠭᠡᠨ ᠪᠠᠶᠢᠭᠤᠯᠤᠯᠲᠠ ᠶᠢ ᠦᠵᠡᠵᠦ᠂ ᠠᠬᠢᠴᠠ ᠶᠢ ᠠᠰᠠᠭᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃          3 ᠳ᠋ᠤᠭᠠᠷ ᠰᠠᠷ᠎ᠠ ᠶᠢᠨ 23 ᠤ ᠡᠳᠦᠷ᠂ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ  ᠬᠤᠷᠠᠯᠳᠤᠪᠠ ᠃ ᠲᠤᠭᠤᠷᠢᠭ  ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠭᠤᠷᠢᠭ ᠤᠨ ᠳᠠᠷᠤᠭ᠎ᠠ ᠵᠠᠩ ᠫᠢᠩ ᠬᠤᠷᠠᠯ ᠢ ᠡᠷᠭᠢᠯᠡᠪᠡ᠃ ᠲᠣᠭᠤᠷᠢᠭ ᠤᠨ ᠤᠳᠤᠷᠢᠳᠤᠯᠭ᠎ᠠ ᠯᠢᠦ ᠴᠦᠨ ᠹᠠᠩ᠂ ᠸᠠᠩ ᠷᠦᠢ ᠰᠢᠶᠠᠩ᠂ ᠯᠢ ᠰᠢᠤᠸᠠᠢ ᠹᠧᠩ ᠬᠤᠷᠠᠯ ᠳᠤ ᠣᠷᠣᠯᠴᠠᠪᠠ᠃  ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠥᠬᠦ ᠺᠠᠳ᠋ᠷ  ᠠᠵᠢᠯᠲᠠᠳ ᠬᠤᠷᠠᠯ ᠳᠤ ᠣᠷᠣᠯᠴᠠᠵᠠᠶ᠃          3 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠶᠢᠰᠦᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠶᠠᠨ ᠵᠢᠶᠦ᠋ᠨ ᠥᠪᠡᠷᠲᠡᠭᠡᠨ ᠵᠠᠰᠠᠬᠤ  ᠤᠷᠤᠨ ᠤ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠶᠢᠰᠦᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠢ ᠳᠠᠭᠠᠭᠤᠯᠤᠨ ᠬᠢᠶ᠎ᠠ ᠪᠠᠭᠰᠢ ᠲᠣᠭᠤᠷᠢᠭ ᠲᠤ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠠᠵᠢᠯ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠠᠯᠪᠠᠨ ᠬᠡᠷ ᠤᠨ ᠡᠷᠬᠢᠯᠡᠭᠴᠢ ᠯᠢᠦ ᠰᠢᠶᠤᠤ ᠹᠧᠩ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ᠂ ᠲᠣᠭᠤᠷᠢᠭ ᠤᠨ ᠤᠳᠤᠷᠢᠳᠤᠯᠭ᠎ᠠ ᠶᠠᠩ  ᠱᠦ ᠸᠧᠶ᠂  ᠠᠷᠢᠭᠤᠨᠭᠤᠸ᠎ᠠ  ᠬᠠᠮᠲᠤ ᠪᠠᠷ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃          3 ᠳ᠋ᠤᠭᠠᠷ ᠰᠠᠷ᠎ᠠ ᠶᠢᠨ 26 ᠤ ᠡᠳᠦᠷ᠂ ᠣᠷᠳᠣᠰ ᠤᠨ  ᠵᠠᠪᠢ ᠶᠢᠨ ᠤᠷᠤᠯᠳᠤᠭᠠᠨ ᠤ  ᠮᠠᠰᠲ᠋ᠧᠷ ᠤᠨ ᠤᠷᠤᠯᠳᠤᠭᠠᠨ ᠤ ᠶᠠᠪᠤᠳᠠᠯ ᠪᠤᠲᠠᠳᠠᠶᠢᠵᠢᠭᠤᠯᠬᠤ ᠪᠠ ᠬᠤᠯᠪᠣᠭᠳᠠᠯ ᠪᠥᠬᠦᠶ ᠤᠰᠤᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠵᠤ  ᠦᠢᠯᠡᠰ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠵᠢᠴᠢ 2021 ᠣᠨ ᠤ ᠤᠷᠤᠯᠳᠤᠭᠠᠨ ᠤ ᠶᠠᠪᠤᠳᠠᠯ ᠢ ᠨᠡᠶᠢᠲᠡᠯᠡᠬᠦ ᠠᠵᠢᠯᠯᠠᠭ᠎ᠠ ᠣᠷᠳᠣᠰ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠶᠠᠪᠤᠭᠳᠠᠪᠠ᠃  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋  ᠲᠣᠭᠤᠷᠢᠭ ᠤᠨ  ᠳᠠᠷᠤᠭ᠎ᠠ ᠸᠠᠩ ᠵᠢᠶᠤᠤ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋  ᠲᠤᠭᠤᠷᠢᠭ  ᠤᠨ ᠳᠠᠷᠤᠭ᠎ᠠ ᠵᠠᠩ ᠫᠢᠩ᠂ ᠾᠧ ᠹᠸᠢ᠂ ᠳᠤᠮᠳᠠᠳᠤ ᠤᠯᠤᠰ ‍ᠤᠨ‌ᠵᠠᠪᠢ ᠶᠢᠨ ᠤᠷᠤᠯᠳᠤᠭᠠᠨ ᠤ  ᠺᠯᠦ᠋ᠪ ᠤᠨ ᠬᠤᠯᠪᠣᠭᠠᠨ ᠤ ᠳᠡᠳ᠋ ᠲᠡᠷᠢᠭᠦᠯᠡᠭᠴᠢ᠂ ᠥᠪᠥᠷ ᠮᠣᠩᠭᠤᠯ ᠤᠨ ᠱᠧᠨ ᠴᠢᠶᠠᠨ ᠪᠡᠶ᠎ᠡ ᠶᠢᠨ ᠲᠠᠮᠢᠷ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠾᠧ ᠯᠢᠦ᠂ ᠳᠤᠮᠳᠠᠳᠤ ᠤᠯᠤᠰ ᠤᠨ ᠨᠢᠭᠡᠳᠦᠭᠡᠷ ᠦᠶ᠎ᠡ ᠶᠢᠨ ᠤᠷᠤᠯᠳᠤᠭᠠᠨ ᠤ ᠵᠠᠪᠢ ᠶᠢᠨ ᠲᠠᠮᠢᠷᠴᠢᠨ᠂ ᠳᠤᠮᠳᠠᠳᠤ ᠤᠯᠤᠰ ᠤᠨ ᠤᠷᠤᠯᠳᠤᠭᠠᠨ ᠤ ᠵᠠᠪᠢ ᠶᠢᠨ ᠨᠡᠶᠢᠭᠡᠮᠯᠢᠭ ᠤᠨ ᠬᠢᠨᠠᠭᠴᠢ ᠶᠢᠨ ᠵᠥᠪᠯᠡᠯ ᠤᠨ ᠨᠡᠷ᠎ᠡ ᠬᠦᠨᠳᠦᠲᠦ ᠬᠢᠨᠠᠭᠴᠢ ᠶᠤᠸᠠᠨ ᠶᠢᠨ ᠬᠤᠸᠠ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠡᠪᠯᠡᠯ ᠤᠨ ᠬᠤᠷᠢᠶᠠᠨ ᠤ ᠳᠡᠳ᠋ ᠱᠦᠵᠢ᠂ ᠰᠤᠷᠤᠭᠴᠢᠳ ᠤᠨ ᠤᠷᠤᠯᠳᠤᠭᠠᠨ ᠤ ᠵᠠᠪᠢ ᠶᠢᠨ ᠺᠯᠦ᠋ᠪ ᠤᠨ ᠳᠠᠭᠠᠭᠤᠯᠤᠭᠴᠢ ᠱᠢ ᠶᠠᠩ  ᠭᠧᠨ ᠠᠵᠢᠯᠯᠠᠭ᠎ᠠ ᠳᠤ ᠣᠷᠣᠯᠴᠠᠪᠠ᠃          3 ᠳ᠋ᠤᠭᠠᠷ ᠰᠠᠷ᠎ᠠ ᠶᠢᠨ 26 ᠤ ᠡᠳᠦᠷ᠂ ᠬᠢᠶ᠎ᠠ ᠪᠠᠭᠰᠢ ᠲᠣᠭᠤᠷᠢᠭ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠲᠣᠭᠤᠷᠢᠭ ᠤᠨ  ᠳᠠᠷᠤᠭ᠎ᠠ ᠸᠠᠩ ᠵᠢᠶᠤᠤ ᠬᠤᠷᠠᠯ ᠢ ᠡᠷᠬᠢᠯᠡᠪᠡ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋  ᠲᠤᠭᠤᠷᠢᠭ ᠤᠨ ᠳᠠᠷᠤᠭ᠎ᠠ ᠯᠢᠦ ᠴᠦᠨ ᠹᠠᠩ ᠬᠤᠷᠠᠯ ᠳᠤ ᠣᠷᠣᠯᠴᠠᠵᠠᠢ᠃ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠬᠤᠷᠠᠯ ᠠᠴᠠ ᠮᠠᠨ ᠤ  ᠲᠤᠭᠤᠷᠢᠭ ‍ᠤᠨ‌‍ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃
ᠢᠷᠡᠯᠲᠡ᠄ ᠲᠣᠰ ᠰᠥᠯᠵᠢᠶ᠎ᠡ