2021 ᠤᠨ ᠤ  ᠳᠦᠷᠪᠡᠳᠦᠭᠡᠷ ᠰᠠᠷ᠎ᠠ ᠶᠢᠨ ᠬᠢᠶ᠎ᠠ ᠪᠠᠭᠰᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠲᠡᠭᠯᠡᠯ
ᠨᠡᠶᠢᠲᠡᠯᠡᠭᠰᠡᠨ ᠴᠠᠭ᠄
2021/12/15
        4 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠥᠬᠡᠬᠤᠲᠠ ᠳᠤ ᠬᠦᠷᠴᠦ ᠬᠤᠸᠠ ᠸᠧᠶ ᠺᠣᠮᠫᠠᠨᠢ ᠶᠢᠨ ᠥᠪᠥᠷ ᠮᠣᠩᠭᠤᠯ ᠤᠨ ᠬᠡᠷᠡᠭ ᠡᠷᠬᠢᠯᠡᠬᠦ ᠭᠠᠵᠠᠷ ᠲᠤ  ᠤᠴᠢᠵᠤ     ᠠᠵᠢᠯ ᠢᠶᠠᠨ ᠲᠤᠰᠢᠶᠠᠬᠤ ᠶᠢᠨ ᠬᠠᠮᠲᠤ ᠠᠵᠤ ᠠᠬᠤᠶᠢᠯᠠᠯ ᠲᠠᠢ ᠶᠠᠷᠢᠯᠴᠠᠬᠤ ᠬᠤᠷᠠᠯ ᠬᠢᠪᠠ᠃  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠼᠤᠤ ᠶᠢᠨ ᠰᠢᠨ ᠶᠠᠷᠢᠯᠴᠠᠬᠤ ᠬᠤᠷᠠᠯ ᠳᠤ ᠣᠷᠣᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠸᠠᠩ ᠰᠢᠤᠸᠠᠢ  ᠹᠧᠩ ᠬᠢᠶ᠎ᠠ ᠪᠠᠭᠰᠢ ᠲᠣᠭᠤᠷᠢᠭ ᠤᠨ  ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ  ᠤᠶᠤᠨᠴᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠣᠳᠣᠬᠠᠨ ᠤ ᠭᠤᠤᠯᠳᠠᠯᠭ᠎ᠠ ᠲᠠᠢ ᠠᠵᠢᠯ ᠢ ᠲᠠᠨᠢᠯᠴᠠᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠬᠤᠸᠠ ᠸᠧᠢ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠳᠠᠭᠠᠭᠠᠮᠠᠯ ᠵᠤᠤ ᠭᠦᠸᠧ ᠬᠤᠢ ᠺᠣᠮᠫᠠᠨᠢ ᠶᠢᠨ ᠤᠷᠳᠤᠰ ᠬᠤᠳᠠ ᠵᠢᠴᠢ ᠬᠢᠶ᠎ᠠ ᠪᠠᠭᠰᠢ ᠲᠣᠭᠤᠷᠢᠭ ᠲᠠᠬᠢ ᠲᠤᠬᠠᠶᠢᠯᠠᠭᠰᠠᠨ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ ᠵᠢᠴᠢ ᠢᠷᠡᠭᠡᠳᠦᠢ ᠶᠢᠨ ᠲᠥᠯᠥᠪᠯᠡᠭᠡ ᠪᠠᠨ ᠲᠠᠨᠢᠯᠴᠠᠭᠤᠯᠪᠠ᠃ ᠬᠤᠶᠠᠷ  ᠡᠳᠡᠭᠡᠳ ᠢᠶᠠᠷ ᠢᠶᠠᠨ ᠳᠠᠷᠠᠭᠠᠴᠢ ᠶᠢᠨ ᠠᠯᠬᠤᠮ ᠳᠤ ᠵᠠᠰᠠᠭ ᠠᠵᠤ ᠠᠬᠤᠶᠢᠯᠠᠯ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠭᠠᠵᠠᠷ ᠣᠷᠣᠨ ᠤ  ᠡᠷᠳᠡᠮ ᠰᠢᠨᠵᠢᠯᠡᠭᠡᠨ ᠤ ᠰᠤᠳᠤᠯᠭᠠᠨ ᠤ ᠦᠢᠯᠡᠰ ᠤᠨ ᠬᠥᠭᠵᠢᠯᠲᠡ ᠪᠣᠯᠤᠨ  ᠤᠶᠤᠨᠴᠢ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠥᠷᠭᠡᠨ ᠭᠦᠨᠵᠡᠭᠡᠢ ᠰᠣᠯᠢᠯᠴᠠᠭ᠎ᠠ ᠬᠢᠵᠡᠢ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃        4 ᠳ᠋ᠤᠭᠡᠷ ᠰᠠᠷ᠎ᠠ ᠶᠢᠨ 9 ᠤ ᠡᠳᠦᠷ᠂  ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ ᠬᠢᠶ᠎ᠠ ᠪᠠᠭᠰᠢ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ  ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠲᠣᠭᠤᠷᠢᠭ ᠤᠨ ᠳᠠᠷᠤᠭ᠎ᠠ ᠼᠤᠤ ᠶᠢᠨ ᠰᠢᠨ᠂ ᠳᠡᠳ᠋ ᠲᠣᠭᠤᠷᠢᠭ ᠤᠨ ᠳᠠᠷᠤᠭ᠎ᠠ ᠸᠠᠩ ᠷᠦᠢ ᠰᠢᠶᠠᠩ ᠪᠠᠶᠢᠴᠠᠭᠠᠨ ᠰᠤᠳᠤᠯᠤᠯᠲᠠ ᠪᠠ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ᠃ ᠸᠠᠩ ᠰᠢᠤᠸᠠᠢ  ᠹᠧᠩ ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠪᠠᠷ ᠬᠥᠭᠵᠢᠭᠦᠯᠬᠦ︾ ᠣᠶᠢᠯᠠᠭᠠᠭᠳᠠᠬᠤᠨ ᠢ ᠭᠦᠨᠵᠡᠭᠡᠶ  ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠬᠢᠨᠠᠨ ᠪᠠᠶᠢᠴᠠᠭᠠᠬᠤ ᠳᠤᠭᠤᠶᠢᠯᠠᠩ ᠤᠨ  ᠬᠢᠨᠠᠨ  ᠪᠠᠶᠢᠴᠠᠭᠠᠭᠰᠠᠨ ᠪᠠᠶᠢᠳᠠᠯ ᠤᠨ ᠬᠠᠷᠢᠭᠤ ᠲᠤᠰᠬᠠᠭᠰᠠᠨ ᠠᠰᠠᠭᠤᠳᠠᠯ ᠤᠨ ᠨᠠᠷᠢᠨ ᠲᠠᠩᠰᠠ ᠶᠢᠨ ᠲᠣᠭᠤᠷᠢᠨ ᠳᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠬᠡ ᠲᠠᠩᠰᠠ ᠶᠢ ᠪᠠᠶᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠬᠢᠭᠤᠯᠤᠨ᠂ ᠴᠡᠭᠴᠡᠯᠡᠨ ᠰᠠᠶᠢᠵᠢᠷᠠᠭᠤᠯᠬᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠶ ᠭᠡᠵᠦ ᠵᠢᠭᠠᠵᠤ ᠭᠠᠷᠭᠠᠪᠠ ᠃        4 ᠳ᠋ᠤᠭᠡᠷ  ᠰᠠᠷ᠎ᠠ ᠶᠢᠨ 12 ᠤᠨ ᠦᠳᠡ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ᠂ ᠲᠣᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ ᠵᠡᠷᠭᠡ ᠲᠣᠭᠤᠷᠢᠭ   ᠤᠨ   ᠲᠦᠷᠪᠡᠨ ᠶᠡᠭᠡ ᠤᠳᠤᠷᠢᠳᠬᠤ ᠪᠠᠭ  ᠤᠨ ᠪᠠᠶᠢᠭᠤᠯᠭ᠎ᠠ  ᠳᠠᠭᠠᠨ ᠪᠠᠶᠢᠭ᠎ᠠ ᠤᠳᠤᠷᠢᠳᠤᠯᠭ᠎ᠠ ᠬᠠᠮᠲᠤ ᠬᠤᠲᠠ ᠶᠢᠨ ᠬᠢᠯᠢ ᠪᠠᠷ ᠣᠷᠣᠵᠤ ᠭᠠᠷᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠶᠢᠨ ᠡᠮᠦᠨ᠎ᠡ ᠲᠠᠯ᠎ᠠ ᠶᠢᠨ ᠠᠯᠪᠠᠨ ᠵᠢᠷᠤᠮ ᠤᠨ ᠮᠣᠳᠣ ᠳᠠᠷᠢᠬᠤ  ᠲᠠᠯᠠᠪᠠᠢ ᠳᠤ ᠬᠦᠷᠴᠦ᠂ ᠺᠠᠳ᠋ᠷ ᠤᠯᠠᠨ ᠲᠦᠮᠡᠨ ᠲᠠᠢ ᠬᠠᠮᠲᠤ ᠮᠤᠳᠤ ᠲᠠᠷᠢᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ  ᠲᠤᠭᠤᠷᠢᠭ ᠢᠶᠠᠷ ᠢᠶᠠᠨ ᠠᠯᠪᠠᠨ ᠵᠢᠷᠤᠮ ᠤᠨ ᠮᠣᠳᠣ ᠲᠠᠷᠢᠬᠤ ᠳᠤ ᠣᠷᠣᠯᠴᠠᠬᠤ ᠶᠢ ᠤᠷᠢᠶᠠᠯᠠᠵᠤ᠂ ᠬᠥᠮᠦᠨ ᠪᠦᠬᠦᠨ ᠨᠣᠭᠤᠭᠠᠷᠠᠭᠤᠯᠬᠤ᠂ ᠬᠥᠮᠦᠨ ᠪᠦᠬᠦᠨ  ᠨᠤᠭᠤᠭᠠᠷᠠᠭᠤᠯᠤᠯᠲᠠ ᠶᠢ ᠬᠠᠮᠠᠭᠠᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠨᠣᠭᠤᠭᠠᠨ ᠦᠩᠭᠡ ᠶᠢ ᠬᠢᠶ᠎ᠠ ᠪᠠᠭᠰᠢ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠦᠩᠬᠡ ᠪᠣᠯᠭᠠᠵᠤ᠂ ᠤᠯᠠᠨ ᠲᠦᠮᠡᠨ ᠳᠤ ᠬᠥᠬᠡᠮᠳᠦᠭ ᠨᠣᠭᠤᠭᠠᠨ ᠠᠭᠤᠯᠠ ᠤᠰᠤᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤᠪᠠᠷ ᠡᠳ᠋ᠯᠡᠭᠦᠯᠬᠦ ᠬᠡᠷᠡᠭᠲᠡᠢ᠃        4  ᠳ᠋ᠤᠭᠡᠷ  ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢᠶᠠᠨ  ᠰᠤ᠋ ᠬᠢᠶ᠎ᠠ ᠪᠠᠭᠰᠢ ᠲᠣᠭᠤᠷᠢᠭ ᠲᠤ ᠭᠦᠨᠵᠡᠭᠡᠶᠢᠷᠡᠨ ᠬᠠᠤᠯᠢ ᠲᠣᠭᠲᠠᠭᠠᠬᠤ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ  ᠫᠢᠩ ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠹᠠᠨ ᠵᠢᠶᠦ᠋ᠨ ᠫᠢᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ ᠣᠷᠣᠯᠴᠠᠵᠠᠶ᠃ ᠳ᠋ᠦᠩ ᠹᠠᠩ ᠨᠢᠦ ᠯᠠᠨ ᠳ᠋ᠢ ᠰᠠᠭᠤᠭᠠᠯᠢ ᠲᠣᠭᠤᠷᠢᠭ ᠲᠤ᠂ ᠯᠢᠶᠠᠨ  ᠰᠤ᠋ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠶᠢᠯᠤᠮᠵᠢ ᠰᠣᠨᠣᠰᠬᠤ ᠬᠡᠯᠪᠡᠷᠢ ᠪᠠᠷ ᠬᠢᠶ᠎ᠠ ᠪᠠᠭᠰᠢ ᠲᠣᠭᠤᠷᠢᠭ ᠤᠨ ︽ᠤᠷᠳᠤᠰ ᠤᠨ ᠪᠣᠯᠪᠠᠰᠤᠨ ᠠᠵᠢᠯᠯᠠᠭ᠎ᠠ ᠶᠢ ᠠᠬᠢᠭᠤᠯᠬᠤ ᠲᠦᠷᠢᠮ︾ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃              4 ᠳ᠋ᠤᠭᠡᠷ  ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠬᠢᠶ᠎ᠠ ᠪᠠᠭᠰᠢ ᠲᠣᠭᠤᠷᠢᠭ ᠲᠤ ᠭᠦᠨᠵᠡᠭᠡᠶᠢᠷᠡᠨ ᠰᠣᠶᠣᠯ ᠵᠢᠭᠤᠯᠴᠢᠯᠠᠯ ᠪᠠ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠳᠠ ᠶᠢᠨ ᠤᠳᠤᠷᠢᠳᠤᠯᠭ᠎ᠠ ᠯᠢ ᠯᠢ᠂ ᠯᠢᠦ ᠵᠢᠶᠠᠨ ᠰᠢᠶᠦ᠋ᠨ᠂ ᠲᠣᠭᠤᠷᠢᠭ ᠤᠨ ᠤᠳᠤᠷᠢᠳᠤᠯᠭ᠎ᠠ ᠯᠢ ᠳ᠋ᠦᠩ᠂ ᠸᠠᠩ ᠰᠢᠤᠸᠠᠢ ᠹᠧᠩ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃           4 ᠳ᠋ᠤᠭᠡᠷ ᠰᠠᠷ᠎ᠠ ᠶᠢᠨ 22 ᠤᠨ ᠡᠳᠦᠷ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠬᠤᠷᠠᠯᠳᠤᠵᠤ᠂ ᠡᠨᠡ ᠵᠢᠯ ᠠᠴᠠ ᠨᠠᠰᠢᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠮᠡᠳᠡᠭᠳᠡᠵᠦ᠂ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ᠂ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠢᠨ ᠦ᠋ ᠬᠤᠷᠠᠯ ᠢ ᠡᠷᠭᠢᠯᠡᠪᠡ᠃ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᡁᠢ ᠬᠤᠷᠠᠯ ᠳᠤ ᠣᠷᠣᠯᠴᠠᠪᠠ᠃ ᠲᠣᠭᠤᠷᠢᠭ ᠤᠨ ᠤᠳᠤᠷᠢᠳᠤᠯᠭ᠎ᠠ ᠸᠠᠩ ᠰᠢᠤᠸᠠᠢ ᠹᠧᠩ᠂ ᠵᠠᠩ ᠫᠢᠩ᠂ ᠯᠢᠦ ᠴᠦᠨ ᠹᠠᠩ᠂ ᠸᠠᠩ ᠷᠦᠢ ᠰᠢᠶᠠᠩ᠂ ᠾᠧ ᠹᠸᠢ᠂ ᠯᠢ ᠰᠢᠤᠸᠠᠢ ᠹᠧᠩ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ᠂ ᠲᠣᠭᠤᠷᠢᠭ ᠤᠨ ᠰᠢᠭᠤᠳ ᠬᠠᠷᠢᠶ᠎ᠠ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠢᠶ᠎ᠠ ᠪᠠᠭᠰᠢ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃          4 ᠳ᠋ᠤᠭᠡᠷ ᠰᠠᠷ᠎ᠠ ᠶᠢᠨ 27 ᠤ ᠡᠳᠦᠷ᠂ ᠬᠢᠶ᠎ᠠ ᠪᠠᠭᠰᠢ ᠲᠣᠭᠤᠷᠢᠭ 2021 ᠣᠨ ᠤ ᠭᠤᠤᠯᠳᠠᠯᠭ᠎ᠠ ᠲᠠᠢ ᠲᠥᠷᠥᠯ  ᠵᠦᠢᠯ  ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃  ᠲᠤᠭᠤᠷᠢᠭ ᠤᠨ  ᠨᠠᠮ ᠤᠨ ᠬᠤᠷᠢᠶᠠᠨ ᠤ ᠱᠦᠵᠢ ᠯᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠲᠤᠭᠤᠷᠢᠭ ᠤᠨ  ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ ᠬᠤᠷᠠᠯ ᠡᠷᠭᠢᠯᠡᠪᠡ᠃ ᠬᠤᠷᠠᠯ ᠠᠴᠠ ᠬᠢᠶ᠎ᠠ ᠪᠠᠭᠰᠢ ᠲᠣᠭᠤᠷᠢᠭ ᠤᠨ 2021 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃        4 ᠳ᠋ᠤᠭᠡᠷ ᠰᠠᠷ᠎ᠠ ᠶᠢᠨ 28 ᠤ ᠦᠳᠡ ᠶᠢᠨ ᠬᠤᠶᠢᠨ᠎ᠠ᠂ ᠲᠣᠭᠤᠷᠢᠭ ᠤᠨ ᠨᠠᠮ ᠤᠨ   ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ ᠬᠢᠶ᠎ᠠ ᠪᠠᠭᠰᠢ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋  ᠲᠣᠭᠤᠷᠢᠭ ᠤᠨ ᠳᠠᠷᠤᠭ᠎ᠠ ᠸᠠᠩ ᠵᠢᠶᠤᠤ ᠣᠷᠣᠯᠴᠠᠪᠠ᠃ ᠸᠠᠩ ᠰᠢᠤᠸᠠᠢ ᠹᠧᠩ ᠤᠷᠢᠳ ᠬᠤᠵᠢᠳ ᠷᠦᠩ ᠳ᠋ᠡ ᠠᠭᠤᠳᠠᠮ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠡᠢ᠂ ᠮᠡᠳᠡᠭᠡ ᠵᠠᠩᠭᠢ ᠶᠢᠨ ᠶᠡᠭᠡ   ᠠᠰᠠᠷ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ᠂ ᠺᠠᠩ ᠾᠧ  ᠶᠢᠦ ᠫᠢᠨ  ᠬᠡᠲᠦ ᠳᠡᠯᠭᠡᠭᠦᠷ᠂  ᠤᠯᠠᠭᠠᠨᠮᠦ᠋ᠷᠡᠨ ᠨᠠᠭᠤᠷ ᠤᠨ ᠲᠣᠭᠤᠷᠢᠭ ᠤᠨ ᠰᠦᠯᠳᠡ ᠵᠤᠭ᠎ᠠ ᠴᠡᠩᠭᠡᠯ ᠤᠨ ᠬᠦᠷᠢᠶᠡᠯᠡᠩ ᠵᠡᠷᠭᠡ ᠭᠠᠵᠠᠷ ᠲᠤ ᠠᠮᠤᠷ ᠲᠦᠪᠰᠢᠨ ᠤ ᠲᠦᠷᠢᠮ ᠢ ᠪᠠᠶᠢᠭᠤᠯᠬᠤ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠭᠠᠯ ᠤᠨᠲᠠᠷᠠᠭᠠᠬᠤ   ᠳᠦᠬᠦᠬᠡᠷᠦᠮᠵᠢ  ᠶᠢ ᠳᠣᠭᠢᠷᠠᠭᠤᠯᠬᠤ ᠵᠡᠷᠭᠡ ᠠᠮᠤᠷ ᠲᠦᠪᠰᠢᠨ ᠤ  ᠦᠢᠯᠡᠳᠪᠦᠷᠢᠯᠡᠯ  ᠤᠨ ᠠᠵᠢᠯ ᠳᠤ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠪᠠ᠃          4 ᠳ᠋ᠤᠭᠡᠷ ᠰᠠᠷ᠎ᠠ ᠶᠢᠨ 30 ᠤ ᠡᠳᠦᠷ᠂ ᠬᠢᠶ᠎ᠠ ᠪᠠᠭᠰᠢ ᠲᠣᠭᠤᠷᠢᠭ 2021 ᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠬᠦ ᠲᠠᠶᠢᠴᠢᠯᠠᠯᠳᠠ ᠶᠢᠨ ᠶᠡᠭᠡ ᠬᠤᠷᠠᠯ ᠵᠢᠴᠢ ᠨᠠᠮ ᠤᠨ ᠲᠡᠦᠬᠡ ᠶᠢ  ᠰᠤᠷᠤᠯᠴᠠᠨ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ  ᠰᠢᠨ᠎ᠡ ᠴᠠᠭ ᠦᠶ᠎ᠡ  ᠶᠢ ᠡᠭᠦᠳᠬᠦ  ᠪᠣᠯᠪᠠᠰᠤᠨ ᠤ ᠦᠢᠯᠡᠳᠦᠯᠭᠡ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ᠂ ᠲᠤᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠤᠷᠢᠶᠠᠨ  ᠤ ᠡᠷᠬᠢᠯᠡᠭᠴᠢ ᠯᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ ᠬᠤᠷᠠᠯ ᠡᠷᠭᠢᠯᠡᠪᠡ᠃ ᠯᠢ ᠰᠢᠶᠤᠤ ᠴᠢᠩ᠂ ᠠᠯᠳ᠋ᠬᠠᠤᠷᠭᠢᠯ   ᠵᠡᠷᠭᠡ ᠲᠣᠭᠤᠷᠢᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ ᠲᠣᠭᠤᠷᠢᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ  ᠬᠤᠷᠢᠶᠠᠨ  ᠤ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠸᠠᠩ ᠰᠢᠤᠸᠠᠢ ᠹᠧᠩ ᠲᠠᠶᠢᠴᠢᠯᠠᠯᠳᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠬᠢᠬᠦ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠵᠡᠷᠭᠡ ᠭᠤᠷᠪᠠᠨ ᠲᠠᠯ᠎ᠠ ᠪᠠᠷ ᠴᠢᠬᠤᠯᠠᠴᠢᠯᠠᠭᠰᠠᠨ ᠪᠠᠶᠢᠨ᠎ᠠ᠃ ᠪᠦᠬᠦ ᠲᠤᠭᠤᠷᠢᠭ ᠢᠶᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠡᠨᠡ ᠤᠳᠠᠭᠠᠨ ᠤ ᠬᠤᠷᠠᠯ ᠤᠨ ᠪᠠᠶᠢᠷᠢᠯᠠᠭᠤᠯᠤᠯᠲᠠ ᠳᠡᠭᠡᠷ᠎ᠡ  ᠲᠦᠷᠭᠡᠨ ᠨᠢᠭᠡᠳᠬᠡᠵᠦ᠂  ᠪᠠᠳᠠᠷᠠᠩᠭᠤᠶ ᠲᠡᠮᠡᠴᠡᠯ ᠤᠨ ᠵᠣᠷᠢᠭ᠂ ᠣᠷᠭᠢᠯᠤᠮ᠎ᠠ ᠬᠠᠯᠠᠭᠤᠨ ᠰᠡᠳᠬᠢᠯᠭᠡ᠂ ᠰᠢᠨᠵᠢᠯᠡᠬᠦ ᠤᠬᠠᠭᠠᠨᠴᠢ ᠣᠪᠣᠷ ᠪᠣᠯᠤᠨ ᠪᠣᠳᠠᠲᠠᠶ ᠠᠵᠢᠯᠯᠠᠬᠤ ᠵᠣᠷᠢᠭ ᠰᠠᠨᠠᠭ᠎ᠠ ᠪᠠᠷ ᠳᠣᠯᠣᠳᠤᠭᠠᠷ ᠬᠤᠭᠤᠴᠠᠭᠠᠨ ᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ  ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠬᠠᠮᠲᠤ ᠨᠠᠩ ᠰᠠᠶᠢᠨ ᠬᠢᠷᠢ ᠪᠦᠲᠦᠮᠵᠢ ᠤᠯᠬᠤ ᠪᠠᠷ ᠴᠢᠷᠮᠠᠶᠢᠵᠤ᠂ ᠬᠢᠶ᠎ᠠ ᠪᠠᠭᠰᠢ ᠲᠣᠭᠤᠷᠢᠭ ᠢ ᠪᠥᠬᠦ ᠤᠯᠤᠰ ᠤᠨ ᠪᠣᠯᠪᠠᠰᠤᠨ ᠬᠤᠲᠠ ᠶᠢᠨ ᠨᠡᠶᠢᠲᠡᠯᠢᠭ ᠬᠡᠪ ᠳᠠᠭᠤᠷᠢᠶᠠᠯ ᠪᠣᠯᠭᠠᠬᠤ ᠪᠠᠷ ᠴᠢᠷᠮᠠᠶᠢᠵᠤ᠂ ᠵᠣᠬᠢᠶᠠᠨ ᠪᠠᠶᠢᠭᠤᠯᠤᠯᠲᠠ ᠪᠠ ᠣᠯᠠᠨ ᠲᠦᠮᠡᠨ ᠤ ᠢᠲᠡᠭᠡᠯ ᠪᠠ ᠬᠦᠰᠡᠯ ᠡᠷᠡᠮᠡᠯᠵᠡᠯ ᠢ ᠬᠥᠰᠡᠷᠳᠡᠭᠦᠯᠬᠦ ᠥᠬᠡᠶ ᠪᠠᠶᠢᠬᠤ ᠬᠡᠷᠡᠭᠲᠡᠶ ᠭᠡᠵᠦ ᠤᠷᠢᠶᠠᠯᠠᠵᠠᠢ᠃  
ᠢᠷᠡᠯᠲᠡ᠄ ᠲᠤᠰ ᠰᠦᠯᠵᠢᠶ᠎ᠡ