2021 ᠤᠨ ᠤ  ᠲᠠᠪᠤᠳᠤᠭᠠᠷ  ᠰᠠᠷ᠎ᠠ ᠶᠢᠨ ᠬᠢᠶ᠎ᠠ ᠪᠠᠭᠰᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠲᠡᠭᠯᠡᠯ
ᠨᠡᠶᠢᠲᠡᠯᠡᠭᠰᠡᠨ ᠴᠠᠭ᠄
2021/12/15
        5 ᠳ᠋ᠤᠭᠠᠷ ᠰᠠᠷ᠎ᠠ ᠶᠢᠨ 8 ᠤ ᠡᠳᠦᠷ᠂ ᠲᠤᠭᠤᠷᠢᠭ  ᠤᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠨᠡᠶᠢᠭᠡᠮ ᠵᠢᠷᠤᠮ ᠤᠨ ᠬᠤᠪᠢᠰᠬᠠᠯ ᠪᠠ ᠪᠥᠲᠥᠭᠡᠨ ᠪᠠᠶᠢᠭᠤᠯᠤᠯᠲᠠ ᠶᠢᠨ ᠴᠠᠭ ᠦᠶ᠎ᠡ ᠶᠢᠨ ᠲᠡᠤᠬᠡ ᠶᠢᠨ  ᠲᠤᠰᠬᠠᠢ ᠰᠡᠳᠦᠪᠲᠦ   ᠰᠣᠳᠣᠯᠤᠨ ᠶᠠᠷᠢᠯᠴᠠᠬᠤ ᠬᠤᠷᠠᠯ ᠬᠤᠷᠠᠯᠳᠤᠭᠤᠯᠪᠠ ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ ᠬᠤᠷᠠᠯ ᠢ ᠡᠷᠭᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ ᠹᠧᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠰᠢᠶᠤᠤ ᠴᠢᠩ ᠵᠡᠷᠭᠡ ᠲᠣᠭᠤᠷᠢᠭ ᠤᠨ ᠤᠳᠤᠷᠢᠳᠤᠯᠭ᠎ᠠ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ᠃ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠯᠢ ᠱᠧᠩ ᠴᠢᠩ᠂   ᠠᠷᠢᠭᠤᠨᠭᠤᠸ᠎ᠠ᠂ ᠡᡁᠧ ᠶᠦᠩ ᠳ᠋ᠦᠩ᠂ ᠬᠤᠤ ᠹᠧᠩ ᠯᠢᠨ ᠵᠡᠷᠭᠡ ᠲᠣᠭᠤᠷᠢᠭ ᠤᠨ ᠤᠳᠤᠷᠢᠳᠤᠯᠭ᠎ᠠ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠪᠤᠰᠤᠳ ᠲᠣᠭᠤᠷᠢᠭ ᠤᠨ ᠤᠳᠤᠷᠢᠳᠤᠯᠭ᠎ᠠ  ᠪᠢᠴᠢᠭ ᠤᠨ ᠶᠠᠷᠢᠶᠠᠨ ᠤ ᠨᠤᠤᠷᠠᠭ ᠢᠶᠠᠨ ᠲᠤᠰᠢᠶᠠᠪᠠ᠃ ᠰᠤᠳᠤᠯᠤᠨ ᠶᠠᠷᠢᠯᠴᠠᠬᠤ ᠬᠤᠷᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠪᠠᠰᠠ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠴᠠᠭ ᠦᠶ᠎ᠡ ᠶᠢᠨ ᠤᠨᠤᠯ ᠤᠨ ᠮᠡᠳᠡᠯᠭᠡ ᠶᠢᠨ ᠰᠢᠯᠭᠠᠯᠲᠠ ᠬᠢᠪᠡ᠃        5 ᠳ᠋ᠤᠭᠠᠷ ᠰᠠᠷ᠎ᠠ ᠶᠢᠨ 10 ᠤ ᠡᠳᠦᠷ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳ᠋ᠦᠩᠱᠧᠩ ᠲᠣᠭᠤᠷᠢᠭ᠂ ᠡᠵᠡᠨ ᠬᠤᠷᠤᠭ᠎ᠠ ᠬᠤᠰᠢᠭᠤᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠵᠣᠬᠢᠶᠠᠨ ᠪᠠᠶᠢᠭᠤᠯᠵᠤ ᠬᠢᠶ᠎ᠠ ᠪᠠᠭᠰᠢ ᠲᠣᠭᠤᠷᠢᠭ ᠲᠤ ᠢᠷᠡᠵᠦ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠲᠣᠭᠤᠷᠢᠨ ᠦᠵᠡᠪᠡ᠃     ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ᠂  ᠳᠡᠳ᠋ ᠲᠣᠭᠤᠷᠢᠭ ‍ᠤᠨ‌‍ᠲ᠋ᠠᠷᠤᠭ᠎ᠠ ᠸᠠᠩ ᠷᠦᠢ ᠰᠢᠶᠠᠩ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠴᠡᠴᠡᠷᠯᠢᠭᠵᠢᠭᠦᠯᠦᠨ ᠨᠤᠭᠤᠭᠠᠷᠠᠭᠤᠯᠬᠤ ᠠᠵᠢᠯ ᠦᠢᠯᠡᠰ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠶᠡᠭᠡ ᠤᠪᠤᠭ᠎ᠠ᠂ ᠴᠡᠴᠡᠷᠯᠢᠭ ᠤᠨ ᠴᠢᠬᠢ ᠮᠣᠳᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠶᠡᠭᠡ ᠵᠤᠤ ᠵᠡᠭᠡᠯᠢ᠂  ᠤᠯᠠᠭᠠᠨᠮᠦ᠋ᠷᠡᠨ ᠵᠡᠭᠡᠯᠢ᠂ ᠳ᠋ᠦᠩ ᠹᠠᠩ ᠨᠢᠦ ᠯᠠᠨ ᠳ᠋ᠢ  ᠰᠠᠭᠤᠭᠠᠯᠢ ᠲᠣᠭᠤᠷᠢᠭ ᠵᠡᠷᠭᠡ ᠭᠠᠵᠠᠷ ᠢᠶᠠᠷ ᠬᠦᠷᠴᠦ᠂ ᠬᠤᠳᠠ ᠶᠢᠨ ᠪᠦᠳᠦᠭᠡᠨ ᠪᠠᠶᠢᠭᠤᠯᠤᠯᠲᠠ᠂  ᠴᠡᠴᠡᠷᠯᠢᠭᠵᠢᠭᠦᠯᠦᠨ ᠨᠣᠭᠤᠭᠠᠷᠠᠭᠤᠯᠤᠯᠲᠠ ᠶᠢᠨ ᠳᠡᠭᠡᠭᠰᠢᠯᠡᠯᠲᠡ᠂ ᠠᠮᠢ ᠠᠬᠤᠢ ᠶᠢᠨ ᠤᠰᠤᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠪᠣᠯᠤᠨ ᠤᠶᠤᠨᠲᠤ ᠬᠤᠭ ᠨᠣᠪᠰᠢ ᠶᠢ ᠲᠦᠷᠦᠯ ᠬᠤᠪᠢᠶᠠᠬᠤ ᠵᠡᠷᠭᠡ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠪᠠ᠃ ᠬᠦᠷᠦᠭᠰᠡᠨ ᠭᠠᠵᠠᠷ ᠪᠣᠯᠭᠠᠨ ᠳᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠨᠡᠷ ᠴᠥᠮ ᠬᠤᠯᠪᠣᠭᠳᠠᠯ ᠪᠦᠬᠦᠢ ᠠᠵᠢᠯᠲᠠᠳ ᠠᠴᠠ ᠨᠠᠷᠢᠨ ᠨᠢᠮᠪᠠᠶ ᠠᠰᠠᠭᠤᠨ ᠯᠠᠪᠯᠠᠵᠤ᠂ ᠰᠠᠨᠠᠯ ᠢᠶᠠᠨ ᠨᠠᠷᠢᠨ ᠨᠢᠮᠪᠠᠶ  ᠰᠤᠯᠢᠯᠴᠠᠵᠠᠢ ᠃        5 ᠳ᠋ᠤᠭᠠᠷ ᠰᠠᠷ᠎ᠠ ᠶᠢᠨ 14 ᠤ ᠡᠳᠦᠷ᠂  ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠢ ᠠᠬᠢᠭᠤᠯᠬᠤ ᠲᠣᠬᠢᠷᠠᠭᠤᠯᠤᠯᠲᠠ ᠶᠢᠨ  ᠬᠤᠷᠠᠯ ᠬᠤᠷᠠᠯᠳᠤᠭᠤᠯᠪᠠ ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠳᠠ ᠶᠢᠨ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠶᠠᠩ ᠼᠦᠩ ᠹᠦ᠋ ᠵᠢᠴᠢ ᠬᠤᠳᠠ ᠶᠢᠨ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠪᠦᠷᠢᠯᠳᠦᠬᠦᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠰᠢᠶᠤᠤ ᠴᠢᠩ ᠵᠡᠷᠭᠡ  ᠲᠤᠭᠤᠷᠢᠭ ᠤᠨ ᠳᠦᠷᠪᠡᠨ ᠶᠡᠭᠡ ᠤᠳᠤᠷᠢᠳᠬᠤ  ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠵᠢᠴᠢ  ᠲᠤᠭᠤᠷᠢᠭ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠢ᠃ ᠸᠠᠩ ᠰᠢᠤᠸᠠᠢ  ᠹᠧᠩ ᠶᠠᠷᠢᠶᠠᠨ ᠳᠠᠭᠠᠨ ᠂ ᠪᠦᠬᠦ  ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠡᠯ᠎ᠡ  ᠵᠦᠢᠯ ᠤᠨ ᠠᠵᠢᠯ ᠢᠶᠠᠨ ᠥᠷᠨᠢᠭᠦᠯᠵᠦ᠂ ︽ᠪᠣᠳᠠᠲᠠᠶ ᠠᠵᠢᠯ ᠬᠢᠬᠦ︾ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢᠨ ᠲᠠᠲᠠᠬᠤ ᠬᠦᠴᠦᠨ ᠢ ᠲᠠᠰᠤᠷᠠᠯᠲᠠ ᠥᠬᠡᠶ ᠨᠡᠮᠡᠭᠳᠡᠭᠦᠯᠦᠨ᠂ ᠪᠥᠬᠦ  ᠲᠤᠭᠤᠷᠢᠭ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠢᠯᠡᠳᠲᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠡᠷᠡᠭᠲᠡᠶ ᠬᠡᠵᠦ ᠵᠢᠭᠠᠵᠤ ᠭᠠᠷᠭᠠᠪᠠ ᠃        5 ᠳ᠋ᠤᠭᠠᠷ ᠰᠠᠷ᠎ᠠ ᠶᠢᠨ 14 ᠤ ᠡᠳᠦᠷ᠂ ᠬᠢᠶ᠎ᠠ ᠪᠠᠭᠰᠢ ᠲᠣᠭᠤᠷᠢᠭ ᠤᠨ ᠬᠢᠨ ᠲᠦᠷᠦᠯ ᠵᠦᠢᠯ ᠢ ᠠᠳᠬᠤᠵᠤ ᠪᠡᠯᠡ ᠣᠷᠣᠭᠤᠯᠤᠯᠲᠠ ᠶᠢ ᠠᠬᠢᠭᠤᠯᠵᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠢᠴᠢ ᠪᠦᠬᠦ  ᠠᠵᠢᠯᠲᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠶᠢᠴᠢᠯᠠᠯᠳᠠ ᠶᠢᠨ ᠶᠡᠭᠡ ᠬᠤᠷᠠᠯ ᠬᠤᠷᠠᠯᠳᠤᠪᠠ ᠃  ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ ᠬᠤᠷᠠᠯ ᠡᠷᠭᠢᠯᠡᠪᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠰᠢᠶᠤᠤ ᠴᠢᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠳ᠋ᠬᠠᠤᠷᠬᠢᠯ ᠵᠡᠷᠭᠡ ᠲᠣᠭᠤᠷᠢᠭ   ᠤᠨ   ᠲᠦᠷᠪᠡᠨ ᠶᠡᠭᠡ ᠤᠳᠤᠷᠢᠳᠬᠤ ᠪᠠᠭ  ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠲᠣᠭᠤᠷᠢᠭ ᠤᠨ ᠳᠠᠷᠤᠭ᠎ᠠ ᠸᠠᠩ ᠵᠢᠶᠤᠤ ᠬᠢᠶ᠎ᠠ ᠪᠠᠭᠰᠢ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠤ ᠶᠡᠷᠦᠩᠬᠡᠶ ᠪᠠᠶᠢᠳᠠᠯ ᠢ ᠮᠡᠳᠡᠭᠳᠡᠪᠡ᠃ ᠬᠡᠰᠡᠭ ᠠᠵᠤ ᠠᠬᠤᠶᠢᠯᠠᠯ ᠪᠣᠯᠤᠨ  ᠲᠤᠭᠤᠷᠢᠭ  ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠲᠥᠯᠥᠭᠡᠯᠡᠭᠴᠢ ᠶᠠᠷᠢᠶ᠎ᠠ ᠲᠠᠯᠪᠢᠪᠠ᠃        5  ᠳ᠋ᠤᠭᠠᠷ ᠰᠠᠷ᠎ᠠ ᠶᠢᠨ 14 ᠤ ᠡᠳᠦᠷ᠂ ᠬᠢᠶ᠎ᠠ ᠪᠠᠭᠰᠢ ᠲᠣᠭᠤᠷᠢᠭ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ  ᠤᠨ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢ ᠳ᠋ᠦᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠰᠢᠶᠤᠤ ᠴᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ  ᠠᠯᠳ᠋ᠬᠠᠤᠷᠭᠢᠯ ᠵᠡᠷᠭᠡ ᠲᠣᠭᠤᠷᠢᠭ   ᠤᠨ   ᠲᠦᠷᠪᠡᠨ ᠶᠡᠭᠡ ᠤᠳᠤᠷᠢᠳᠬᠤ ᠪᠠᠭ ᠤᠨ  ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠭᠡᠷ᠎ᠡ ᠳᠤ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠠᠢ᠃ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠲᠣᠭᠤᠷᠢᠭ ᠤᠨ ᠨᠠᠮ ᠤᠨ  ᠬᠤᠷᠢᠶ᠎ᠠ  ᠶᠢᠨ ᠪᠠᠶᠢᠩᠭᠤ ᠶᠢᠨ ᠭᠡᠰᠢᠭᠦᠨ᠂  ᠳᠡᠳ᠋ ᠲᠣᠭᠤᠷᠢᠭ ᠤᠨ ᠳᠠᠷᠤᠭ᠎ᠠ ᠸᠠᠩ ᠵᠢᠶᠤᠤ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠳᠤᠮᠳᠠᠳᠤ ᠤᠯᠤᠰ ᠤᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠬᠤ ᠰᠤᠳᠤᠯᠭᠠᠨ ᠤ ᠬᠦᠷᠢᠶᠡᠯᠡᠩ᠂ ᠱᠠᠩᠬᠠᠢ ᠶᠢᠨ ᠸᠧᠢ ᠯᠠᠢ ᠮᠠᠰᠢᠨ ᠲᠡᠷᠭᠡ ᠪᠣᠷᠣᠯᠠᠭᠤᠯᠬᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠱᠤᠸᠠᠩ ᠰᠢᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠲᠠᠢ ᠲᠤᠰ ᠲᠤᠰ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ  ᠬᠤᠷᠰᠢᠭᠰᠠᠨ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃        5 ᠳ᠋ᠤᠭᠠᠷ ᠰᠠᠷ᠎ᠠ ᠶᠢᠨ 21 ᠤ ᠡᠳᠦᠷ᠂  ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠴᠠᠭ ᠦᠶ᠎ᠡ ᠶᠢᠨ ᠲᠡᠤᠬᠡ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ ᠬᠤᠷᠠᠯ ᠡᠷᠭᠢᠯᠡᠪᠡ᠃ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠠᠯᠳ᠋ᠬᠠᠤᠷᠭᠢᠯ  ᠵᠡᠷᠭᠡ ᠲᠣᠭᠤᠷᠢᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠸᠠᠩ ᠰᠢᠤᠸᠠᠢ ᠹᠧᠩ᠂  ᠠᠯᠳ᠋ᠬᠠᠤᠷᠭᠢᠯ᠂ ᠸᠠᠩ ᠷᠦᠢ ᠰᠢᠶᠠᠩ ᠵᠡᠷᠭᠡ ᠲᠣᠭᠤᠷᠢᠭ ᠤᠨ ᠤᠳᠤᠷᠢᠳᠤᠯᠭ᠎ᠠ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠪᠤᠰᠤᠳ ᠲᠣᠭᠤᠷᠢᠭ ᠤᠨ ᠤᠳᠤᠷᠢᠳᠤᠯᠭ᠎ᠠ ᠪᠢᠴᠢᠭ  ᠤᠨ ᠶᠠᠷᠢᠶᠠᠨ ᠤ ᠨᠤᠤᠷᠠᠭ ᠢᠶᠠᠨ ᠳᠤᠰᠢᠶᠠᠪᠠ᠃ ᠰᠤᠳᠤᠯᠤᠨ ᠶᠠᠷᠢᠯᠴᠠᠬᠤ ᠬᠤᠷᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠪᠠᠰᠠ ᠥᠭᠡᠷᠡᠴᠢᠯᠡᠯᠲᠡ ᠨᠡᠭᠡᠭᠡᠯᠳᠡ ᠶᠢᠨ ᠰᠢᠨ᠎ᠡ ᠴᠠᠭ ᠦᠶ᠎ᠡ ᠶᠢᠨ ᠲᠡᠦᠬᠡ ᠶᠢᠨ ᠤᠨᠤᠯ ᠤᠨ ᠮᠡᠳᠡᠯᠭᠡ ᠶᠢᠨ ᠰᠢᠯᠭᠠᠯᠲᠠ ᠬᠢᠪᠡ᠃        5 ᠳ᠋ᠤᠭᠠᠷ ᠰᠠᠷ᠎ᠠ ᠶᠢᠨ 21 ᠤ ᠡᠳᠦᠷ᠂  ᠲᠤᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2021 ᠣᠨ ᠤ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠴᠠᠭ ᠦᠶ᠎ᠡ ᠶᠢᠨ ᠲᠡᠤᠬᠡ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠢᠪᠠ᠃ ᠸᠠᠩ ᠰᠢᠤᠸᠠᠢ ᠹᠧᠩ᠂ ᠠᠯᠳ᠋ᠬᠠᠤᠷᠭᠢᠯ ᠵᠡᠷᠭᠡ ᠲᠣᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ᠂ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃        5 ᠳ᠋ᠤᠭᠠᠷ ᠰᠠᠷ᠎ᠠ ᠶᠢᠨ 31 ᠤ ᠡᠳᠦᠷ᠂ ᠬᠢᠶ᠎ᠠ ᠪᠠᠭᠰᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠰᠢᠤᠸᠠᠢ  ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃  ᠲᠤᠭᠤᠷᠢᠭ ‍ᠤᠨ‌ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠢᠶᠠᠨ ᠱᠧᠩ ᠬᠤᠸᠠ᠂ ᠲᠤᠭᠤᠷᠢᠭ ‍ᠤᠨ‌ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠺᠠᠩ ᠫᠢᠩ᠂  ᠲᠤᠭᠤᠷᠢᠭ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠳ᠋ᠠᠨ  ᠫᠧᠩ  ᠹᠸᠢ ᠬᠤᠷᠠᠯ ᠳᠤ ᠣᠷᠣᠯᠴᠠᠪᠠ᠃
ᠢᠷᠡᠯᠲᠡ᠄ ᠲᠤᠰ ᠰᠦᠯᠵᠢᠶ᠎ᠡ